ᠪᠠᠶᠠᠷ ᠳᠤᠷᠠᠰᠬᠠᠯ ᠤᠨ ᠠᠵᠢᠯᠯᠠᠭ᠎ᠠ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠪᠠᠶᠠᠷ ᠳᠤᠷᠠᠰᠬᠠᠯ ᠤᠨ | ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠡᠲᠦ ᠣᠯᠠᠨ | ᠬᠡᠲᠦ ᠰᠠᠮᠠᠭᠤᠷᠠᠬᠤ ᠶᠢ ᠰᠡᠷᠭᠡᠶᠢᠯᠡᠨ᠂ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠶᠢᠨ ᠲᠦᠯᠦᠭᠡ᠂ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ᠠᠴᠠ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ︵ᠲᠥᠪ ᠠᠯᠪᠠᠨ ᠲᠠᠷᠬᠠᠭᠠᠭᠰᠠᠨ ︹ 2012 ︺ 18 ᠳ᠋ᠤᠭᠠᠷ ᠲᠣᠭᠠᠲᠤ︶ ᠶᠢ ᠳᠠᠷᠤᠮᠠᠯᠯᠠᠨ | ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠪᠠᠶᠠᠷ | ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ | ᠥᠪᠥᠷ ᠨᠠᠮ ᠠᠯᠪᠠᠨ ᠲᠠᠷᠬᠠᠭᠠᠭᠰᠠᠨ ︹ 2015 ︺ 45 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠪᠠ᠃ | ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ | ᠬᠡᠯᠡᠵᠦ ᠪᠠᠶᠢᠭ᠎ᠠ ᠪᠠᠶᠠᠷ ᠳᠤᠷᠠᠰᠬᠠᠯ ᠤᠨ ᠠᠵᠢᠯᠯᠠᠭ᠎ᠠ ᠭᠡᠳᠡᠭ ᠨᠢ ᠨᠡᠶᠢᠲᠡ ᠶᠢᠨ ᠲᠠᠬᠢᠯᠭ᠎ᠠ᠂ ᠵᠢᠭᠤᠯᠴᠢᠯᠠᠯ᠂ ᠲᠡᠦᠬᠡ | ᠰᠣᠶᠣᠯ᠂ ᠤᠨᠴᠠᠯᠢᠭᠳᠤ ᠪᠣᠳᠠᠰ ᠤᠨ ᠭᠠᠷᠤᠯᠲᠠ᠂ ᠪᠠᠶᠢᠭᠤᠯᠭ᠎ᠠ ᠨᠢᠭᠡᠴᠢ ᠪᠠᠶᠢᠭᠤᠯᠬᠤ᠂ ᠵᠠᠰᠠᠭ ᠵᠠᠬᠢᠷᠭᠠᠨ ᠤ | ᠣᠷᠣᠨ ᠤ ᠬᠤᠪᠢᠶᠠᠷᠢᠯᠠᠯ ᠢ ᠬᠤᠪᠢᠷᠠᠭᠤᠯᠬᠤ᠂ ᠪᠠᠷᠢᠯᠭ᠎ᠠ ᠶᠢᠨ ᠰᠠᠭᠤᠷᠢ ᠲᠠᠯᠪᠢᠬᠤ ᠪᠤᠶᠤ ᠪᠠᠷᠢᠯᠭ᠎ᠠ ᠳᠠᠭᠤᠰᠬᠠᠬᠤ | ᠵᠡᠷᠭᠡ ᠨᠡᠷ᠎ᠡ ᠪᠠᠷ ᠡᠷᠬᠢᠯᠡᠭᠰᠡᠨ ᠡᠯ᠎ᠡ ᠲᠦᠷᠦᠯ ᠤᠨ ᠪᠠᠶᠠᠷ ᠳᠤᠷᠠᠰᠬᠠᠯ ᠤᠨ ᠴᠤᠭᠯᠠᠭᠠᠨ᠂ ᠪᠡᠯᠭᠡᠯᠡᠬᠦ ᠠᠵᠢᠯᠯᠠᠭ᠎ᠠ ᠶᠢ | ᠵᠢᠭᠠᠵᠤ ᠪᠠᠶᠢᠨ᠎ᠠ᠃ ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ | ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ᠂ ᠰᠢᠭᠦᠨ ᠲᠠᠰᠤᠯᠬᠤ | ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳ ᠤᠨ ᠪᠦᠯᠬᠦᠮ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ ᠳᠠᠩᠰᠠᠯᠠᠭᠤᠯᠬᠤ ᠠᠴᠠ ᠬᠡᠯᠲᠦᠷᠢᠭᠦᠯᠦᠭᠰᠡᠨ ᠨᠡᠶᠢᠭᠡᠮ ᠤᠨ ᠪᠦᠯᠬᠦᠮ ︵ᠳᠣᠷᠣᠭᠰᠢ ᠬᠤᠯᠪᠣᠭᠳᠠᠯ | ᠪᠦᠬᠦᠢ ᠨᠡᠶᠢᠭᠡᠮ ᠤᠨ ᠪᠦᠯᠬᠦᠮ ᠭᠡᠵᠦ ᠳᠥᠭᠦᠮᠴᠢᠯᠡᠨ᠎ᠡ︶ ᠵᠢᠴᠢ ᠳᠡᠭᠡᠷ᠎ᠡ ᠳᠤᠷᠠᠳᠤᠭᠰᠠᠨ ᠨᠢᠭᠡᠴᠢ ᠳᠤ | ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠢ ᠵᠡᠷᠭᠡ ᠶᠢᠨ ᠡᠷᠬᠢᠯᠡᠭᠰᠡᠨ ᠡᠯ᠎ᠡ ᠲᠦᠷᠦᠯ ᠤᠨ ᠪᠠᠶᠠᠷ ᠳᠤᠷᠠᠰᠬᠠᠯ ᠤᠨ | ᠠᠵᠢᠯᠯᠠᠭ᠎ᠠ ᠳᠤ ᠬᠡᠷᠡᠭᠯᠡᠨ᠎ᠡ᠃ | ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ | ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ | ᠳᠤ ᠪᠠᠶᠠᠷ ᠳᠤᠷᠠᠰᠬᠠᠯ ᠤᠨ ᠠᠵᠢᠯᠯᠠᠭ᠎ᠠ ᠶᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ᠂ ᠬᠢᠨᠠᠨ ᠵᠥᠪᠰᠢᠶᠡᠷᠡᠬᠦ | ᠵᠠᠷᠴᠢᠮ᠂ ᠬᠢᠨᠠᠨ ᠵᠥᠪᠰᠢᠶᠡᠷᠡᠬᠦ ᠵᠢᠷᠤᠮ᠂ ᠵᠠᠷᠤᠳᠠᠯ ᠤᠨ ᠬᠠᠮᠢᠶᠠᠷᠤᠯᠲᠠ᠂ ᠤᠳᠤᠷᠢᠳᠬᠤ ᠺᠠᠳ᠋ᠷᠴᠤᠳ ᠤᠨ | ᠣᠷᠣᠯᠴᠠᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠲᠠᠯ᠎ᠠ ᠪᠠᠷ ᠲᠣᠳᠣᠷᠬᠠᠶ ᠲᠣᠭᠲᠠᠭᠠᠯ ᠭᠠᠷᠭᠠᠵᠤ᠂ ᠪᠠᠶᠠᠷ | ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠳᠤ ᠬᠠᠤᠯᠢ ᠲᠣᠭᠲᠠᠭᠠᠯ ᠪᠠ ᠲᠦᠷᠢᠮ ᠤᠨ | ᠪᠠᠲᠤᠯᠠᠭ᠎ᠠ ᠬᠠᠩᠭᠠᠭᠰᠠᠨ ᠪᠠᠶᠢᠨ᠎ᠠ᠃ |