ᠬᠠᠷᠢᠶᠠᠲᠤ ᠣᠷᠣᠨ ᠤ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ | ᠲᠦᠯᠦᠭᠡ᠂ 2022 ᠣᠨ ᠤ 1 ᠰᠠᠷ᠎ᠠ ᠠᠴᠠ ᠡᠬᠢᠯᠡᠨ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ᠲᠤᠰᠬᠠᠢ ᠬᠥᠮᠦᠨ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ | ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠤ ᠬᠦᠷᠢᠶᠡᠨ ᠤ ᠡᠯ᠎ᠡ ᠲᠦᠷᠦᠯ ᠤᠨ ᠢᠳᠡᠭᠡᠨ ᠳᠤ | ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠪᠡ᠃ ᠡᠭᠦᠨ ᠳᠤ 5 ᠰᠠᠷ᠎ᠠ ᠳᠤ ᠨᠢᠭᠡᠨᠲᠡ ᠪᠠᠶᠢᠴᠠᠭᠠᠨ | ᠰᠢᠯᠭᠠᠭᠰᠠᠨ ᠢᠳᠡᠭᠡᠨ ᠤ ᠳᠣᠲᠣᠷ᠎ᠠ᠂ ᠬᠢᠷᠢ ᠲᠡᠩᠴᠡᠭᠦ ᠥᠬᠡᠶ ᠪᠦᠲᠦᠭᠡᠭᠳᠡᠬᠦᠨ 10 ᠪᠦᠯᠦᠭ ᠤᠳᠠᠭ᠎ᠠ ᠪᠠᠶᠢᠵᠤ᠂ | ᠬᠢᠷᠢ ᠲᠡᠩᠴᠡᠭᠦ ᠥᠬᠡᠶ ᠪᠦᠲᠦᠭᠡᠭᠳᠡᠬᠦᠨ ᠳᠤ ᠢᠳᠡᠭᠡᠨ ᠤᠮᠳᠠᠭᠠᠨ ᠤ ᠭᠤᠭᠴᠤᠭ᠎ᠠ — ᠢᠳᠡᠭᠡᠨ ᠤᠮᠳᠠᠭᠠᠨ ᠤ | ᠬᠡᠷᠡᠭᠰᠡᠯ — 8 ᠪᠦᠯᠦᠭ ᠤᠳᠠᠭ᠎ᠠ᠂ ᠭᠦᠢᠯᠭᠡᠭᠡᠨ ᠤ ᠭᠤᠭᠴᠤᠭ᠎ᠠ — ᠢᠳᠡᠰᠢᠨ ᠤ ᠲᠠᠷᠢᠶᠠᠯᠠᠩ ᠤᠨ | ᠪᠦᠲᠦᠭᠡᠭᠳᠡᠬᠦᠨ — ᠢᠳᠡᠰᠢᠨ ᠨᠣᠭᠤᠭ᠎ᠠ — ᠴᠤᠭᠤᠷ ᠨᠣᠭᠤᠭ᠎ᠠ 1 ᠪᠦᠯᠦᠭ ᠤᠳᠠᠭ᠎ᠠ᠂ ᠢᠳᠡᠰᠢᠨ ᠤ | ᠲᠠᠷᠢᠶᠠᠯᠠᠩ ᠤᠨ ᠪᠦᠲᠦᠭᠡᠭᠳᠡᠬᠦᠨ — ᠢᠳᠡᠰᠢᠨ ᠨᠣᠭᠤᠭ᠎ᠠ — ᠭᠠ 1 ᠪᠦᠯᠦᠭ ᠤᠳᠠᠭ᠎ᠠ ᠪᠠᠭᠲᠠᠨ᠎ᠠ᠃ ᠬᠢᠷᠢ | ᠲᠡᠩᠴᠡᠭᠦ ᠥᠬᠡᠶ ᠲᠥᠷᠥᠯ ᠵᠦᠢᠯ ᠳᠤ 4 ᠪᠦᠯᠦᠭ ᠤᠳᠠᠭ᠎ᠠ ᠶᠢᠨ ᠢᠳᠡᠭᠡᠨ ᠤᠮᠳᠠᠭᠠᠨ ᠤ ᠬᠡᠷᠡᠭᠰᠡᠯ ᠠᠴᠠ | ᠮᠢᠺᠷᠣᠪ ᠤᠨ ︽ᠪᠦᠳᠦᠭᠦᠨ ᠭᠡᠳᠡᠰᠦᠨ ᠤ ᠪᠠᠺᠲ᠋ᠧᠷᠢ ᠶᠢᠨ ᠪᠦᠯᠦᠭ︾ ᠢ ᠪᠠᠶᠢᠴᠠᠭᠠᠨ ᠭᠠᠷᠭᠠᠵᠤ᠂ 4 ᠪᠦᠯᠦᠭ | ᠤᠳᠠᠭ᠎ᠠ ᠶᠢᠨ ᠢᠳᠡᠭᠡᠨ ᠤᠮᠳᠠᠭᠠᠨ ᠤ ᠬᠡᠷᠡᠭᠰᠡᠯ ᠠᠴᠠ ︽ᠪᠢᠯᠢᠭ ᠢᠶᠣᠨ ᠤ ᠨᠡᠶᠢᠯᠡᠮᠡᠯ ᠤᠬᠢᠶᠠᠭᠴᠢ ᠡᠳ᠋ ︵12 | ᠠᠯᠺᠢᠯᠲᠤ ᠪᠤᠨ᠋ᠽᠤᠨ ᠬᠦᠬᠦᠷᠯᠢᠭ ᠬᠦᠴᠢᠯ ᠤᠨ ᠨᠠᠲᠷᠢ ᠶᠢᠨ ᠬᠡᠮᠵᠢᠭᠦᠷ︶︾ ᠢ ᠪᠠᠶᠢᠴᠠᠭᠠᠨ ᠭᠠᠷᠭᠠᠪᠠ︔ ᠢᠳᠡᠰᠢᠨ ᠤ | ᠲᠠᠷᠢᠶᠠᠯᠠᠩ ᠤᠨ ᠪᠦᠲᠦᠭᠡᠭᠳᠡᠬᠦᠨ ᠳᠤ 1 ᠪᠦᠯᠦᠭ ᠤᠳᠠᠭ᠎ᠠ ᠶᠢᠨ ︽ᠴᠤᠭᠤᠷ ᠨᠣᠭᠤᠭ᠎ᠠ︾᠂ 1 ᠪᠦᠯᠦᠭ | ᠤᠳᠠᠭ᠎ᠠ ᠶᠢᠨ ︽ᠭᠠ︾ ᠶᠢᠨ ᠳᠣᠲᠣᠷ᠎ᠠ ᠠᠴᠠ ᠪᠠᠶᠢᠴᠠᠭᠠᠵᠤ ᠭᠠᠷᠭᠠᠭᠰᠠᠨ ᠲᠠᠷᠢᠶᠠᠨ ᠡᠮ ᠤᠨ ᠦᠯᠡᠳᠡᠭᠳᠡᠯ ᠤᠨ ︽ | ᠲᠢᠶᠠᠲᠷ ᠤᠨ ᠬᠤᠷᠣᠬᠠᠶ ᠶᠢᠨ ᠠᠮᠢᠨ︾ ᠨᠢ ᠬᠢᠵᠠᠭᠠᠷᠯᠠᠭᠰᠠᠨ ᠪᠠᠷᠢᠮᠵᠢᠶ᠎ᠠ ᠠᠴᠠ ᠬᠡᠲᠦᠷᠡᠵᠡᠶ᠃ ︵ᠪᠣᠳᠠᠲᠠᠶ | ᠰᠤᠭᠤᠴᠢᠨ ᠪᠠᠶᠢᠴᠠᠭᠠᠭᠰᠠᠨ ᠲᠥᠷᠥᠯ ᠵᠦᠢᠯ ᠵᠢᠴᠢ ᠰᠢᠯᠭᠠᠨ ᠪᠠᠶᠢᠴᠠᠭᠠᠭᠰᠠᠨ ᠲᠥᠷᠥᠯ ᠵᠦᠢᠯ ᠢ ᠳᠠᠭᠠᠯᠳᠤᠭᠤᠯᠤᠯ 1 | ᠂ ᠳᠠᠭᠠᠯᠳᠤᠭᠤᠯᠤᠯ 2 ᠲᠤ ᠨᠠᠷᠢᠨ ᠦᠵᠡᠭᠡᠷᠡᠶ︶᠃ | ᠨᠠᠷᠢᠯᠢᠭ ᠪᠠᠶᠢᠳᠠᠯ ᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ | ᠰᠦᠯᠵᠢᠶ᠎ᠡ ᠠᠴᠠ ᠦᠵᠡᠭᠡᠷᠡᠢ | ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ | 2022 ᠣᠨ ᠤ 6 ᠰᠠᠷ᠎ᠠ ᠶᠢᠨ 24 ᠤ ᠡᠳᠦᠷ |