︽ᠰᠦᠩᠱᠠᠨ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/30
      ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠶ ᠪᠠᠶᠢᠳᠠᠯ      2018 ᠣᠨ ᠳᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠤᠯᠠᠭᠠᠨᠬᠠᠳᠠ ᠬᠤᠲᠠ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ︽ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠯ ᠪᠦᠷᠢ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ 2 ᠤᠳᠠᠭ᠎ᠠ ᠠᠴᠠ ᠳᠣᠤᠷ᠎ᠠ ᠥᠬᠡᠶ ᠬᠢᠨᠠᠨ ᠵᠢᠯᠣᠭᠤᠳᠴᠤ ᠪᠠᠶᠢᠴᠠᠭᠠᠬᠤ ᠬᠡᠷᠡᠭᠲᠡᠶ︾ ᠭᠡᠵᠦ ᠱᠠᠭᠠᠷᠳᠠᠪᠠ᠃      ᠬᠤᠶᠠᠷ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠦᠨᠳᠦᠰᠦᠯᠡᠯ      ︵ᠨᠢᠭᠡ︶ ︽ᠬᠡᠷᠡᠭ ᠶᠠᠪᠤᠳᠠᠯ ᠤᠨ ᠳᠤᠮᠳᠠᠬᠢ ᠪᠠ ᠬᠡᠷᠡᠭ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ︹2019︺18 ᠳ᠋ᠤᠭᠠᠷ ᠲᠣᠭᠠᠲᠤ︶᠃      ︵ᠬᠤᠶᠠᠷ︶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠤᠯᠠᠭᠠᠨᠬᠠᠳᠠ ᠬᠤᠲᠠ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ︵ᠤᠯᠠᠭᠠᠨ ᠵᠠᠰᠠᠭ ᠠᠯᠪᠠᠨ ᠲᠠᠷᠬᠠᠭᠠᠭᠰᠠᠨ︹2018︺27 ᠳ᠋ᠤᠭᠠᠷ ᠲᠣᠭᠠᠲᠤ︶᠃      ᠭᠤᠷᠪᠠ᠂ ᠪᠢᠴᠢᠭ ᠮᠠᠲ᠋ᠧᠷᠢᠶᠠᠯ ᠢ ᠭᠦᠢᠴᠡᠳᠬᠡᠬᠦ ᠬᠡᠪᠴᠢᠶ᠎ᠡ      ᠪᠥᠬᠦ ᠲᠤᠭᠤᠷᠢᠭ ᠤᠨ ᠬᠡᠪᠴᠢᠶᠡᠨ ᠳᠤ ᠠᠷᠠᠳ ᠢᠷᠭᠡᠨ᠂ ᠬᠠᠤᠯᠢ ᠶᠢᠨ ᠡᠷᠬᠡᠲᠡᠨ᠂ ᠨᠡᠶᠢᠭᠡᠮ ᠤᠨ ᠪᠦᠯᠬᠦᠮ ᠵᠢᠴᠢ ᠪᠤᠰᠤᠳ ᠨᠡᠶᠢᠭᠡᠮ ᠤᠨ ᠬᠦᠴᠦᠨ ᠠᠴᠠ ᠡᠷᠭᠢᠯᠡᠭᠰᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠬᠢᠨᠠᠨ ᠬᠠᠮᠠᠭᠠᠯᠠᠭᠴᠢ ᠶᠢᠨ ᠨᠠᠶᠢᠳᠠᠯᠭ᠎ᠠ ᠪᠠᠷ᠂ ᠵᠢᠭᠠᠨ ᠰᠤᠷᠭᠠᠯᠲᠠ ᠶᠢᠨ ᠪᠤᠰᠤ ᠴᠠᠭ ᠤᠨ ᠬᠡᠰᠡᠭ ᠲᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠳᠤ ᠲᠤᠰᠴᠤ ᠬᠦᠷᠭᠡᠬᠦ᠂ ᠬᠤᠭᠤᠯᠠ ᠤᠮᠳᠠ᠂ ᠠᠮᠠᠷᠠᠬᠤ᠂ ᠬᠠᠷᠠᠵᠤ ᠬᠠᠮᠢᠶᠠᠷᠬᠤ ᠵᠡᠷᠭᠡ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠪᠠᠶᠢᠭᠤᠯᠤᠮᠵᠢ᠂ ᠳᠠᠷᠤᠢ ︽ᠨᠠᠶᠢᠳᠠᠨ ᠬᠠᠮᠢᠶᠠᠷᠤᠭᠤᠯᠬᠤ ᠲᠥᠪ︾ ︽ᠨᠠᠶᠢᠳᠠᠨ ᠬᠠᠮᠢᠶᠠᠷᠤᠭᠤᠯᠬᠤ ᠠᠩᠭᠢ︾ ︽ᠲᠤᠰᠴᠤ ᠬᠦᠷᠭᠡᠬᠦ ᠠᠩᠭᠢ︾ ᠵᠡᠷᠭᠡ ᠶᠢ ᠶᠡᠷᠦᠩᠬᠡᠶᠢᠯᠡᠨ ᠵᠢᠭᠠᠨ᠎ᠠ᠃      ᠳᠥᠷᠪᠡ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠴᠠᠭ      2022 ᠣᠨ ᠤ 3 ᠰᠠᠷ᠎ᠠ ᠶᠢᠨ 25 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号