︽ᠰᠦᠩᠵᠸᠤ ᠵᠡᠭᠡᠯᠢ ᠭᠤᠳᠤᠮᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/6/30
      ᠨᠢᠭᠡ᠂ ᠠᠵᠢᠯ ᠤᠨ ᠠᠬᠤᠶ ᠪᠠᠶᠢᠳᠠᠯ      ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ︵ᠳᠣᠷᠣᠭᠰᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠭᠡᠵᠦ ᠲᠣᠪᠴᠢᠯᠠᠨ᠎ᠠ︶ ᠤᠨ ᠬᠢᠵᠢᠭ ᠤᠨ ᠲᠠᠷᠬᠠᠵᠤ ᠳᠡᠯᠭᠡᠷᠡᠬᠦ ᠶᠢ ᠪᠦᠲᠦᠮᠵᠢᠲᠡᠶ ᠬᠢᠵᠠᠭᠠᠷᠯᠠᠵᠤ᠂ ᠬᠢᠵᠢᠭ ᠤᠨ ᠬᠤᠤᠷ ᠬᠥᠨᠥᠭᠡᠯ ᠢ ᠴᠠᠭ ᠲᠤᠬᠠᠶ ᠳᠤᠨᠢ ᠠᠷᠢᠯᠭᠠᠵᠤ᠂ ᠣᠯᠠᠨ ᠨᠡᠶᠢᠲᠡ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠂ ᠨᠡᠶᠢᠭᠡᠮ ᠤᠨ ᠬᠡᠪ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ ᠪᠤᠯᠤᠨ᠎ᠠ᠃ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠱᠠᠭᠠᠷᠳᠠᠯᠭ᠎ᠠ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾᠂ ︽ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾᠂ ︽ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾᠂ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ︾ ᠵᠢᠴᠢ ᠰᠦᠩᠵᠸᠤ ᠵᠡᠭᠡᠯᠢ ᠭᠤᠳᠤᠮᠵᠢ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠲᠣᠰ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠪᠠ᠃      ᠬᠤᠶᠠᠷ᠂ ᠠᠵᠢᠯ ᠤᠨ ᠵᠠᠷᠴᠢᠮ      ᠬᠥᠮᠦᠨ ᠢᠶᠠᠷ ᠦᠨᠳᠦᠰᠦ ᠪᠣᠯᠭᠠᠬᠤ᠂ ᠠᠮᠢ ᠨᠠᠰᠤ ᠶᠢ ᠳᠡᠭᠡᠳᠦᠯᠡᠬᠦ᠂ ᠵᠠᠰᠠᠭ ᠤᠨ ᠣᠷᠳᠣᠨ ᠠᠴᠠ ᠤᠳᠤᠷᠢᠳᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠳᠤ ᠬᠤᠪᠢᠶᠠᠨ ᠬᠠᠷᠢᠭᠤᠴᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠨᠠᠷᠢᠯᠢᠭ ᠣᠨᠣᠴᠠᠲᠠᠶ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ᠂ ᠲᠦᠷᠭᠡᠨ ᠲᠤᠰᠬᠠᠬᠤ ᠵᠠᠷᠴᠢᠮ ᠶᠣᠰᠣᠭᠠᠷ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠨ᠎ᠡ᠃ ︽ᠬᠥᠮᠦᠨ ᠪᠤᠳᠠᠰ ᠢ ᠬᠠᠮᠲᠤ ᠳᠤᠨᠢ ᠰᠡᠷᠭᠡᠶᠢᠯᠡᠬᠦ︾ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠲᠠᠷᠬᠠᠵᠤ ᠪᠠᠶᠢᠭ᠎ᠠ ᠡᠪᠡᠳᠴᠢᠨ ᠤ ᠵᠢᠱᠢᠶ᠎ᠡ ᠪᠠ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠡᠷᠲᠡ᠂ ᠪᠠᠭ᠎ᠠ᠂ ᠴᠢᠩᠭ᠎ᠠ᠂ ᠪᠣᠳᠠᠲᠠᠶ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ᠂ ᠬᠦᠴᠦᠲᠡᠶ᠂ ᠡᠮᠬᠢ ᠵᠢᠷᠤᠮ ᠲᠠᠢ᠂ ᠪᠦᠲᠦᠮᠵᠢᠲᠡᠶ ᠰᠢᠢᠳᠪᠦᠷᠢᠯᠡᠬᠦ ᠶᠢ ᠪᠡᠶᠡᠯᠡᠭᠦᠯᠦᠨ᠎ᠡ᠃      ᠭᠤᠷᠪᠠ᠂ ᠭᠤᠣᠯ ᠠᠭᠤᠯᠭ᠎ᠠ      ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠤᠨ ᠭᠤᠣᠯ ᠠᠭᠤᠯᠭ᠎ᠠ ᠳᠤ ᠳᠣᠣᠷᠠᠬᠢ ᠵᠦᠢᠯᠡᠰ ᠪᠠᠭᠲᠠᠨ᠎ᠠ᠄      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠦᠲᠦᠴᠡ᠄ ᠵᠢᠯᠣᠭᠤᠳᠬᠤ ᠭᠠᠵᠠᠷ ᠵᠢᠴᠢ ᠳᠣᠤᠷᠠᠬᠢ ᠡᠯ᠎ᠡ ᠠᠯᠪᠠᠨ ᠬᠡᠷ ᠤᠨ ᠠᠵᠢᠯᠲᠠᠨ ᠤ ᠨᠡᠷᠡᠰ      ︵ᠬᠤᠶᠠᠷ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠄ 1. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠷᠭ᠎ᠠ ᠬᠡᠮᠵᠢᠶ᠎ᠡ᠃ 2. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠠᠷᠭ᠎ᠠ᠃ 3. ᠪᠠᠲᠤᠯᠠᠭ᠎ᠠ ᠶᠢᠨ ᠠᠷᠭ᠎ᠠ ᠬᠡᠮᠵᠢᠶ᠎ᠡ      ᠳᠥᠷᠪᠡ᠂ ᠠᠵᠢᠯ ᠤᠨ ᠠᠴᠢ ᠬᠤᠯᠪᠣᠭᠳᠠᠯ      ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠨᠡᠶᠢᠲᠡᠯᠡᠭᠰᠡᠨ ᠨᠢ ᠠᠶᠤᠯ ᠲᠦᠭᠰᠢᠭᠦᠷᠢ ᠶᠢᠨ ᠲᠠᠯᠳᠠ ᠭᠡᠮ ᠢ ᠡᠰᠡᠷᠭᠦᠴᠡᠬᠦ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠦᠷᠢᠶ᠎ᠡ ᠬᠡᠪᠴᠢᠶ᠎ᠡ ᠪᠠ ᠰᠢᠰᠲ᠋ᠧᠮ ᠢ ᠲᠣᠳᠣᠷᠬᠠᠶ ᠪᠣᠯᠭᠠᠵᠤ᠂ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠡᠯ᠎ᠡ ᠵᠠᠩᠭᠢᠯᠠᠭ᠎ᠠ ᠶᠢ ᠵᠢᠷᠤᠮᠯᠠᠬᠤ ᠲᠦᠷᠢᠮ ᠲᠠᠢ ᠪᠣᠯᠭᠠᠬᠤ ᠳᠤ ᠠᠰᠢᠭᠲᠠᠶ ᠪᠤᠯᠤᠨ᠎ᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号