ᠰᠦᠩᠱᠠᠨ ᠲᠣᠭᠤᠷᠢᠭ ᠤᠨ ᠬᠠᠭᠤᠴᠢᠨ ᠬᠤᠷᠤᠭ᠎ᠠ ᠪᠠᠯᠭᠠᠰᠤᠨ ᠤ ᠬᠢᠵᠢᠭ ᠤᠨ ᠪᠠᠶᠢᠳᠠᠯ ᠠᠴᠠ ᠪᠣᠯᠵᠤ ᠬᠤᠴᠣᠷᠤᠭᠰᠠᠨ ᠬᠥᠮᠦᠰ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠵᠢᠯ ᠤᠨ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/28
      ᠨᠢᠭᠡ᠂ ᠨᠣᠣᠷᠠᠭᠯᠠᠭᠰᠠᠨ ᠠᠬᠤᠶ ᠪᠠᠶᠢᠳᠠᠯ      ᠣᠳᠣᠬᠠᠨ ᠳᠤ ᠮᠠᠨ ᠤ ᠪᠠᠯᠭᠠᠰᠤᠨ ᠳᠤ ᠬᠢᠵᠢᠭ ᠤᠨ ᠪᠠᠶᠢᠳᠠᠯ ᠠᠴᠠ ᠪᠣᠯᠵᠣ ᠪᠢᠲᠡᠭᠦᠮᠵᠢᠯᠡᠨ ᠬᠢᠵᠠᠭᠠᠷᠯᠠᠬᠤ ᠬᠠᠮᠢᠶᠠᠷᠤᠯᠲᠠ ᠶᠠᠪᠤᠭᠤᠯᠬᠤ᠂ ᠵᠢᠭᠤᠯᠴᠢᠯᠠᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠠᠯᠪᠠᠨ ᠠᠵᠢᠯ ᠢᠶᠠᠷ ᠭᠠᠳᠠᠭᠰᠢ ᠭᠠᠷᠬᠤ᠂ ᠰᠤᠷᠤᠯᠴᠠᠬᠤ᠂ ᠬᠥᠯᠥᠰᠥᠨ ᠠᠵᠢᠯ ᠬᠢᠬᠦ᠂ ᠠᠰᠠᠷᠠᠵᠤ ᠰᠤᠪᠢᠯᠠᠬᠤ ︵ᠬᠠᠨᠢ ᠪᠣᠯᠵᠣ ᠰᠤᠷᠤᠯᠴᠠᠬᠤ᠂ ᠡᠮᠨᠡᠯᠭᠡ ᠳᠤ ᠬᠠᠨᠢ ᠪᠣᠯᠵᠣ ᠡᠮᠨᠡᠭᠦᠯᠬᠦ᠂ ᠨᠠᠰᠤᠲᠠᠨ ᠨᠢᠯᠬᠠᠰ ᠢᠶᠠᠨ ᠠᠰᠠᠷᠠᠬᠤ︶ ᠵᠡᠷᠭᠡ ᠰᠢᠯᠲᠠᠭᠠᠨ ᠠᠴᠠ ᠪᠣᠯᠵᠣ ᠮᠠᠨ ᠤ ᠪᠠᠯᠭᠠᠰᠤᠨ ᠳᠤ ᠬᠤᠴᠣᠷᠤᠭᠰᠠᠨ ᠭᠠᠳᠠᠷ ᠣᠷᠣᠨ ᠤ ᠬᠥᠮᠦᠰ ᠣᠷᠣᠰᠢᠵᠤ ᠪᠠᠶᠢᠨ᠎ᠠ᠂ ᠳᠡᠭᠡᠷ᠎ᠡ ᠳᠤᠷᠠᠳᠤᠭᠰᠠᠨ ᠬᠥᠮᠦᠰ ᠲᠤ ᠨᠠᠩ ᠰᠠᠶᠢᠨ ᠰᠡᠷᠭᠡᠶᠢᠯᠡᠨ ᠬᠢᠵᠠᠭᠠᠷᠯᠠᠬᠤ ᠬᠠᠮᠢᠶᠠᠷᠤᠯᠲᠠ ᠶᠠᠪᠤᠭᠤᠯᠬᠤ ᠶᠢᠨ ᠲᠥᠯᠥᠭᠡ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃      ᠬᠤᠶᠠᠷ᠂ ᠲᠤᠭᠤᠷᠪᠢᠨ ᠪᠢᠴᠢᠬᠦ ᠦᠨᠳᠦᠰᠦᠯᠡᠯ      ︽ᠬᠢᠵᠢᠭ ᠤᠨ ᠪᠠᠶᠢᠳᠠᠯ ᠠᠴᠠ ᠪᠣᠯᠵᠣ ᠰᠠᠭᠠᠲᠠᠭᠰᠠᠨ ᠬᠥᠮᠦᠰ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠵᠢᠯ ᠤᠨ ᠵᠦᠭᠯᠡᠭᠦᠷ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾      ︽ᠬᠢᠵᠢᠭ ᠤᠨ ᠪᠠᠶᠢᠳᠠᠯ ᠠᠴᠠ ᠪᠣᠯᠵᠣ ᠰᠠᠭᠠᠲᠠᠭᠰᠠᠨ ᠬᠥᠮᠦᠰ ᠤᠨ ᠡᠮᠬᠢ ᠵᠢᠷᠤᠮ ᠲᠠᠢ ᠪᠠᠷ ᠪᠤᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾      ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵  ᠨᠠᠢᠮᠠᠳᠤᠭᠠᠷ ᠬᠡᠪ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾      ︽ᠤᠯᠠᠭᠠᠨᠬᠠᠳᠠ ᠬᠤᠲᠠ᠂ ᠰᠦᠩᠱᠠᠨ ᠲᠣᠭᠤᠷᠢᠭ ᠤᠨ ᠬᠢᠵᠢᠭ ᠤᠨ ᠪᠠᠶᠢᠳᠠᠯ ᠠᠴᠠ ᠪᠣᠯᠵᠣ ᠬᠤᠴᠣᠷᠤᠭᠰᠠᠨ ᠬᠥᠮᠦᠰ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠵᠢᠯ ᠤᠨ ᠲᠥᠰᠦᠯ︾      ᠭᠤᠷᠪᠠ᠂ ᠭᠤᠣᠯ ᠠᠭᠤᠯᠭ᠎ᠠ      ︵ᠨᠢᠭᠡ︶ ᠠᠵᠢᠯ ᠤᠨ ᠵᠠᠷᠴᠢᠮ᠄ ᠨᠢᠭᠡ ᠳᠤ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠂ ᠬᠤᠶᠠᠷ ᠲᠤ ᠲᠣᠰᠬᠤᠨ ᠤ ᠱᠠᠲᠤᠨ ᠤ ᠬᠠᠮᠢᠶᠠᠷᠤᠯᠲᠠ ᠪᠠ ᠪᠠᠯᠭᠠᠰᠤᠨ ᠤ ᠬᠠᠷᠢᠶ᠎ᠠ ᠡᠯ᠎ᠡ ᠨᠢᠭᠡᠴᠡ ᠶᠢᠨ  ᠬᠠᠮᠵᠢᠯᠴᠠᠬᠤ ᠶᠢ ᠴᠢᠩᠭᠠᠳᠬᠠᠨ᠎ᠠ᠂ ᠭᠤᠷᠪᠠ ᠳᠤ ᠲᠥᠷᠥᠯ ᠬᠤᠪᠢᠶᠠᠨ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠦᠨ᠎ᠡ᠂ ᠳᠥᠷᠪᠡ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠠᠷᠢᠮᠲᠠᠯᠠᠨ᠎ᠠ᠂ ᠲᠠᠪᠤ ᠳᠤ ᠪᠥᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠨ᠎ᠠ᠃      ︵ᠬᠤᠶᠠᠷ︶ ᠠᠵᠢᠯ ᠤᠨ ᠠᠷᠭ᠎ᠠ ᠬᠡᠮᠵᠢᠶ᠎ᠡ      1.ᠲᠤᠬᠠᠶ ᠶᠢᠨ ᠭᠠᠵᠠᠷ ᠤᠨ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠳᠤ ᠣᠷᠣᠭᠤᠯᠤᠨ᠎ᠠ᠃ ᠮᠠᠨ ᠤ ᠪᠠᠯᠭᠠᠰᠤᠨ ᠳᠤ ᠬᠤᠴᠣᠷᠤᠭᠰᠠᠨ ᠭᠠᠳᠠᠷ ᠣᠷᠣᠨ ᠤ ᠬᠥᠮᠦᠰ ᠢ ᠮᠠᠨ ᠤ ᠪᠠᠯᠭᠠᠰᠤᠨ ᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠬᠡᠪᠴᠢᠶᠡᠨ ᠳᠤ ᠨᠢᠭᠡᠳᠦᠯᠲᠡᠶ ᠣᠷᠣᠭᠤᠯᠤᠨ᠎ᠠ᠃ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠳᠤ ᠬᠤᠴᠣᠷᠤᠭᠰᠠᠨ ᠭᠠᠳᠠᠷ ᠣᠷᠣᠨ ᠤ ᠬᠥᠮᠦᠰ ᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠪᠢᠲᠡᠭᠦᠮᠵᠢᠯᠡᠯ ᠢ ᠪᠦᠬᠦᠨ ᠢ ᠲᠠᠶᠢᠯᠬᠤ ᠠᠴᠠ ᠡᠮᠦᠨ᠎ᠡ᠂ ᠰᠠᠯᠵᠤ ᠪᠣᠯᠬᠤ ᠥᠬᠡᠶ᠃ ᠰᠡᠷᠭᠡᠶᠢᠯᠡᠯᠲᠡ ᠶᠢᠨ ᠲᠣᠭᠤᠷᠢᠭ ᠲᠤ ᠬᠤᠴᠣᠷᠤᠭᠰᠠᠨ ᠭᠠᠳᠠᠷ ᠣᠷᠣᠨ ᠤ ᠬᠥᠮᠦᠰ᠂ ᠵᠠᠷᠴᠢᠮ ᠳᠡᠭᠡᠷ᠎ᠡ ᠪᠠᠨ ᠵᠠᠪᠠᠯ ᠰᠠᠯᠬᠤ ᠥᠬᠡᠶ ᠪᠠᠶᠢᠬᠤ ᠬᠡᠷᠡᠭᠲᠡᠶ᠂ ᠬᠡᠷᠪᠡ ᠡᠪᠡᠳᠴᠢᠨ ᠦᠵᠡᠭᠦᠯᠬᠦ ᠵᠡᠷᠭᠡ ᠣᠨᠴᠠᠭᠠᠶ ᠰᠢᠯᠲᠠᠭᠠᠨ ᠠᠴᠠ ᠪᠣᠯᠵᠣ ᠦᠨᠡᠬᠡᠷ ᠰᠠᠯᠬᠤ ᠴᠢᠬᠤᠯᠠᠲᠠᠶ ᠪᠠᠶᠢᠪᠠᠯ᠂ ᠡᠷᠬᠡᠪᠰᠢ ᠰᠢᠨ᠎ᠡ ᠲᠢᠲᠢᠮᠯᠢᠭ ᠠᠭᠤᠰᠬᠢᠨ‌ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠦᠭᠡᠳ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠣᠯᠤᠨ ᠡᠷᠡᠭᠦᠯ ᠮᠡᠨᠳᠦ ᠶᠢᠨ ᠺᠣᠳ᠋ ᠤᠨ ᠨᠣᠭᠤᠭᠠᠨ ᠺᠣᠳ᠋ ᠢ ᠠᠪᠴᠤ ᠶᠠᠪᠤᠬᠤ ᠬᠡᠷᠡᠭᠲᠡᠶ ᠪᠥᠭᠡᠳ ᠬᠤᠪᠢ ᠬᠥᠮᠦᠨ ᠤ ᠬᠠᠮᠠᠭᠠᠯᠠᠯᠲᠠ ᠪᠣᠯᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠰᠠᠶ᠋ᠢ ᠰᠠᠯᠵᠤ ᠪᠣᠯᠤᠨ᠎ᠠ ᠭᠡᠵᠦ ᠠᠮᠠᠯᠠᠭᠰᠠᠨ ᠪᠠᠶᠢᠬᠤ ᠬᠡᠷᠡᠭᠲᠡᠶ᠃      2.ᠤᠨᠴᠠᠭᠠᠢ ᠪᠠᠶᠢᠳᠠᠯ ᠳᠣᠤᠷᠠᠬᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ᠃ ᠰᠠᠭᠠᠲᠠᠭᠰᠠᠨ ᠬᠥᠮᠦᠰ ᠤᠨ ᠳᠣᠲᠣᠷᠠᠬᠢ ᠨᠠᠰᠤᠲᠠᠶᠢᠴᠤᠳ ᠪᠠ ᠰᠠᠭᠤᠷᠢ ᠴᠢᠨᠠᠷᠲᠠᠶ ᠡᠪᠡᠳᠴᠢᠨ ᠲᠠᠢ ᠡᠪᠡᠳᠴᠢᠲᠡᠨ ᠰᠠᠭᠠᠲᠠᠭᠰᠠᠨ ᠬᠥᠮᠦᠰ ︵ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ᠂ ᠨᠢᠭᠲᠠ ᠣᠶᠢᠷᠠᠲᠤᠭᠰᠠᠳ ᠪᠠ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ ᠪᠠᠭᠲᠠᠭᠠᠬᠤ ᠥᠬᠡᠶ︶ ᠲᠤ ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠬᠦ ᠪᠠ ᠣᠨᠳᠣᠤ ᠭᠠᠵᠠᠷ ᠲᠤ ᠲᠥᠪᠯᠡᠷᠡᠭᠦᠯᠦᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠡᠷᠡᠭᠲᠡᠶ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠳᠠᠮᠵᠢᠭᠤᠯᠤᠨ ᠲᠡᠭᠡᠭᠡᠪᠦᠷᠢᠯᠡᠵᠦ᠂ ᠳᠠᠮᠵᠢᠭᠤᠯᠤᠨ ᠲᠡᠭᠡᠭᠡᠪᠦᠷᠢᠯᠡᠬᠦ ᠠᠴᠠ ᠡᠮᠦᠨ᠎ᠡ᠂ ᠠᠵᠢᠯ ᠤᠨ ᠬᠤᠪᠢᠶᠠᠷᠢᠯᠠᠯ ᠪᠣᠯᠤᠨ ᠲᠤᠬᠢᠷᠠᠭᠤᠯᠤᠯᠳᠠ ᠪᠠᠨ ᠲᠣᠳᠣᠷᠬᠠᠶᠢᠯᠠᠵᠤ᠂ ᠡᠯ᠎ᠡ ᠭᠤᠭᠴᠤᠭ᠎ᠠ ᠶᠢᠨ ᠪᠢᠲᠡᠭᠦᠦ ᠴᠠᠭᠠᠷᠢᠭ ᠢᠶᠠᠷ ᠵᠣᠯᠭᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠠᠭᠠᠲᠠᠭᠰᠠᠨ ᠬᠥᠮᠦᠰ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠴᠢᠩᠭ᠎ᠠ ᠨᠢᠮᠪᠠᠶ ᠰᠠᠶᠢᠲᠤᠷ ᠬᠢᠵᠦ᠂ 48 ᠴᠠᠭ ᠤᠨ ᠳᠣᠲᠣᠷ᠎ᠠ ᠬᠤᠶᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠲᠠᠢ ᠬᠥᠮᠦᠰ ᠲᠤ ᠲᠥᠪᠯᠡᠷᠡᠭᠦᠯᠦᠨ ︽ᠪᠢᠲᠡᠭᠦᠦ ᠴᠠᠭᠠᠷᠢᠭ︾ ᠢᠶᠠᠷ ᠳᠠᠮᠵᠢᠭᠤᠯᠤᠨ ᠲᠡᠭᠡᠭᠡᠪᠦᠷᠢᠯᠡᠬᠦ ᠶᠢ ᠬᠡᠷᠡᠭᠵᠢᠭᠦᠯᠬᠦ ᠬᠡᠷᠡᠭᠲᠡᠶ᠃ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠤ᠂ ᠬᠥᠮᠦᠨ ᠪᠠ ᠲᠡᠷᠭᠡ ᠬᠥᠰᠬᠡ ᠶᠢᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠬᠥᠮᠦᠰ ᠢ ᠵᠣᠬᠢᠶᠠᠨ ᠪᠠᠶᠢᠭᠤᠯᠤᠨ ᠡᠮᠬᠢ ᠵᠢᠷᠤᠮ ᠲᠠᠢ ᠪᠠᠷ ᠲᠡᠷᠭᠡᠨ ᠳᠤ ᠰᠠᠭᠤᠯᠭᠠᠵᠤ᠂ ᠪᠥᠬᠦ ᠶᠠᠪᠤᠴᠠ ᠶᠢ ᠬᠥᠲᠥᠯᠦᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃      3.ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠰᠠᠭᠠᠲᠠᠭᠰᠠᠨ ᠬᠥᠮᠦᠰ ᠲᠤ ᠰᠠᠭᠤᠭ᠎ᠠ ᠭᠠᠵᠠᠷ ᠤᠨ ᠱᠠᠭᠠᠷᠳᠠᠯᠭ᠎ᠠ ᠶᠣᠰᠣᠭᠠᠷ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠬᠢᠵᠦ᠂ ᠱᠠᠭᠠᠷᠳᠠᠯᠭ᠎ᠠ ᠶᠣᠰᠣᠭᠠᠷ ᠪᠠᠶᠢᠴᠠᠭᠠᠨ ᠰᠢᠯᠭᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠥᠯᠥ ᠬᠡᠷᠡᠭᠵᠢᠭᠦᠯᠦᠭᠰᠡᠳ ᠢ ᠲᠣᠮᠢᠯᠠᠭᠰᠠᠨ ᠰᠠᠯᠪᠤᠷᠢ ᠠᠴᠠ ᠵᠢᠮᠡᠯᠡᠨ ᠴᠡᠭᠡᠷᠯᠡᠭᠦᠯᠦᠨ᠎ᠡ᠃      4.ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠮᠠᠨ ᠤ ᠪᠠᠯᠭᠠᠰᠤᠨ ᠳᠤ ᠬᠤᠴᠣᠷᠤᠭᠰᠠᠨ ᠬᠥᠮᠦᠰ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠬᠠᠮᠢᠶᠠᠷᠤᠯᠲᠠ ᠳᠤ ᠣᠷᠣᠭᠤᠯᠵᠤ᠂ ᠲᠥᠪᠯᠡᠷᠡᠭᠦᠯᠦᠨ ᠲᠤᠰᠠᠭᠠᠷᠯᠠᠬᠤ᠂ ᠬᠡᠷ ᠲᠤᠨᠢ ᠲᠤᠰᠠᠭᠠᠷᠯᠠᠬᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠰᠠᠭᠠᠲᠠᠭᠰᠠᠨ ᠬᠥᠮᠦᠰ ᠤᠨ ᠪᠠᠶᠢᠭ᠎ᠠ ᠲᠣᠰᠬᠤᠨ ᠤ ᠣᠷᠣᠨ ᠰᠠᠭᠤᠴᠠ ᠳᠤ ᠠᠮᠢᠳᠤᠷᠠᠯ ᠤᠨ ᠪᠠᠲᠤᠯᠠᠭ᠎ᠠ᠂ ᠡᠮ ᠡᠮᠨᠡᠯᠭᠡ ᠶᠢᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠠᠭᠤᠰᠤᠭᠰᠠᠨ ᠤ ᠳᠠᠷᠠᠭ᠎ᠠ᠂ ᠦᠨᠡᠯᠡᠨ ᠵᠢᠱᠢᠯᠲᠡ ᠳᠤ ᠠᠶᠤᠯ ᠲᠦᠭᠰᠢᠭᠦᠷᠢ ᠥᠬᠡᠶ ᠪᠣᠯᠤᠭᠰᠠᠨ ᠤ ᠳᠠᠷᠠᠭ᠎ᠠ ᠡᠮᠬᠢ ᠵᠢᠷᠤᠮ ᠲᠠᠢ ᠪᠠᠷ ᠰᠢᠯᠵᠢᠬᠦ ᠪᠤᠶᠤ ᠪᠤᠴᠠᠵᠤ ᠪᠣᠯᠤᠨ᠎ᠠ᠃      5.ᠦᠯᠡᠳᠡᠵᠦ ᠬᠤᠴᠣᠷᠤᠭᠰᠠᠨ ᠬᠥᠮᠦᠰ ᠤᠨ ᠬᠠᠷᠢᠯᠴᠠᠬᠤ ᠬᠥᠮᠦᠨ ᠪᠠ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠠᠨ ᠤ ᠪᠠᠯᠭᠠᠰᠤᠨ ᠳᠤ ᠢᠷᠡᠵᠦ ᠠᠵᠢᠯ ᠬᠥᠳᠡᠯᠮᠦᠷᠢ ᠬᠢᠭᠰᠡᠳ ᠤᠨ ᠬᠥᠯᠥᠰᠥᠯᠡᠭᠴᠢ ᠪᠤᠶᠤ ᠪᠠᠶᠢᠭ᠎ᠠ ᠨᠢᠭᠡᠴᠡ ᠳᠤ᠂ ᠬᠤᠴᠣᠷᠤᠭᠰᠠᠨ ᠬᠥᠮᠦᠰ ᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠴᠣᠷᠤᠭᠰᠠᠨ ᠬᠥᠮᠦᠰ ᠢ ᠬᠠᠮᠢᠶᠠᠷᠬᠤ᠂ ᠦᠢᠯᠡᠴᠢᠯᠡᠬᠦ ᠶᠢ ᠬᠠᠷᠢᠭᠤᠴᠠᠵᠤ᠂ ᠬᠤᠴᠣᠷᠤᠭᠰᠠᠨ ᠬᠥᠮᠦᠰ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤ ᠬᠠᠮᠵᠢᠯᠴᠠᠭᠤᠯᠬᠤ ᠪᠠᠷ ᠢᠳᠬᠠᠨ᠎ᠠ᠃      6.ᠪᠤᠴᠠᠵᠤ ᠢᠷᠡᠭᠰᠡᠨ ᠤ ᠳᠠᠷᠠᠭᠠᠬᠢ ᠬᠥᠮᠦᠰ ᠤᠨ ᠬᠠᠮᠢᠶᠠᠷᠤᠯᠲᠠ᠃ ᠪᠤᠴᠠᠬᠤ ᠬᠥᠮᠦᠰ ᠵᠣᠷᠢᠭᠰᠠᠨ ᠭᠠᠵᠠᠷ ᠲᠠᠭᠠᠨ ᠬᠦᠷᠦᠭᠰᠡᠨ ᠤ ᠳᠠᠷᠠᠭ᠎ᠠ᠂ ᠡᠷᠬᠡᠪᠰᠢ ᠬᠠᠮᠤᠭ ᠤᠨ ᠲᠡᠷᠢᠭᠦᠨ ᠳᠤ ᠲᠤᠬᠠᠶ ᠶᠢᠨ ᠭᠠᠵᠠᠷ ᠲᠠᠭᠠᠨ ᠮᠡᠳᠡᠭᠦᠯᠵᠦ᠂ ᠵᠣᠷᠢᠭᠰᠠᠨ ᠭᠠᠵᠠᠷ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠶ ᠳᠤᠨᠢ ᠡᠮᠨᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠪᠠᠶᠢᠳᠠᠯ ᠢ ᠦᠨᠡᠨ ᠮᠥᠨ ᠢᠶᠠᠷ ᠨᠢ ᠮᠡᠳᠡᠭᠦᠯᠬᠦ ᠬᠡᠷᠡᠭᠲᠡᠶ᠃      ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠄ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠂ ᠬᠤᠶᠠᠷ ᠲᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠂ ᠭᠤᠷᠪᠠ ᠳᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠂ ᠳᠥᠷᠪᠡ ᠳᠤ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号