ᠰᠦᠩᠱᠠᠨ ᠲᠣᠭᠤᠷᠢᠭ ᠲᠤᠤᠷᠴᠢᠯᠠᠬᠰᠠᠨ ᠬᠠᠮᠢᠶᠠᠷᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ  ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2022/6/24
     ᠤᠢᠢᠷ᠎ᠠ ᠶᠢᠨ ᠵᠢᠯ ᠠᠴᠠ᠂ ᠰᠦᠩᠱᠠᠨ ᠲᠣᠭᠤᠷᠢᠭ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ︽ᠲᠣᠣᠷᠵᠢᠯ︾ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠲᠤᠰᠬᠠᠶᠢᠵᠢᠭᠤᠯᠬᠤ᠂ ᠨᠠᠷᠢᠯᠢᠬᠵᠢᠭᠤᠯᠬᠤ ᠳᠡᠭᠡᠷ᠎ᠡ ᠲᠠᠰᠤᠷᠠᠯᠳᠡ ᠦᠭᠡᠢ ᠬᠦᠴᠦ ᠲᠠᠯᠪᠢᠵᠤ᠂ ︽ᠰᠦᠩᠱᠠᠨ ᠰᠢᠶᠣᠣ ᡁᠢ︾ ᠤᠶᠤᠨᠲᠤ ᠲᠠᠪᠴᠠᠩ ᠢ ᠠᠰᠢᠭᠯᠠᠵᠤ᠂ ᠰᠠᠭᠤᠭᠠᠯᠢ ᠠᠷᠠᠳ ᠲᠤ ᠤᠨᠢᠨ ᠳᠡᠭᠡᠷ᠎ᠡ ᠨᠢ ᠪᠦᠲᠦᠮᠵᠢᠲᠡᠢ ᠦᠢᠯᠡᠴᠢᠯᠡᠭᠡ ᠬᠠᠩᠭᠠᠵᠤ᠂ ᠪᠠᠶᠠᠨ ᠬᠦᠴᠦᠷᠬᠡᠭ᠂ ᠪᠣᠯᠪᠠᠰᠤᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠶᠢᠬᠠᠨ ᠰᠢᠨ᠎ᠡ ᠰᠦᠩᠱᠠᠨ ᠢ ᠪᠦᠳᠦᠬᠡᠨ ᠪᠠᠶᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠵᠠᠰᠠᠯᠲᠠ ᠶᠢᠨ ᠣᠷᠴᠢᠨ ᠲᠣᠭᠤᠷᠢᠨ ᠢ ᠡᠭᠦᠳᠴᠦ ᠦᠭᠪᠡ᠃      ᠬᠥᠮᠦᠨ ᠠᠮᠠ ᠶᠢᠨ ᠬᠡᠪᠴᠢᠶ᠎ᠡ ᠨᠢ ᠲᠣᠬᠢᠷᠠᠮᠵᠢᠲᠠᠶ᠂ ᠦᠢᠯᠡᠴᠢᠯᠡᠭᠡ ᠬᠠᠮᠢᠶᠠᠷᠤᠯᠲᠠ ᠨᠢ ᠲᠥᠬᠦᠮ᠂ ᠡᠬᠢ ᠪᠠᠶᠠᠯᠢᠭ ᠤᠨ ᠲᠣᠬᠢᠷᠠᠭᠤᠯᠤᠯᠲᠠ ᠨᠢ ᠪᠦᠲᠦᠮᠵᠢᠲᠡᠶ᠂ ᠴᠢᠳᠠᠮᠵᠢ ᠨᠢ ᠬᠠᠷᠢᠴᠠᠩᠭᠤᠶ ᠪᠦᠷᠢᠨ ᠪᠠᠶᠢᠬᠤ ᠵᠠᠷᠴᠢᠮ ᠶᠣᠰᠣᠭᠠᠷ᠂ ᠰᠦᠩᠱᠠᠨ ᠲᠣᠭᠤᠷᠢᠭ ᠨᠢ ᠨᠡᠶᠢᠭᠡᠮ ᠲᠣᠭᠤᠷᠢᠭ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠪᠣᠷᠣ ᠲᠥᠯᠥᠪ ᠤᠨ ᠳᠣᠲᠣᠷ᠎ᠠ᠂ ᠰᠠᠭᠤᠭᠠᠯᠢ ᠠᠷᠠᠳ ᠤᠨ ᠲᠣᠭᠤᠷᠢᠭ᠂ ᠠᠰᠠᠷ ᠵᠡᠷᠭᠡ ᠪᠠᠷ ᠦᠨᠳᠦᠰᠦᠨ ᠨᠢᠭᠡᠴᠢ ᠪᠣᠯᠭᠠᠵᠤ᠂ ᠨᠡᠶᠢᠭᠡᠮ ᠲᠣᠭᠤᠷᠢᠭ ᠤᠨ ᠪᠣᠳᠠᠲᠠᠶ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠲᠣᠤᠷᠵᠢᠭᠤᠯᠵᠤ᠂ ᠬᠤᠭᠤᠰᠣᠨ ᠭᠠᠵᠠᠷ ᠦᠯᠡᠳᠡᠭᠡᠬᠦ ᠥᠬᠡᠶ᠂ ᠪᠠᠯᠠᠶ ᠭᠠᠵᠠᠷ ᠦᠯᠡᠳᠡᠭᠡᠬᠦ ᠥᠬᠡᠶ ᠪᠠᠶᠢᠬᠤ ᠶᠢ  ᠪᠠᠷᠢᠮᠲᠠᠯᠠᠪᠠ᠃ ᠣᠷᠣᠨ ᠪᠦᠰᠡ ᠶᠢᠨ ᠳᠣᠲᠣᠷᠠᠬᠢ ᠪᠣᠶ ᠪᠥᠬᠦᠶ ᠭᠤᠤᠯ ᠳᠡᠳ᠋ ᠵᠡᠭᠡᠯᠢ ᠭᠤᠳᠤᠮᠵᠢ ᠂ ᠣᠯᠠᠨ ᠨᠡᠶᠢᠲᠡ ᠶᠢᠨ ᠲᠠᠯᠠᠪᠤᠷ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠂ ᠬᠤᠳᠠᠯᠳᠤᠭᠠᠨ ᠤ ᠶᠠᠪᠤᠳᠠᠯ ᠤᠨ ᠠᠰᠠᠷ ᠪᠠᠶᠢᠰᠢᠩ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠶᠢ ᠴᠥᠮ ᠲᠣᠤᠷᠵᠢᠯ ᠳᠤ ᠣᠷᠣᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠶ ᠬᠠᠷᠢᠶᠠᠯᠠᠭᠳᠠᠬᠤ ᠲᠣᠤᠷᠵᠢᠯ ᠢ ᠬᠤᠪᠢᠶᠠᠷᠢᠯᠠᠵᠤ᠂ ᠬᠠᠮᠢᠶᠠᠷᠤᠯᠲᠠ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠦᠨᠡᠨᠬᠦ ᠪᠠᠲᠤᠯᠠᠪᠠ᠃      ᠣᠳᠣᠬᠠᠨ ᠳᠤ 7 ᠵᠡᠭᠡᠯᠢ ᠭᠤᠳᠤᠮᠵᠢ ᠂ 1 ᠵᠡᠭᠡᠯᠢ ᠭᠤᠳᠤᠮᠵᠢ ᠶᠢᠨ ᠪᠡᠯᠡᠳᠬᠡᠯ ᠤᠨ ᠭᠠᠵᠠᠷ ᠵᠢᠴᠢ ᠮᠦ ᠵᠢᠶᠠ ᠶᠢᠩᠽᠢ ᠪᠠᠯᠭᠠᠰᠤᠨ ᠤ ᠬᠤᠳᠠ ᠶᠢᠨ ᠳᠤᠮᠳᠠᠬᠢ ᠲᠣᠰᠬᠤᠨ ᠳᠤ ᠨᠡᠶᠢᠳᠡ 594 ᠲᠤᠤᠷᠵᠢᠯ ᠤᠨ ᠲᠠᠰᠤᠯᠪᠤᠷᠢ ᠲᠠᠢ᠂ 563 ᠲᠤᠤᠷᠵᠢᠯ ᠤᠨ ᠲᠠᠰᠤᠯᠪᠤᠷᠢ ᠶᠢᠨ ᠠᠵᠢᠯᠳᠠᠨ ᠪᠤᠢ᠃ ᠲᠤᠤᠷᠵᠢᠯ ᠤᠨ ᠠᠵᠢᠯᠲᠠᠨ ᠭᠤᠤᠯᠳᠠᠭᠤ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠢ ᠬᠠᠮᠵᠢᠨ ᠮᠡᠳᠡᠭᠡ ᠵᠠᠩᠭᠢ ᠶᠢ ᠰᠤᠷᠪᠤᠯᠵᠢᠯᠠᠨ ᠮᠡᠳᠡᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠡᠭᠦᠨ ᠤ ᠰᠠᠭᠤᠷᠢᠨ ᠳᠡᠭᠡᠷ᠎ᠡ ᠨᠡᠶᠢᠭᠡᠮ ᠲᠣᠭᠤᠷᠢᠭ ᠤᠨ ᠡᠭᠦᠷᠭᠡᠯᠡᠬᠦ ᠴᠢᠬᠤᠯᠠᠲᠠᠶ ᠪᠤᠰᠤᠳ ᠦᠨᠳᠦᠰᠦᠨ ᠱᠠᠲᠤᠨ ᠤ ᠵᠠᠰᠠᠯᠲᠠ ᠶᠢᠨ  ᠦᠢᠯᠡᠴᠢᠯᠡᠭᠡᠨ ᠤ ᠠᠵᠢᠯ ᠳᠤ ᠢᠳᠡᠪᠬᠢᠲᠡᠶ ᠣᠷᠣᠯᠴᠠᠨ᠎ᠠ᠃      ᠨᠡᠶᠢᠭᠡᠮ ᠲᠣᠭᠤᠷᠢᠭ ᠤᠨ ᠲᠤᠤᠷᠴᠢᠯᠠᠭᠰᠠᠨ ᠵᠠᠰᠠᠯᠲᠠ ᠶᠢ ᠴᠢᠩᠭᠠᠳᠬᠠᠬᠤ ᠶᠢᠨ ᠲᠥᠯᠥᠭᠡ᠂ ᠰᠦᠩᠱᠠᠨ ᠲᠣᠭᠤᠷᠢᠭ ᠪᠠᠰᠠ ︽ᠰᠦᠩᠱᠠᠨ ᠰᠢᠶᠣᠣ ᡁᠢ︾ ᠤᠶᠤᠨᠲᠤ ᠲᠠᠪᠴᠠᠩ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠬᠥᠭᠵᠢᠭᠡᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡ ᠶᠢ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠨᠠᠷᠢᠯᠢᠬᠵᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号