ᠣᠶᠢᠷ᠎ᠠ ᠳᠤ᠂ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠬᠠᠷᠢᠶᠠᠲᠤ ᠣᠷᠣᠨ ᠤ ᠪᠠᠨ ᠳᠤᠮᠳᠠᠳᠤ ᠪᠠᠭ᠎ᠠ | ᠰᠤᠷᠭᠠᠭᠤᠯᠢ ᠶᠢᠨ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ ᠲᠤ ᠲᠤᠰᠬᠠᠶ | ᠪᠠᠶᠢᠴᠠᠭᠠᠯᠲᠠ ᠬᠢᠵᠦ ᠴᠡᠭᠴᠡᠯᠡᠨ ᠵᠠᠰᠠᠬᠤ ᠠᠵᠢᠯ ᠥᠷᠨᠢᠭᠦᠯᠵᠦ᠂ ︽ᠨᠠᠬᠢᠶ᠎ᠠ ᠶᠢ ᠬᠠᠮᠠᠭᠠᠯᠠᠬᠤ︾ ᠲᠤᠰᠬᠠᠶ | ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠵᠠᠯᠠᠭᠤᠴᠤᠳ ᠪᠠᠭᠠᠴᠤᠳ ᠬᠡᠤᠬᠡᠳ ᠤᠨ ᠦᠰᠦᠨ | ᠪᠤᠶᠢᠵᠢᠯᠲᠠ ᠳᠤ ᠦᠨᠡᠨ ᠬᠦ ᠡᠷᠡᠭᠦᠯ ᠰᠠᠶᠢᠨ ᠰᠣᠶᠣᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ | ᠪᠠᠶᠢᠨ᠎ᠠ᠃ | ᠠᠵᠢᠯᠲᠠᠳ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠨᠣᠮ ᠤᠨ ᠳᠡᠯᠭᠡᠭᠦᠷ᠂ ᠪᠢᠴᠢᠭ ᠤᠨ | ᠬᠡᠷᠡᠭᠰᠡᠯ ᠤᠨ ᠳᠡᠯᠭᠡᠭᠦᠷ ᠵᠡᠷᠭᠡ ᠡᠵᠡᠩᠨᠡᠯᠲᠡ ᠶᠢᠨ ᠭᠠᠵᠠᠷ ᠢ ᠪᠠᠶᠢᠴᠠᠭᠠᠨ ᠦᠵᠡᠵᠦ᠂ ᠳᠡᠯᠭᠡᠭᠦᠷ ᠲᠤ ᠨᠠᠰᠤᠨ ᠳᠤ | ᠥᠯᠥ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠷᠰᠢᠯᠠᠬᠤ ᠬᠡᠪᠯᠡᠭᠳᠡᠬᠦᠨ ᠪᠠᠶᠢᠬᠤ ᠡᠰᠡᠬᠦ᠂ | ᠬᠡᠪᠯᠡᠭᠳᠡᠬᠦᠨ ᠢ ᠵᠢᠩᠬᠢᠨᠢ ᠬᠡᠪᠯᠡᠯ ᠢᠶᠠᠷ ᠬᠤᠳᠠᠯᠳᠤᠵᠤ ᠪᠠᠶᠢᠬᠤ ᠡᠰᠡᠬᠦ᠂ ᠵᠢᠩᠬᠢᠨᠢ ᠠᠷᠭ᠎ᠠ ᠵᠠᠮ ᠢᠶᠠᠷ ᠪᠠᠷᠠᠭ᠎ᠠ | ᠣᠷᠣᠭᠤᠯᠵᠤ ᠪᠠᠶᠢᠬᠤ ᠡᠰᠡᠬᠦ ᠵᠡᠷᠭᠡ ᠶᠢ ᠨᠠᠷᠢᠨ ᠪᠠᠶᠢᠴᠠᠭᠠᠵᠤ᠂ ᠬᠠᠷᠢᠶ᠎ᠠ ᠣᠷᠣᠨ ᠤ ᠪᠠᠨ ᠰᠣᠶᠣᠯ ᠤᠨ ᠵᠠᠬ᠎ᠠ | ᠳᠡᠯᠭᠡᠭᠦᠷ ᠢ ᠪᠦᠲᠦᠮᠵᠢᠲᠡᠶ ᠪᠠᠷ ᠬᠢᠨᠠᠨ ᠬᠠᠮᠢᠶᠠᠷᠴᠤ ᠪᠠᠶᠢᠨ᠎ᠠ᠃ | ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠳᠠᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ | ᠪᠠᠭᠠᠴᠤᠳ ᠬᠡᠦᠬᠡᠳ ᠵᠢᠴᠢ ᠲᠡᠳᠡᠨ ᠤ ᠭᠡᠷ ᠤᠨ ᠠᠬᠠᠮᠠᠳ ᠲᠤ ︽ᠨᠠᠬᠢᠶ᠎ᠠ ᠶᠢ ᠬᠠᠮᠠᠭᠠᠯᠠᠬᠤ ᠠᠵᠢᠯᠯᠠᠭ᠎ᠠ︾ ᠶᠢᠨ | ᠠᠭᠤᠯᠭ᠎ᠠ ᠪᠠ ᠠᠴᠢ ᠬᠤᠯᠪᠣᠭᠳᠠᠯ ᠢ ᠲᠠᠨᠢᠯᠴᠠᠭᠤᠯᠵᠤ᠂ ᠲᠡᠳᠡᠨ ᠤ ᠤᠬᠠᠮᠰᠠᠷ ᠠᠴᠠ ᠪᠠᠨ ᠬᠠᠤᠯᠢ ᠪᠤᠰᠤ ᠬᠤᠣᠷ | ᠬᠥᠨᠥᠭᠡᠯ ᠲᠠᠢ ᠬᠡᠪᠯᠡᠭᠳᠡᠬᠦᠨ ᠢ ᠬᠤᠷᠢᠭᠯᠠᠵᠤ᠂ ᠰᠣᠶᠣᠯ ᠤᠨ ᠬᠤᠭ ᠨᠣᠪᠰᠢ ᠠᠴᠠ ᠵᠠᠶᠢᠳᠠᠵᠤ᠂ ᠠᠮᠤᠷ ᠲᠦᠪᠰᠢᠨ᠂ | ᠡᠷᠡᠭᠦᠯ ᠴᠢᠭᠢᠷᠠᠭ᠂ ᠪᠣᠯᠪᠠᠰᠤᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ ᠶᠢ | ᠬᠦᠳᠦᠯᠦᠨ ᠵᠢᠯᠣᠭᠤᠳᠪᠠ᠃ |