︽ᠰᠦᠩᠱᠠᠨ ᠲᠣᠭᠤᠷᠢᠭ ᠤᠨ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠦᠷᠦᠯ ᠤᠨ < ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠣᠨ > ᠤ ᠲᠤᠰᠬᠠᠶ < ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠬᠤ ᠣᠨ >ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/6/30
      ᠨᠢᠭᠡ᠂ ᠪᠢᠴᠢᠭ ᠮᠠᠲ᠋ᠧᠷᠢᠶᠠᠯ ᠢ ᠲᠤᠭᠤᠷᠪᠢᠭᠰᠠᠨ ᠠᠬᠤᠶ ᠪᠠᠶᠢᠳᠠᠯ      ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ︽ᠬᠤᠶᠠᠷ ᠦᠨᠳᠦᠰᠦᠨ ᠤ ᠪᠥᠳᠥᠭᠡᠨ ᠪᠠᠶᠢᠭᠤᠯᠤᠯᠲᠠ ᠶᠢᠨ ᠣᠨ︾ ᠤ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠲᠥᠯᠬᠢᠨ ᠠᠬᠢᠭᠤᠯᠵᠤ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠦᠢᠯᠡᠳᠪᠦᠷᠢᠯᠡᠯ  ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ ᠠᠶᠤᠯᠭᠦᠢ ᠦᠢᠯᠡᠳᠪᠦᠷᠢᠯᠡᠯ ᠤᠨ ᠵᠠᠰᠠᠬᠤ ᠴᠢᠳᠠᠪᠤᠷᠢ ᠪᠣᠯᠤᠨ ᠵᠠᠰᠠᠬᠤ ᠰᠢᠰᠲ᠋ᠧᠮᠵᠢ  ᠶᠢᠨ ᠣᠳᠣᠬᠢᠴᠢᠯᠠᠯᠲᠠ ᠶᠢ ᠲᠥᠯᠬᠢᠨ ᠠᠬᠢᠭᠤᠯᠵᠤ᠂ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠤᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃      ᠬᠤᠶᠠᠷ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠶᠠᠪᠤᠴᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠤᠳᠠᠰ ᠤᠨ ᠠᠵᠢᠯ ᠲᠥᠷᠥᠯ   ᠤᠨ ᠠᠶᠤᠯᠭᠦᠢ ᠶᠢᠨ ᠬᠥᠭᠵᠢᠯᠲᠡ ᠶᠢᠨ ᠲᠥᠯᠥᠪᠵᠢᠭᠦᠯᠭᠡ︾᠂ ︽ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠤᠳᠠᠰ ᠤᠨ ᠠᠶᠤᠯᠭᠦᠢ ᠶᠢᠨ ᠬᠠᠮᠢᠶᠠᠷᠤᠯᠲᠠ ᠶᠢᠨ ᠲᠥᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠤᠳᠠ᠂ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠥᠰᠦᠯ ᠢ ᠲᠣᠭᠲᠠᠭᠠᠪᠠ᠃ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶᠠᠨ ᠳᠠᠷᠤᠭ᠎ᠠ ᠪᠠᠷ ᠬᠢᠨᠠᠨ ᠬᠠᠷᠭᠤᠭᠤᠯᠤᠭᠤᠯᠵᠤ᠂ ᠲᠣᠪᠴᠢᠶᠠᠨ ᠳᠠᠷᠤᠭ᠎ᠠ ᠪᠠᠷ ᠬᠢᠨᠠᠨ ᠵᠥᠪᠰᠢᠶᠡᠷᠡᠭᠦᠯᠦᠭᠡᠳ᠂ 2022 ᠣᠨ ᠤ 5 ᠰᠠᠷ᠎ᠠ ᠶᠢᠨ 1 ᠤ ᠡᠳᠦᠷ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃      ᠭᠤᠷᠪᠠ᠂ ᠰᠦᠩᠱᠠᠨ ᠲᠣᠭᠤᠷᠢᠭ ᠤᠨ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨ ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠬᠤ︾ ᠲᠤᠰᠬᠠᠶ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠤᠨ ᠭᠤᠤᠯ ᠠᠭᠤᠯᠭ᠎ᠠ      ︵ᠨᠢᠭᠡ︶ ᠠᠵᠤ ᠠᠬᠤᠶᠢᠯᠠᠯ ᠤᠨ ᠮᠥᠨ ᠴᠢᠨᠠᠷ ᠤᠨ ᠠᠮᠤᠷ ᠲᠦᠪᠰᠢᠨ ᠢ ᠪᠠᠬᠢᠵᠢᠭᠦᠯᠦᠨ᠎ᠡ      ︵ᠬᠤᠶᠠᠷ︶ ᠠᠵᠢᠯ ᠤᠨ ᠲᠥᠷᠢᠮ ᠢ ᠪᠥᠷᠢᠨᠰᠢᠬᠦᠯᠥᠨ ᠲᠡᠭᠦᠯᠳᠡᠷᠢᠵᠢᠭᠦᠯᠦᠨ᠎ᠡ      ︵ᠭᠤᠷᠪᠠ︶ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ      ︵ᠳᠥᠷᠪᠡ︶ ᠠᠮᠤᠷ ᠲᠦᠪᠰᠢᠨ ᠤ ᠦᠵᠡᠯ ᠤᠬᠠᠮᠰᠠᠷ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号