︽ᠬᠤᠲᠠ ᠶᠢᠨ ᠣᠯᠠᠨ ᠨᠡᠶᠢᠲᠡ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢᠨ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/6/30
      ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠶᠣᠰᠣᠭᠠᠷ᠂ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠠᠴᠠ ︽︿ᠬᠤᠲᠠ ᠶᠢᠨ ᠣᠯᠠᠨ ᠨᠡᠶᠢᠲᠡ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠣᠨ﹀ ᠤ ᠠᠵᠢᠯᠯᠠᠭ᠎ᠠ ᠶᠢᠨ ᠲᠥᠰᠦᠯ︾ ᠢ ᠲᠤᠭᠤᠷᠪᠢᠵᠤ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠲᠤᠰ ᠵᠦᠢᠯ ᠤᠨ ᠠᠵᠢᠯᠯᠠᠭ᠎ᠠ ᠶᠢ ᠥᠷᠨᠢᠭᠦᠯᠦᠭᠰᠡᠨ ᠠᠬᠤᠶ ᠪᠠᠶᠢᠳᠠᠯ ᠪᠠ ᠵᠣᠷᠢᠯᠭ᠎ᠠ      ᠬᠤᠲᠠ ᠪᠠᠯᠭᠠᠰᠤᠵᠢᠯᠲᠠ ᠶᠢᠨ ᠨᠣᠷᠮ᠎ᠠ ᠶᠢᠨ ᠳᠡᠭᠡᠭᠰᠢᠯᠡᠬᠦ ᠶᠢ ᠳᠠᠭᠠᠯᠳᠤᠨ᠂ ᠬᠤᠲᠠ ᠶᠢᠨ ᠲᠣᠭᠤᠷᠢᠭ ᠤᠨ ᠬᠥᠮᠦᠨ ᠠᠮᠠ ᠶᠡᠭᠡ ᠬᠡᠮᠵᠢᠶ᠎ᠡ ᠪᠠᠷ ᠨᠡᠮᠡᠭᠳᠡᠵᠦ᠂ ᠠᠳᠡᠯ ᠭᠠᠷᠪᠠᠯ ᠣᠯᠠᠨ ᠬᠥᠮᠦᠨ ᠥᠭᠦᠵᠦ ᠰᠢᠷᠬᠠᠲᠤᠬᠤ ᠨᠢ ᠲᠦᠢᠯ ᠤᠨ ᠬᠢᠯᠪᠠᠷ ᠪᠠᠶᠢᠳᠠᠭ᠃ ᠡᠭᠦᠨ ᠠᠴᠠ ᠭᠠᠳᠠᠨ᠎ᠠ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠤᠭᠤᠯᠠᠶ᠂ ᠬᠥᠮᠦᠨ ᠬᠠᠷ᠎ᠠ ᠨᠢᠭᠲᠠᠷᠠᠭᠰᠠᠨ ᠭᠠᠵᠠᠷ ᠲᠠᠯᠠᠪᠤᠷ ᠤᠨ ᠭᠠᠯ ᠤᠨᠲᠠᠷᠠᠭᠠᠬᠤ ᠪᠡᠯᠡᠳᠬᠡᠮᠵᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ ᠳᠤ ᠠᠳᠠᠯᠢ ᠪᠤᠰᠤ ᠬᠡᠮᠵᠢᠶ᠎ᠡ ᠪᠠᠷ ᠬᠠᠭᠤᠴᠢᠷᠠᠬᠤ ᠠᠰᠠᠭᠤᠳᠠᠯ ᠣᠷᠣᠰᠢᠵᠤ᠂ ᠠᠮᠤᠷ ᠲᠦᠪᠰᠢᠨ ᠤ ᠳᠠᠯᠳᠠ ᠬᠡᠮ ᠭᠠᠷᠪᠠᠯ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠬᠤᠯᠠᠲᠠᠶ ᠪᠤᠯᠤᠨ᠎ᠠ᠃ ︽ᠬᠤᠲᠠ ᠶᠢᠨ ᠣᠯᠠᠨ ᠨᠡᠶᠢᠲᠡ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠬᠦ ᠶᠢᠨ ᠭᠤᠤᠯ ᠵᠣᠷᠢᠯᠭ᠎ᠠ ᠪᠣᠯ ᠳᠠᠷᠤᠶ ᠬᠤᠲᠠ ᠶᠢᠨ ᠣᠯᠠᠨ ᠨᠡᠶᠢᠲᠡ ᠶᠢᠨ ᠬᠦᠷᠢᠶᠡᠨ ᠳᠠᠬᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃      ᠬᠤᠶᠠᠷ᠂ ᠲᠥᠰᠦᠯ ᠤᠨ ᠭᠤᠣᠯ ᠠᠭᠤᠯᠭ᠎ᠠ      ︽ᠲᠥᠰᠦᠯ︾ ᠳᠤ ᠠᠵᠢᠯ ᠤᠨ ᠬᠠᠷᠠᠯᠲᠠ᠂ ᠴᠡᠭᠴᠡᠯᠡᠨ ᠵᠠᠰᠠᠬᠤ ᠬᠡᠪᠴᠢᠶ᠎ᠡ ᠵᠢᠴᠢ ᠵᠠᠷᠴᠢᠮ᠂ ᠴᠡᠭᠴᠡᠯᠡᠨ ᠵᠠᠰᠠᠬᠤ ᠭᠤᠤᠯᠳᠠᠯᠭ᠎ᠠ ᠲᠠᠢ ᠬᠦᠷᠢᠶ᠎ᠡ᠂ ᠴᠠᠭ ᠤᠨ ᠲᠣᠬᠢᠷᠠᠭᠤᠯᠤᠯᠲᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠪᠤᠨ ᠬᠡᠰᠡᠭ ᠲᠠᠢ᠃ ᠴᠡᠭᠴᠡᠯᠡᠨ ᠵᠠᠰᠠᠬᠤ ᠬᠡᠪᠴᠢᠶ᠎ᠡ ᠨᠢ ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠡᠯ᠎ᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠᠶᠢᠵᠤ᠂ ᠴᠡᠭᠴᠡᠯᠡᠨ ᠵᠠᠰᠠᠬᠤ ᠵᠠᠷᠴᠢᠮ ᠨᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠤᠨ ᠬᠢᠨ ᠬᠠᠮᠵᠢᠯᠴᠠᠨ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠰᠢᠮᠳᠠᠭᠤᠯᠤᠨ ᠪᠠᠶᠢᠴᠠᠭᠠᠵᠤ ᠳᠣᠭᠢᠷᠠᠭᠤᠯᠤᠨ᠎ᠠ᠃ ᠴᠡᠭᠴᠡᠯᠡᠨ ᠵᠠᠰᠠᠬᠤ ᠭᠤᠤᠯᠳᠠᠯᠭ᠎ᠠ ᠲᠠᠢ ᠬᠦᠷᠢᠶ᠎ᠡ ᠨᠡᠶᠢᠲᠡ 7 ᠪᠣᠶ᠂ ᠲᠣᠰ ᠲᠣᠰ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠬᠦᠷᠢᠶ᠎ᠡ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ᠂ ᠬᠥᠮᠦᠨ ᠬᠠᠷ᠎ᠠ ᠨᠢᠭᠲᠠᠷᠠᠭᠰᠠᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ᠂ ᠲᠦᠷᠢᠶᠡᠰᠦᠨ ᠬᠡᠷ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠰᠤᠷᠭᠠᠭᠤᠯᠢ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠵᠡᠷᠭᠡ ᠪᠣᠯᠤᠨ᠎ᠠ᠃ ︽ᠲᠥᠰᠦᠯ︾ ᠳᠤ ᠭᠤᠤᠯᠳᠠᠯᠭ᠎ᠠ ᠲᠠᠢ ᠬᠦᠷᠢᠶ᠎ᠡ ᠨᠢᠭᠡᠪᠦᠷᠢ ᠶᠢᠨ ᠴᠡᠭᠴᠡᠯᠡᠨ ᠵᠠᠰᠠᠬᠤ ᠶᠢᠨ ᠲᠦᠷᠦᠭᠦᠯᠡᠨ ᠬᠢᠬᠦ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠪᠣᠳᠠᠲᠠᠶ ᠴᠡᠭᠴᠡᠯᠡᠨ ᠵᠠᠰᠠᠬᠤ ᠲᠥᠰᠦᠯ ᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠣᠳᠠᠲᠠᠶ ᠬᠠᠮᠵᠢᠯᠴᠠᠬᠤ ᠰᠠᠯᠠᠭ᠎ᠠ ᠮᠥᠴᠢᠷ ᠢ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠲᠣᠭᠲᠠᠭᠠᠨ᠎ᠠ᠃ ᠴᠡᠭᠴᠡᠯᠡᠨ ᠵᠠᠰᠠᠬᠤ ᠴᠠᠭ ᠨᠢ ᠣᠲᠣ ᠠᠴᠠ ᠡᠬᠢᠯᠡᠨ ᠵᠢᠯ ᠤᠨ ᠡᠴᠦᠰ ᠲᠤ ᠳᠠᠭᠤᠰᠤᠨ᠎ᠠ᠂ ᠪᠥᠬᠦ ᠲᠠᠯ᠎ᠠ ᠪᠠᠷ ᠡᠬᠢᠯᠡᠭᠦᠯᠬᠦ᠂ ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠳ᠋ᠦᠩᠨᠡᠨ ᠳᠡᠭᠡᠭᠰᠢᠯᠡᠭᠦᠯᠬᠦ ᠭᠤᠷᠪᠠᠨ ᠱᠠᠲᠤ ᠦᠶ᠎ᠡ ᠬᠤᠪᠢᠶᠠᠨ᠎ᠠ᠃ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠪᠡᠯ᠂ ᠨᠢᠭᠡ ᠳᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠤᠭᠤᠴᠢᠨ ᠪᠠᠶᠢᠴᠠᠭᠠᠬᠤ᠂ ᠪᠠᠶᠢᠴᠠᠭᠠᠬᠤ᠂ ᠮᠡᠳᠡᠭᠡᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠦᠴᠦᠲᠡᠶ᠂ ᠪᠦᠲᠦᠮᠵᠢᠲᠡᠶ ᠲᠤᠰᠬᠠᠶ ᠵᠦᠢᠯ ᠤᠨ ᠠᠵᠢᠯᠯᠠᠭ᠎ᠠ ᠥᠷᠨᠢᠭᠦᠯᠬᠦ ᠶᠢ ᠳᠥᠯᠭᠢᠨ ᠠᠬᠢᠭᠤᠯᠤᠨ᠎ᠠ᠃ ᠬᠤᠶᠠᠷ ᠲᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠪᠣᠳᠠᠲᠠᠶ ᠠᠵᠢᠯ ᠤᠨ ᠲᠥᠰᠦᠯ ᠢᠶᠠᠨ ᠰᠢᠰᠲ᠋ᠧᠮ ᠲᠠᠢ ᠲᠣᠭᠲᠠᠭᠠᠵᠤ᠂ ᠬᠡᠷᠡᠭᠵᠢᠭᠦᠯᠬᠦ ᠲᠤᠰᠬᠠᠶ ᠠᠵᠢᠯᠯᠠᠭ᠎ᠠ ᠪᠠᠨ ᠴᠢᠩᠭᠠᠳᠬᠠᠬᠤ ᠬᠡᠷᠡᠭᠲᠡᠶ᠃ ᠭᠤᠷᠪᠠ ᠳᠤ ᠪᠠᠶᠢᠴᠠᠭᠠᠨ ᠰᠢᠯᠭᠠᠵᠤ ᠠᠪᠬᠤ ᠠᠵᠢᠯ ᠢ ᠴᠢᠩᠳᠠᠯᠠᠨ᠎ᠠ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠰᠢᠮᠳᠠᠭᠤᠯᠤᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠢᠯᠡᠷᠡᠭᠦᠯᠦᠭᠰᠡᠨ ᠳᠠᠯᠳᠠ ᠬᠡᠮ ᠪᠠ ᠠᠰᠠᠭᠤᠳᠠᠯ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠨᠢᠭᠡᠴᠡ ᠶᠢ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ  ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠡᠷᠡᠰ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠪᠠᠶᠢᠴᠠᠭᠠᠯᠲᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号