ᠰᠦᠩᠱᠠᠨ ᠲᠣᠭᠤᠷᠢᠭ ᠵᠢᠷᠭᠤᠳᠤᠭᠠᠷ ᠰᠠᠷ᠎ᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/6/24
     6 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠰᠦᠩᠱᠠᠨ ᠲᠣᠭᠤᠷᠢᠭ ᠵᠢᠷᠭᠤᠳᠤᠭᠠᠷ ᠰᠠᠷ᠎ᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠲᠤᠭᠤᠷᠢᠭ ᠤᠨ ᠵᠠᠰᠠᠭ ᠤᠨ ᠣᠷᠳᠣᠨ 7 ᠠᠵᠤ ᠠᠬᠤᠶᠢᠯᠠᠯ ᠲᠠᠢ ᠲᠥᠪᠯᠡᠷᠡᠭᠦᠯᠦᠨ ᠭᠠᠷ ᠤᠨ ᠥᠰᠥᠭ ᠵᠢᠷᠤᠵᠤ᠂ ᠲᠥᠷᠥᠯ  ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 20.11 ᠳ᠋ᠦᠩᠰᠢᠭᠤᠷ ᠲᠥᠭᠦᠷᠢᠭ ᠲᠤ ᠬᠦᠷᠴᠡᠶ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢᠶᠠᠩ ᠮᠢᠩ ᠽᠧ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠪᠡ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠵᠦᠩ ᠴᠢᠩ ᠰᠦᠩ ᠡᠩ ᠲᠡᠷᠢᠭᠦᠨ ᠳᠤ ᠵᠢᠶᠠᠩᠰᠦ ᠶᠢᠨ ᠯᠦᠩ ᠵᠢᠶᠦ᠋ᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠧᠵᠢᠶᠠᠩ ᠤᠨ ᠬᠠᠶᠢᠳᠧ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠳ᠋ᠠᠯᠢᠶᠠᠨ ᠤ ᠵᠢᠩ ᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠢ ᠯᠠᠨ ᠶᠦᠨ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠭᠡᠷ᠎ᠡ ᠲᠣᠭᠲᠠᠪᠠ︔ ᠳᠠᠷᠠᠭ᠎ᠠ ᠨᠢ᠂ ᠵᠦᠩ ᠴᠢᠩ ᠰᠦᠩ ᠵᠢᠶᠠ ᠢᠦᠢ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠶᠡᠷᠦᠩᠬᠡᠶᠢᠯᠡᠭᠰᠡᠨ ᠡᠨᠧᠷᠭᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠲᠠᠢ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠵᠠᠢ᠃      ᠣᠶᠢᠯᠠᠭᠠᠭᠰᠠᠨ ᠢᠶᠠᠷ᠂ ᠵᠢᠶᠠᠩᠰᠦ ᠶᠢᠨ ᠯᠦᠩ ᠵᠢᠶᠦ᠋ᠨ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ  ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ 2 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠵᠤ ᠵᠢᠯ ᠳᠤ 1 ᠲᠦᠮᠡᠨ ᠲᠣᠨ ᠠᠮᠢᠳᠤ ᠪᠣᠳᠠᠰ ᠤᠨ ᠵᠠᠳᠠᠷᠠᠯᠲᠠ ᠶᠢᠨ ᠨᠢᠮᠭᠡᠨ ᠪᠦᠷᠬᠦᠭᠦᠯ ᠤᠨ ᠦᠢᠯᠡᠳᠬᠦᠨ  ᠦᠢᠯᠡᠳᠪᠦᠷᠢᠯᠡᠬᠦ  ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠪᠠᠷ ᠲᠥᠯᠥᠪᠯᠡᠵᠦ ᠪᠣᠶ︔ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠧᠵᠢᠶᠠᠩ ᠤᠨ ᠬᠠᠶᠢᠳᠧ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠪᠡᠯᠡ ᠣᠷᠣᠭᠤᠯᠤᠯᠲᠠ ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠰᠤᠳᠤᠯᠤᠨ ᠨᠡᠭᠡᠭᠡᠬᠦ᠂ ᠭᠤᠣᠯ ᠰᠡᠯᠪᠢᠭ ᠲᠤᠨᠤᠭ ᠦᠢᠯᠡᠳᠬᠦ᠂ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠢ ᠤᠭᠰᠠᠷᠠᠬᠤ᠂ ᠡᠨᠧᠷᠭᠢ ᠬᠠᠳᠠᠭᠠᠯᠠᠬᠤ ᠲᠥᠬᠦᠭᠡᠷᠦᠮᠵᠢ ᠶᠢ ᠦᠢᠯᠡᠳᠬᠦ ᠵᠢᠴᠢ ᠤᠶᠤᠨᠲᠤ ᠠᠵᠢᠯᠯᠠᠭᠤᠯᠵᠤ ᠪᠠᠲᠤᠯᠠᠬᠤ ᠵᠡᠷᠭᠡ ᠢᠵᠢ ᠪᠦᠷᠢᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠪᠦᠳᠦᠬᠡᠨ ᠪᠠᠶᠢᠭᠤᠯᠬᠤ ᠪᠠᠷ ᠲᠥᠯᠥᠪᠯᠡᠵᠦ ᠪᠤᠢ︔ ᠵᠢᠶᠠ ᠢᠦᠢ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 10 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠵᠤ ᠤᠯᠤᠰ ᠤᠨ ᠭᠠᠭ᠋ᠠᠶ ᠶᠢᠨ ᠪᠠᠶᠢᠯᠳᠤᠬᠤ ᠪᠣᠳᠣᠯᠭ᠎ᠠ ᠶᠢᠨ ᠡᠭᠦᠯᠳᠡᠷ ᠤᠨ ᠢᠷᠡᠯᠲᠡ ᠶᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠤᠨ ᠲᠥᠷᠥᠯ ᠵᠦᠢᠯ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ︔ ᠤᠯᠤᠰ ᠤᠨ ᠴᠠᠬᠢᠯᠭᠠᠨ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠶᠡᠷᠦᠩᠬᠡᠶᠢᠯᠡᠭᠰᠡᠨ ᠡᠨᠧᠷᠭᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠡᠶᠢᠲᠡ 0.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠢᠬᠦ ᠪᠠᠷ ᠲᠥᠯᠥᠪᠯᠡᠵᠦ ᠪᠣᠶ︔ ᠳ᠋ᠠᠯᠢᠶᠠᠨ ᠤ ᠵᠢᠩ ᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠪᠡᠯᠡ ᠣᠷᠣᠭᠤᠯᠤᠯᠲᠠ 0.51 ᠳ᠋ᠦᠩᠰᠢᠭᠤᠷ ᠲᠥᠭᠦᠷᠢᠭ ᠲᠤ ᠬᠦᠷᠴᠦ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠲᠦᠷᠦᠯ ᠵᠦᠢᠯ ᠢ ᠪᠠᠶᠢᠭᠤᠯᠬᠤ ᠪᠠᠷ ᠲᠥᠯᠥᠪᠯᠡᠵᠦ ᠪᠤᠢ︔ ᠢ ᠯᠠᠨ ᠶᠦᠨ ︵ᠪᠡᠭᠡᠵᠢᠩ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠡᠶᠢᠲᠡ 0.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠳ᠋ᠢᠶᠠᠩᠬᠤᠸᠠ᠂ ᠭᠠᠷ ᠤᠲᠠᠰᠤᠨ ᠤ APP᠂ ᠸᠢᠴᠠᠲ ᠤᠨ ᠵᠢᠵᠢᠭ ᠫᠷᠤᠭ᠍ᠷᠠᠮ ᠵᠡᠷᠭᠡ ᠭᠤᠷᠪᠠᠨ ᠵᠦᠢᠯ ᠤᠨ ᠲᠡᠷᠭᠡ ᠪᠣᠯᠵᠣᠬᠤ ᠠᠷᠭ᠎ᠠ ᠮᠠᠶ᠋ᠢᠭ ᠢ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠲᠥᠯᠥᠪᠯᠡᠵᠦ ᠪᠣᠶ︔ ᠥᠪᠥᠷ ᠮᠣᠩᠭᠤᠯ ᠤᠨ ᡂᠢ ᠴᠧᠩ ᠹᠧᠩ ᠸᠧᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号