︽ᠰᠦᠩᠵᠸᠤ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠬᠦ ᠶᠢ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/6/30
      ᠨᠢᠭᠡ᠂ ᠠᠵᠢᠯ ᠤᠨ ᠠᠬᠤᠶ ᠪᠠᠶᠢᠳᠠᠯ      ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠪᠥᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵  ᠤᠯᠠᠭᠠᠨᠬᠠᠳᠠ ᠰᠦᠩᠱᠠᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠲᠠᠷᠬᠠᠭᠠᠭᠰᠠᠨ ︹ 2022 ︺ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠨᠡᠩ ᠲᠣᠭᠲᠠᠭᠤᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠮᠠᠨ ᠤ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠨ᠎ᠡ᠃        ᠬᠤᠶᠠᠷ᠂ ᠠᠵᠢᠯ ᠤᠨ ᠬᠠᠷᠠᠯᠲᠠ      ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠪᠥᠳᠥᠭᠡᠨ ᠪᠠᠶᠢᠭᠤᠯᠤᠯᠲᠠ ᠶᠢᠨ ᠥᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠦᠨᠳᠦ ᠶᠡᠭᠡ ᠣᠨᠴᠠ ᠶᠡᠭᠡ ᠠᠶᠤᠯᠭᠦᠢ ᠶᠢᠨ ᠡ᠊ᠨᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠪᠠ ᠡᠷᠡᠰ ᠬᠤᠷᠢᠭᠯᠠᠵᠤ᠂ ᠲᠤᠰ ᠵᠡᠭᠡᠯᠢ ᠭᠤᠳᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠬᠡᠯᠪᠡᠷᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠦᠷᠭᠦᠯᠵᠢᠯᠡᠨ ᠪᠠᠲᠤᠯᠠᠨ᠎ᠠ᠃      ᠭᠤᠷᠪᠠ᠂ ᠭᠤᠣᠯ ᠠᠭᠤᠯᠭ᠎ᠠ      ︽ᠲᠥᠰᠦᠯ︾ ᠤᠨ ᠭᠤᠣᠯ ᠠᠭᠤᠯᠭ᠎ᠠ ᠳᠤ ᠳᠣᠣᠷᠠᠬᠢ ᠵᠦᠢᠯᠡᠰ ᠪᠠᠭᠲᠠᠨ᠎ᠠ᠄      ︵ᠨᠢᠭᠡ︶ ᠪᠠᠶᠢᠴᠠᠭᠠᠬᠤ ᠬᠦᠷᠢᠶ᠎ᠡ ᠬᠡᠪᠴᠢᠶ᠎ᠡ᠄ 1. ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ᠃ 2. ᠭᠠᠯ ᠤᠨᠲᠠᠷᠠᠭᠠᠬᠤ ᠠᠮᠤᠷ ᠲᠦᠪᠰᠢᠨ᠃ 3. ᠪᠠᠷᠢᠯᠭ᠎ᠠ ᠶᠢᠨ ᠠᠵᠢᠯ ᠤᠨ ᠠᠮᠤᠷ ᠲᠦᠪᠰᠢᠨ᠃      ︵ᠬᠤᠶᠠᠷ︶ ᠠᠵᠢᠯ ᠤᠨ ᠠᠯᠬᠤᠮ ᠳᠠᠷᠠᠭ᠎ᠠ᠄ 1. ᠳᠠᠶᠢᠴᠢᠯᠠᠵᠤ ᠪᠠᠶᠢᠷᠢᠯᠠᠭᠤᠯᠬᠤ ᠱᠠᠲᠤ ᠦᠶ᠎ᠡ᠃ 2. ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠱᠠᠲᠤ ᠦᠶ᠎ᠡ᠃ . 3. ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ      ᠳᠥᠷᠪᠡ᠂ ᠠᠵᠢᠯ ᠤᠨ ᠠᠴᠢ ᠬᠤᠯᠪᠣᠭᠳᠠᠯ      ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠬᠦ ᠪᠣᠯ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ︽ᠲᠥᠰᠦᠯ︾ ᠢ ᠨᠡᠶᠢᠲᠡᠯᠡᠭᠰᠡᠨ ᠨᠢ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠭᠤᠣᠯᠳᠠᠯᠭ᠎ᠠ ᠶᠢ ᠲᠣᠳᠣᠷᠬᠠᠶᠢᠯᠠᠵᠤ᠂ ᠲᠣᠣᠷ ᠤᠨ ᠦᠢᠯᠡᠳᠦᠯ ᠢ ᠪᠠᠳᠠᠷᠠᠭᠤᠯᠵᠤ᠂ ᠬᠠᠷᠢᠶ᠎ᠠ ᠣᠷᠣᠨ ᠤ ᠤᠯᠠᠨ ᠨᠡᠶᠢᠲᠡ ᠶᠢᠨ ᠠᠮᠤᠷ ᠲᠦᠪᠰᠢᠨ ᠪᠣᠯᠤᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠬᠤ ᠳᠤ ᠠᠰᠢᠭᠲᠠᠢ ᠶᠤᠮ᠃         
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号