ᠮᠠᠨ ᠤ ᠲᠤᠭᠤᠷᠢᠭ ᠭᠠᠵᠠᠷ ᠰᠢᠷᠣᠶ ᠶᠢᠨ ᠡᠬᠢ ᠪᠠᠶᠠᠯᠢᠭ ᠢ ᠵᠦᠶ ᠵᠣᠬᠢᠰᠲᠠᠶ ᠳᠣᠭᠢᠷᠠᠭᠤᠯᠤᠨ᠂ ᠭᠠᠵᠠᠷ | ᠰᠢᠷᠣᠶ ᠶᠢᠨ ᠡᠵᠡᠩᠨᠡᠯᠲᠡ ᠶᠢᠨ ᠡᠷᠬᠡ ᠶᠢ ᠵᠣᠬᠢᠬᠤ ᠬᠡᠮᠵᠢᠶ᠎ᠡ ᠪᠠᠷ ᠴᠢᠯᠥᠭᠡᠲᠡᠶ ᠪᠣᠯᠭᠠᠵᠤ᠂ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠵᠣᠬᠢᠬᠤ ᠬᠡᠪᠴᠢᠶᠡᠲᠦ | ᠡᠵᠡᠩᠨᠡᠯᠲᠡ ᠶᠢ ᠬᠥᠭᠵᠢᠭᠦᠯᠦᠨ᠎ᠡ᠃ ᠲᠠᠷᠢᠶᠠᠴᠢᠨ ᠡᠷᠦᠬᠡ ᠶᠢᠨ ᠭᠡᠷ ᠪᠦᠯᠢ ᠶᠢᠨ ᠡᠵᠡᠩᠨᠡᠯᠲᠡ ᠪᠠᠷ ᠰᠠᠭᠤᠷᠢ | ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠣᠯᠤᠨ | ᠰᠢᠨ᠎ᠡ ᠬᠡᠯᠪᠡᠷᠢ ᠶᠢᠨ ᠲᠠᠷᠢᠶᠠᠯᠠᠩ ᠤᠨ ᠦᠢᠯᠡᠴᠢᠯᠡᠭᠡᠨ ᠤ ᠭᠤᠣᠯ ᠴᠣᠭᠴᠠ ᠶᠢᠨ ᠣᠳᠣ ᠦᠶ᠎ᠡ ᠶᠢᠨ ᠲᠠᠷᠢᠶᠠᠯᠠᠩ ᠢ | ᠪᠦᠲᠦᠭᠡᠨ ᠪᠠᠶᠢᠭᠤᠯᠬᠤ ᠭᠤᠣᠯᠯᠠᠭᠴᠢ ᠬᠦᠴᠦᠨ ᠪᠣᠯᠬᠤ ᠶᠢ ᠳᠡᠮᠵᠢᠵᠦ᠂ ᠲᠠᠷᠢᠶᠠᠯᠠᠩ ᠤᠨ ᠮᠠᠰᠢᠨ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ᠂ ᠪᠣᠬᠢᠷᠲᠤᠯ ᠥᠬᠡᠶ ᠬᠥᠭᠵᠢᠭᠦᠯᠬᠦ᠂ ᠵᠠᠬ᠎ᠠ ᠳᠡᠯᠭᠡᠭᠦᠷ ᠢ | ᠨᠡᠭᠡᠭᠡᠬᠦ ᠵᠡᠷᠭᠡ ᠲᠠᠯ᠎ᠠ ᠪᠠᠷ ᠬᠢ ᠣᠯᠠᠨ ᠵᠦᠢᠯ ᠤᠨ ᠬᠡᠯᠪᠡᠷᠢ ᠮᠠᠶ᠋ᠢᠭ ᠤᠨ ᠵᠣᠬᠢᠬᠤ ᠬᠡᠪᠴᠢᠶᠡᠲᠦ ᠡᠵᠡᠩᠨᠡᠯᠲᠡ ᠶᠢᠨ | ᠬᠥᠲᠥᠯᠦᠨ ᠳᠠᠭᠠᠭᠤᠯᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠲᠠᠷᠢᠶᠠᠴᠢᠳ ᠤᠨ ᠬᠤᠷᠰᠢᠶ᠎ᠠ ᠪᠠ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠢᠳᠡᠪᠬᠢᠲᠡᠶ ᠪᠠᠷ ᠪᠤᠶᠢᠵᠢᠭᠤᠯᠤᠨ᠂ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠴᠢᠳᠠᠪᠤᠷᠢ ᠶᠢᠨ ᠲᠠᠰ ᠳᠡᠪᠰᠢᠬᠦ ᠶᠢ | ᠲᠦᠷᠭᠡᠳᠬᠡᠨ᠎ᠡ᠃ | ᠣᠲᠣ ᠪᠣᠯᠲᠠᠯ᠎ᠠ᠂ ᠨᠢᠭᠡᠨᠲᠡ 302 ᠡᠷᠦᠬᠡ ᠶᠢ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠᠷ | ᠮᠠᠭᠠᠳᠯᠠᠨ ᠲᠣᠭᠲᠠᠭᠠᠪᠠ᠂ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 9᠂ ᠤᠯᠠᠭᠠᠨᠬᠠᠳᠠ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 38᠂ ᠲᠤᠭᠤᠷᠢᠭ ᠤᠨ ᠲᠠᠰ ᠤᠨ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ 26 ᠪᠣᠶ᠃ ᠣᠳᠣᠬᠠᠨ ᠳᠤ ᠪᠥᠬᠦ ᠲᠤᠭᠤᠷᠢᠭ ᠲᠤ ᠡᠵᠡᠩᠨᠡᠯᠲᠡ ᠰᠠᠶᠢᠲᠠᠶ ᠬᠤᠷᠰᠢᠶ᠎ᠠ 313 | ᠪᠣᠶ᠂ ᠡᠭᠦᠨ ᠳᠤ᠄ ᠤᠯᠤᠰ ᠤᠨ ᠲᠠᠰ ᠤᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ | ᠬᠤᠷᠰᠢᠶ᠎ᠠ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢᠨ | ᠵᠢᠱᠢᠶ᠎ᠡ ᠦᠵᠡᠭᠦᠯᠬᠦ ᠬᠤᠷᠰᠢᠶ᠎ᠠ 10᠂ ᠤᠯᠠᠭᠠᠨᠬᠠᠳᠠ ᠬᠤᠲᠠ ᠶᠢᠨ ᠲᠠᠰ ᠤᠨ ᠲᠠᠷᠢᠶᠠᠴᠢᠨ ᠤ ᠲᠤᠰᠬᠠᠶ ᠠᠵᠢᠯ ᠤᠨ | ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ 37᠂ ᠰᠦᠩᠱᠠᠨ ᠲᠣᠭᠤᠷᠢᠭ ᠤᠨ ᠲᠠᠰ ᠤᠨ ᠲᠠᠷᠢᠶᠠᠴᠢᠨ ᠤ | ᠲᠤᠰᠬᠠᠶ ᠠᠵᠢᠯ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ 82 ᠪᠣᠶ᠃ ᠬᠤᠷᠰᠢᠶ᠎ᠠ ᠶᠢᠨ ᠠᠰᠢᠭ | ᠬᠤᠨᠵᠢᠪᠣᠷᠢ ᠶᠢ ᠪᠤᠴᠠᠭᠠᠬᠤ᠂ ᠠᠰᠢᠭ ᠬᠤᠪᠢᠶᠠᠬᠤ ᠲᠦᠷᠢᠮ ᠨᠢ ᠲᠠᠷᠢᠶᠠᠴᠢᠳ ᠤᠨ ᠣᠷᠣᠯᠭ᠎ᠠ ᠶᠢ ᠰᠢᠭᠤᠳ | ᠨᠡᠮᠡᠭᠳᠡᠭᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠮᠠᠰᠢᠨᠴᠢᠯᠠᠭᠰᠠᠨ ᠠᠵᠢᠯ ᠨᠢ ᠲᠠᠷᠢᠶᠠᠴᠢᠨ | ᠡᠷᠤᠭᠡ ᠶᠢᠨ ᠥᠪᠡᠷ ᠤᠨ ᠦᠷᠳᠡᠭ ᠢ ᠠᠷᠪᠢᠯᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠭᠰᠠᠨ | ᠪᠠᠶᠢᠨ᠎ᠠ᠃ |