︽ᠰᠦᠩᠱᠠᠨ ᠲᠣᠭᠤᠷᠢᠭ ᠤᠨ ᠬᠠᠭᠤᠴᠢᠨ ᠬᠤᠷᠤᠭ᠎ᠠ ᠪᠠᠯᠭᠠᠰᠤ ᠶᠢᠨ ᠬᠠᠭᠤᠴᠢᠨ ᠬᠤᠷᠤᠭ᠎ᠠ ᠲᠣᠰᠬᠤᠨ ᠤ 2022 ᠣᠨ ᠤ ᠬᠦᠢᠲᠡᠨ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/6/28
      ᠨᠢᠭᠡ᠂ ᠨᠣᠣᠷᠠᠭᠯᠠᠭᠰᠠᠨ ᠠᠬᠤᠶ ᠪᠠᠶᠢᠳᠠᠯ      ᠬᠠᠭᠤᠴᠢᠨ ᠬᠤᠷᠤᠭ᠎ᠠ ᠲᠣᠰᠬᠤᠨ ᠪᠣᠯᠤᠨ ᠰᠢᠶᠣᠣ ᠾᠧ ᠶᠠᠨ ᠲᠣᠰᠬᠤᠨ ᠤ ᠬᠥᠮᠦᠨ ᠣᠯᠠᠨ ᠭᠠᠵᠠᠷ ᠪᠠᠭ᠎ᠠ᠂ ᠭᠠᠵᠠᠷ ᠰᠢᠷᠣᠶ ᠶᠢᠨ ᠡᠬᠢ ᠪᠠᠶᠠᠯᠢᠭ ᠳᠤᠲᠠᠮᠠᠭ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠨᠡᠯᠢᠶᠡᠳ ᠳᠣᠣᠷ᠎ᠠ᠂ ᠲᠠᠷᠢᠶᠠᠯᠠᠩ ᠤᠨ ᠪᠦᠲᠦᠴᠡ ᠲᠠᠩ ᠴᠤᠯᠭᠤᠶ᠂ ᠲᠠᠷᠢᠮᠠᠯ ᠤᠨ ᠤᠨᠠᠯᠲᠠ ᠨᠡᠯᠢᠶᠡᠳ ᠳᠣᠣᠷ᠎ᠠ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠡᠯᠢᠶᠡᠳ ᠳᠣᠣᠷ᠎ᠠ᠂ ᠬᠢᠨᠠᠨ ᠬᠡᠮᠵᠢᠬᠦ ᠡᠷᠦᠬᠡ ᠶᠢᠨ 5 ᠡᠷᠦᠬᠡ 10 ᠬᠥᠮᠦᠨ ᠤ ᠬᠥᠳᠡᠯᠮᠦᠷᠢ ᠶᠢᠨ ᠬᠦᠴᠦ ᠬᠦᠷᠦᠯᠴᠡᠬᠦ ᠦᠭᠡᠢ ᠪᠤᠶᠤ ᠬᠥᠳᠡᠯᠮᠦᠷᠢ ᠶᠢᠨ ᠬᠦᠴᠦ ᠦᠭᠡᠢ ᠠᠴᠠ ᠪᠣᠯᠵᠤ ᠠᠵᠤ ᠠᠬᠤᠶ ᠶᠢᠨ ᠣᠷᠣᠯᠭ᠎ᠠ ᠦᠭᠡᠢ ᠪᠣᠯᠤᠭᠰᠠᠨ ᠪᠠᠶᠢᠳᠠᠯ ᠢᠯᠡᠷᠡᠭᠰᠡᠨ ᠪᠠᠶᠢᠨ᠎ᠠ᠃ ᠡᠶᠢᠮᠦ ᠠᠴᠠ ᠦᠨᠳᠦᠰᠦᠨ ᠪᠠᠶᠢᠳᠠᠯ ᠲᠠᠢ ᠤᠶᠠᠯᠳᠤᠭᠤᠯᠤᠨ᠂ ᠲᠣᠰ ᠲᠥᠷᠥᠯ ᠵᠦᠢᠯ ᠳᠤ ᠬᠦᠢᠲᠡᠨ ᠰᠠᠷᠠᠪᠴᠢ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠨᠢ ᠨᠢᠭᠡ ᠲᠠᠯ᠎ᠠ ᠪᠠᠷ ᠲᠣᠰᠬᠤᠨ ᠤ ᠳᠣᠲᠣᠷᠠᠬᠢ ᠬᠥᠮᠦᠨ ᠣᠯᠠᠨ ᠭᠠᠵᠠᠷ ᠪᠠᠭ᠎ᠠ ᠪᠠᠶᠢᠬᠤ ᠪᠠᠶᠢᠳᠠᠯ ᠢ ᠨᠠᠮᠳᠠᠭᠤᠯᠬᠤ ᠳᠤ ᠠᠰᠢᠭᠲᠠᠶ ᠪᠠᠶᠢᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢ ᠪᠤᠵᠠᠭᠠᠶᠢᠷᠠᠭᠤᠯᠬᠤ ᠲᠥᠷᠥ ᠶᠢᠨ ᠪᠣᠳᠣᠯᠭ᠎ᠠ ᠳᠤ ᠨᠡᠶᠢᠴᠡᠵᠦ ᠪᠠᠶᠢᠨ᠎ᠠ᠂ ᠨᠥᠭᠦᠭᠡ ᠲᠠᠯ᠎ᠠ ᠪᠠᠷ ᠪᠠᠰᠠ ᠬᠦᠢᠲᠡᠨ ᠰᠠᠷᠠᠪᠴᠢ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠠᠰᠢᠭ ᠣᠷᠣᠯᠭ᠎ᠠ ᠪᠠᠷ ᠳᠠᠮᠵᠢᠭᠤᠯᠤᠨ ᠬᠢᠨᠠᠨ ᠬᠡᠮᠵᠢᠬᠦ ᠡᠷᠦᠬᠡ ᠶᠢᠨ ᠠᠰᠢᠭ ᠭᠥᠷᠳᠡᠬᠦ ᠪᠠᠶᠢᠳᠠᠯ ᠢ ᠪᠠᠲᠤᠯᠠᠨ᠎ᠠ᠃ ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠬᠥᠳᠡᠭᠡ ᠲᠣᠰᠬᠤᠨ ᠤ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠴᠠᠭᠰᠠᠨ᠂ ᠬᠠᠮᠵᠢᠯᠴᠠᠭᠰᠠᠨ᠂ ᠬᠡᠪᠴᠢᠶᠡᠵᠢᠭᠰᠡᠨ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠳᠤ ᠬᠦᠴᠦᠲᠡᠶ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃      ᠬᠤᠶᠠᠷ᠂ ᠲᠤᠭᠤᠷᠪᠢᠨ ᠪᠢᠴᠢᠬᠦ ᠦᠨᠳᠦᠰᠦᠯᠡᠯ      ︵ᠨᠢᠭᠡ︶ ︽ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾      ︵ᠬᠤᠶᠠᠷ︶ ︽2021 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠲᠥᠰᠦᠪ ᠢ ᠤᠷᠢᠳᠴᠢᠯᠠᠨ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾      ᠭᠤᠷᠪᠠ᠂ ᠭᠤᠣᠯ ᠠᠭᠤᠯᠭ᠎ᠠ      ︵ᠨᠢᠭᠡ︶ ᠲᠥᠷᠥᠯ ᠵᠦᠢᠯ ᠤᠨ ᠦᠨᠳᠦᠰᠦᠨ ᠲᠦᠢᠮᠣ ᠪᠠᠶᠢᠳᠠᠯ ᠤᠨ ᠲᠣᠪᠴᠢ ᠲᠠᠨᠢᠯᠴᠠᠭᠤᠯᠭ᠎ᠠ ︵ᠨᠡᠷᠡᠶᠢᠳᠦᠯ᠂ ᠪᠥᠳᠥᠭᠡᠨ ᠪᠠᠶᠢᠭᠤᠯᠤᠯᠲᠠ ᠶᠢᠨ ᠰᠢᠨᠵᠢ ᠴᠢᠨᠠᠷ᠂ ᠠᠭᠤᠯᠭ᠎ᠠ ᠬᠢᠭᠡᠳ ᠬᠡᠪᠴᠢᠶ᠎ᠡ᠂ ᠪᠡᠯᠡ ᠣᠷᠣᠭᠤᠯᠤᠯᠲᠠ᠂ ᠮᠡᠳᠡᠭᠦᠯᠦᠭᠰᠡᠨ ᠨᠢᠭᠡᠴᠡ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠡᠷᠡᠭᠵᠢᠭᠦᠯᠬᠦ ᠨᠢᠭᠡᠴᠡ ᠂ ᠪᠥᠳᠥᠭᠡᠨ ᠪᠠᠶᠢᠭᠤᠯᠬᠤ ᠭᠠᠵᠠᠷ︶      ︵ᠬᠤᠶᠠᠷ︶ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠪᠣᠯᠤᠮᠵᠢᠲᠤ ᠴᠢᠨᠠᠷ ᠤᠨ ᠲᠤᠬᠠᠶ ᠵᠠᠳᠠᠯᠤᠯᠲᠠ᠂ ᠨᠢᠭᠡ ᠳᠤ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ᠂ ᠬᠠᠭᠤᠴᠢᠨ ᠬᠤᠷᠤᠭ᠎ᠠ ᠲᠤᠰᠬᠤᠨ ᠪᠣᠯᠤᠨ ᠰᠢᠶᠤᠤ ᠾᠧ ᠲᠤᠰᠬᠤᠨ ᠤ ᠦᠨᠳᠦᠰᠦᠨ ᠪᠠᠶᠢᠳᠠᠯ ᠲᠠᠢ ᠤᠶᠠᠯᠳᠤᠭᠤᠯᠤᠨ ᠴᠢᠬᠤᠯᠠ ᠪᠦᠬᠦᠢ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢᠶᠠᠷ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠴᠢᠬᠤᠯᠠᠲᠠᠶ᠂ ᠬᠤᠶᠠᠷ ᠲᠤ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠣᠯᠤᠮᠵᠢᠲᠤ ᠴᠢᠨᠠᠷ᠂ ᠭᠠᠵᠠᠷ ᠰᠢᠷᠣᠶ᠂ ᠵᠠᠮ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ ᠬᠠᠩᠭᠠᠬᠤ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠵᠢᠴᠢ ᠡᠵᠡᠩᠨᠡᠯᠲᠡ ᠶᠢᠨ ᠲᠣᠭᠲᠠᠴᠠ ᠴᠥᠮ ᠪᠣᠯᠪᠠᠰᠤᠷᠠᠩᠭᠤᠶ ᠪᠤᠯᠵᠤ᠂ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠢᠵᠦ ᠳᠡᠶᠢᠯᠬᠦ ᠪᠣᠯᠵᠠᠶ᠃      ︵ᠭᠤᠷᠪᠠ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠂ ᠪᠠᠯᠠ ᠣᠷᠣᠭᠤᠯᠤᠯᠲᠠ ᠶᠢᠨ ᠲᠦᠢᠮᠣ ᠲᠥᠰᠦᠪ᠄ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 162.4 ᠲᠦᠮᠡᠨ ᠲᠥᠭᠦᠷᠢᠭ᠂ 162.4 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠭᠤᠶᠤᠴᠢᠯᠠᠨ᠎ᠠ᠃      ︵ᠳᠥᠷᠪᠡ︶ ᠦᠷ᠎ᠡ ᠠᠰᠢᠭ ᠤᠨ ᠵᠠᠳᠠᠯᠤᠯᠲᠠ᠄ ᠨᠢᠭᠡ ᠳᠤ ᠠᠵᠤ ᠠᠬᠤᠶ ᠶᠢᠨ ᠦᠷ᠎ᠡ ᠠᠰᠢᠭ᠂ 2021 ᠣᠨ ᠤ ᠵᠠᠬ᠎ᠠ ᠳᠡᠯᠭᠡᠭᠦᠷ ᠤᠨ ᠲᠥᠪᠡᠳ ᠬᠠᠰᠢ ᠶᠢᠨ ᠳᠤᠮᠳᠠᠴᠢ ᠬᠤᠳᠠᠯᠳᠤᠬᠤ ᠦᠨ᠎ᠡ ᠶᠢ kg ᠪᠦᠷᠢ ᠳᠤ3 ᠲᠦᠭᠦᠷᠢᠭ ᠢᠶᠠᠷ ᠪᠤᠳᠤᠵᠤ᠂ ᠲᠥᠷᠥᠯ ᠵᠦᠢᠯ ᠤᠨ ᠲᠣᠭᠤᠷᠢᠭ ᠲᠤ 120 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠵᠢᠯ ᠤᠨ ᠳᠤᠮᠳᠠᠴᠢ ᠴᠡᠪᠡᠷ ᠣᠷᠣᠯᠭ᠎ᠠ ᠶᠢ 80 ᠲᠦᠮᠡᠨ ᠲᠥᠭᠦᠷᠢᠭ ᠲᠤ ᠬᠦᠷᠭᠡᠨ᠎ᠡ᠃ ᠬᠤᠶᠠᠷ ᠲᠤ ᠨᠡᠶᠢᠭᠡᠮ ᠤᠨ ᠦᠷ᠎ᠡ ᠠᠰᠢᠭ᠂ ᠮᠥ ᠪᠦᠷᠢ ᠶᠢᠨ ᠳᠤᠮᠳᠠᠴᠢ ᠠᠰᠢᠭ ᠣᠷᠣᠯᠭ᠎ᠠ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠠ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠠᠬᠢᠭᠤᠯᠬᠤ ᠳᠤ ᠠᠰᠢᠭᠲᠠᠶ᠂ ᠨᠠᠩ ᠴᠤ ᠠᠵᠤ ᠦᠢᠯᠡᠰ ᠤᠨ ᠲᠠᠰ ᠳᠡᠪᠰᠢᠬᠦ ᠶᠢ ᠳᠠᠶᠢᠴᠢᠯᠠᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠳᠤ ᠠᠰᠢᠭᠲᠠᠶ ᠶᠤᠮ᠃ ᠭᠤᠷᠪᠠ ᠳᠤ ᠠᠮᠢ ᠠᠬᠤᠶ ᠶᠢᠨ ᠦᠷ᠎ᠡ ᠠᠰᠢᠭ᠂ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠣᠨᠴᠠᠯᠢᠭ ᠲᠤ ᠲᠦᠰᠢᠭᠯᠡᠨ ᠠᠵᠤ ᠠᠬᠤᠶ ᠶᠢ ᠬᠥᠭᠵᠢᠭᠦᠯᠵᠦ᠂ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠨ᠂ ᠣᠷᠴᠢᠨ ᠠᠬᠤᠶ ᠶᠢᠨ ᠪᠣᠬᠢᠷᠲᠤᠯ ᠢ ᠪᠠᠭᠠᠰᠬᠠᠬᠤ ᠨᠢ ᠮᠠᠨ ᠤ ᠤᠯᠤᠰ ᠤᠨ ︽ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠷᠪᠢᠯᠠᠨ ᠭᠠᠮᠨᠠᠬᠤ ᠶᠢ ᠵᠡᠷᠭᠡ ᠪᠠᠷ ᠴᠢᠬᠤᠯᠠᠴᠢᠯᠠᠵᠤ᠂ ᠠᠷᠪᠢᠯᠠᠨ ᠭᠠᠮᠨᠠᠬᠤ ᠶᠢ ᠲᠡᠷᠢᠭᠦᠨ ᠪᠠᠶᠢᠷᠢᠨ ᠳᠤ ᠲᠠᠯᠪᠢᠬᠤ︾ ᠤᠯᠤᠰ ᠠᠷᠠᠳ ᠤᠨ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠴᠢᠭᠯᠡᠯᠲᠡ ᠲᠠᠢ ᠨᠡᠶᠢᠴᠡᠵᠦ ᠪᠠᠶᠢᠨ᠎ᠠ᠃      ︵ᠲᠠᠪᠤ︶ ᠡᠵᠡᠩᠨᠡᠯᠲᠡ ᠶᠢᠨ ᠲᠣᠭᠲᠠᠴᠠ ᠵᠢᠴᠢ ᠥᠮᠴᠢᠯᠡᠬᠦ ᠡᠷᠬᠡ ᠶᠢᠨ ᠬᠠᠷᠢᠶᠠᠯᠠᠯ᠄ ᠪᠦᠬᠦᠯᠢ ᠴᠣᠭᠴᠠ ᠪᠠᠷ ᠪᠤᠶᠤ ᠲᠠᠩ ᠴᠣᠭᠴᠠ ᠪᠠᠷ ᠭᠠᠳᠠᠭᠰᠢ ᠳᠠᠭᠠᠭᠠᠴᠢᠯᠠᠬᠤ᠃ ᠲᠥᠷᠥᠯ ᠵᠦᠢᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠣᠢ ᠪᠣᠯᠤᠭᠰᠠᠨ ᠲᠣᠭᠲᠠᠮᠠᠯ ᠬᠥᠷᠥᠩᠭᠡ ᠶᠢᠨ ᠥᠮᠴᠢᠯᠡᠬᠦ ᠡᠷᠬᠡ ᠨᠢ ᠬᠠᠭᠤᠴᠢᠨ ᠬᠤᠷᠤᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠥᠮᠴᠢᠯᠡᠭᠳᠡᠨ᠎ᠡ᠃      ︵ᠵᠢᠷᠭᠤᠭ᠎ᠠ︶ ᠶᠠᠳᠠᠭᠤ ᠶᠢ ᠳᠠᠭᠠᠭᠤᠯᠤᠨ ᠶᠠᠳᠠᠭᠤ ᠶᠢ ᠪᠠᠭᠠᠰᠬᠠᠬᠤ ᠲᠣᠭᠲᠠᠴᠠ᠄ ᠨᠢᠭᠡ ᠳᠤ ᠬᠦᠷᠢᠶᠡᠯᠡᠩ ᠲᠣᠭᠤᠷᠢᠭ ᠢ ᠲᠦᠷᠢᠶᠡᠰᠦᠯᠡᠨ ᠡᠵᠡᠩᠨᠡᠬᠦ᠂ ᠬᠤᠶᠠᠷ ᠲᠤ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠨ‌‍ᠬᠦ᠋ᠷᠢᠶᠡᠯᠡᠩ ᠲᠣᠭᠤᠷᠢᠭ ᠲᠤ ᠣᠷᠣᠵᠤ ᠪᠡᠶ᠎ᠡ ᠪᠠᠨ ᠳᠠᠭᠠᠭᠠᠨ ᠡᠵᠡᠩᠨᠡᠬᠦ ᠶᠢ ᠳᠠᠶᠢᠴᠢᠯᠠᠨ᠎ᠠ᠂ ᠭᠤᠷᠪᠠ ᠳᠤ ᠬᠥᠳᠡᠯᠮᠦᠷᠢ  ᠦᠢᠯᠡᠴᠢᠯᠡᠭᠡᠨ ᠤ ᠦᠢᠯᠡᠴᠢᠯᠡᠭᠡ ᠬᠠᠩᠭᠠᠨ᠎ᠠ᠃      ︵ᠳᠣᠯᠤᠭ᠎ᠠ︶ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠬᠢᠵᠠᠭᠠᠷ ᠪᠠ ᠵᠣᠬᠢᠶᠠᠨ ᠪᠠᠶᠢᠭᠤᠯᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠄ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠬᠢᠵᠠᠭᠠᠷ ᠨᠢ 2021 ᠣᠨ ᠤ 7 ᠳ᠋ᠤᠭᠠᠷ ᠰᠠᠷ᠎ᠠ ᠠᠴᠠ 2021 ᠣᠨ ᠤ 11 ᠳ᠋ᠦ᠋ᠭᠡᠷ ᠰᠠᠷ᠎ᠠ ᠪᠣᠯᠲᠠᠯ᠎ᠠ᠂ ᠨᠡᠶᠢᠲᠡ ᠬᠦᠷᠢᠶᠡᠯᠡᠩ ᠲᠣᠭᠤᠷᠢᠭ ᠢ ᠬᠥᠮᠥᠷᠭᠡ ᠳᠤ ᠣᠷᠣᠭᠤᠯᠬᠤ᠂ ᠤᠬᠠᠭᠤᠯᠤᠨ ᠳᠠᠶᠢᠴᠢᠯᠠᠬᠤ᠂ ᠬᠡᠷᠡᠭᠵᠢᠭᠦᠯᠬᠦ ᠭᠤᠷᠪᠠᠨ ᠱᠠᠲᠤ ᠦᠶ᠎ᠡ ᠪᠣᠯᠤᠨ᠎ᠠ᠃      ︵ᠨᠠᠢᠮᠠ︶ ᠬᠦᠷᠢᠶᠡᠯᠡᠩ ᠲᠣᠭᠤᠷᠢᠭ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠩᠨᠡᠭᠡᠨ ᠤ ᠪᠠᠶᠢᠭᠤᠯᠤᠯᠲᠠ ᠪᠠ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠨ᠎ᠠ᠃ ᠬᠤᠶᠠᠷ ᠲᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠰᠢᠰᠲ᠋ᠧᠮ ᠬᠡᠰᠡᠭ ᠬᠤᠪᠢᠶᠠᠨ ᠬᠠᠮᠢᠶᠠᠷᠴᠤ᠂ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶ᠂ ᠠᠵᠢᠯ ᠤᠨ ᠬᠤᠪᠢᠶᠠᠷᠢᠯᠠᠯ ᠢ ᠪᠣᠳᠠᠲᠠᠶ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ ᠪᠠᠯᠠ ᠮᠥᠩᠭᠦ ᠶᠢ ᠬᠠᠮᠢᠶᠠᠷᠴᠤ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠬᠢᠨᠠᠯᠲᠠ ᠶᠢ ᠬᠦᠯᠢᠶᠡᠵᠦ᠂ ᠪᠠᠯᠠ ᠮᠥᠩᠭᠦ ᠶᠢ ᠠᠯᠪᠠᠨ ᠤ ᠲᠠᠩᠰᠠᠨ ᠡᠷᠦᠬᠡ ᠶᠢᠨ ᠶᠣᠰᠣᠭᠠᠷ ᠰᠢᠯᠵᠢᠭᠦᠯᠦᠨ ᠥᠭᠭᠦᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号