︽ᠰᠦᠩᠱᠠᠨ ᠲᠣᠭᠤᠷᠢᠭ ᠤᠨ 2022 ᠣᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/30
      ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠰᠢ ᠶᠢᠨ ᠫᠢᠩ ᠶᠡᠷᠦᠩᠬᠡᠶ ᠱᠦᠵᠢ ᠶᠢᠨ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠬᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠬᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠦᠳᠦᠭᠡᠨ ᠪᠠᠶᠢᠭᠤᠯᠬᠤ ᠲᠤᠬᠠᠶ ᠠᠯᠢ ᠤᠯᠠᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ︾ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠠᠩᠬ᠎ᠠ ᠤᠳᠠᠭ᠎ᠠ ᠭᠠᠷᠭᠠᠵᠠᠢ᠂ ᠡᠨᠡ ᠪᠣᠯ ᠰᠢᠨ᠎ᠡ ᠴᠠᠭ ᠦᠶ᠎ᠡ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠭᠠᠷᠳᠠᠴᠠ ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠶᠡᠷᠦᠩᠬᠡᠢ ᠱᠠᠭᠠᠷᠳᠠᠯᠭ᠎ᠠ ᠪᠣᠯ ︽ᠠᠵᠤ ᠦᠢᠯᠡᠰ ᠬᠥᠭᠵᠢᠨ ᠮᠠᠨᠳᠤᠵᠤ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠦᠷ᠎ᠡ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠣᠯᠤᠨ᠎ᠠ᠃ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭᠠᠨ ᠤ ᠲᠥᠰᠦᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠤᠬᠠᠶ ᠵᠣᠬᠢᠴᠠᠩᠭᠤᠶ ᠲᠥᠰᠦᠯ ᠳᠠᠷᠤᠮᠠᠯᠯᠠᠨ ᠲᠠᠷᠬᠠᠭᠠᠵᠤ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠨᠠᠮ ᠤᠨ ᠲᠥᠪ ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠪᠦᠳᠦᠬᠡᠨ ᠪᠠᠶᠢᠭᠤᠯᠤᠯᠲᠠ ᠪᠠᠷ ᠭᠤᠣᠯ ᠱᠤᠭᠤᠮ ᠪᠣᠯᠭᠠᠵᠤ᠂ ᠢᠩᠭᠡ ᠶᠢᠨ ᠭᠤᠣᠯ ᠤᠨ ᠳᠡᠭᠡᠳᠦ ᠤᠷᠤᠰᠬᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠬᠡᠢ ᠬᠡᠯᠪᠡᠷᠢ ᠶᠢ ᠬᠤᠪᠢᠷᠠᠭᠤᠯᠬᠤ  ᠵᠢᠱᠢᠶ᠎ᠡ ᠦᠵᠡᠭᠦᠯᠬᠦ ᠣᠷᠣᠨ ᠤ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠵᠢᠱᠢᠶ᠎ᠡ ᠦᠵᠡᠭᠦᠯᠬᠦ ᠲᠣᠰᠬᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠢ ᠰᠢᠭᠤᠢ ᠶᠢᠨ ᠰᠢᠶᠠᠩ ᠪᠠᠯᠭᠠᠰᠤ ᠶᠢ ᠪᠦᠳᠦᠬᠡᠨ ᠪᠠᠶᠢᠭᠤᠯᠬᠤ ᠠᠵᠢᠯ ᠢ ᠭᠤᠤᠯᠳᠠᠯᠭ᠎ᠠ ᠲᠠᠢ ᠦᠷᠨᠢᠭᠦᠯᠦᠨ᠎ᠡ᠃      ᠬᠤᠶᠠᠷ᠂ ᠠᠵᠢᠯ ᠤᠨ ᠬᠠᠷᠠᠯᠲᠠ      ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠠᠯᠬᠤᠴᠠ ᠶᠢ ᠪᠥᠬᠦ ᠲᠠᠯ᠎ᠠ ᠪᠠᠷ ᠲᠦᠷᠭᠡᠳᠬᠡᠨ᠂ ᠠᠮᠢ ᠠᠬᠤᠶ ᠶᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠪᠠᠶᠠᠨ ᠬᠦᠴᠦᠷᠬᠡᠭ᠂ ᠪᠣᠯᠪᠠᠰᠤᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ ᠰᠢᠨ᠎ᠡ ᠰᠦᠩᠱᠠᠨ ᠢ ᠪᠥᠲᠥᠭᠡᠨ ᠪᠠᠶᠢᠭᠤᠯᠬᠤ ᠪᠠᠷ ᠶᠡᠷᠦᠩᠬᠡᠶ ᠬᠠᠷᠠᠯᠲᠠ ᠪᠠᠨ ᠪᠣᠯᠭᠠᠨ᠎ᠠ᠃      ᠭᠤᠷᠪᠠ᠂ ᠠᠵᠢᠯ ᠤᠨ ᠡᠭᠦᠷᠭᠡ      2022 ᠣᠨ ᠳᠤ᠂ ᠪᠥᠬᠦ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠠᠯᠠᠪᠠᠶ ᠶᠢ 1.5 ᠲᠦᠮᠡᠨ ᠮᠥ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ᠄ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠭᠤᠶᠤᠵᠢᠭᠤᠯᠤᠯᠲᠠ ᠶᠢᠨ 63 ᠠᠶᠢᠯ ᠲᠣᠰᠬᠤᠨ ᠤ 459 ᠮᠥ︔ ᠮᠠᠭᠤᠳᠠᠭᠰᠠᠨ ᠣᠶ ᠰᠢᠭᠤᠶ ᠶᠢᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠤᠨ ᠨᠣᠭᠤᠭᠠᠷᠠᠭᠤᠯᠤᠯᠲᠠ ᠶᠢᠨ ᠲᠠᠯᠠᠪᠠᠶ 6000 ᠮᠥ︔ ᠳᠡᠭᠡᠳᠦ ᠲᠠᠰ ᠤᠨ ᠵᠠᠰᠠᠮᠠᠯ ᠵᠠᠮ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ ᠲᠠᠯᠠᠪᠠᠶ 8000 ᠮᠥ︔ ᠡᠵᠡᠨ ᠥᠬᠡᠶ ᠠᠭᠤᠷᠬᠠᠶ ᠶᠢ ᠵᠠᠰᠠᠬᠤ ᠪᠠ ᠠᠮᠢ ᠠᠬᠤᠶ ᠶᠢ ᠰᠡᠷᠭᠦᠭᠡᠨ ᠨᠣᠭᠤᠭᠠᠷᠠᠭᠤᠯᠬᠤ ᠲᠠᠯᠠᠪᠠᠶ 600 ᠮᠥ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠶ ᠰᠢᠭᠤᠶ ᠶᠢᠨ ᠰᠢᠶᠠᠩ ᠪᠠᠯᠭᠠᠰᠤ 1 ᠪᠣᠶ᠃      ᠳᠥᠷᠪᠡ᠂ ᠠᠵᠢᠯ ᠤᠨ ᠠᠯᠬᠤᠮ ᠳᠠᠷᠠᠭ᠎ᠠ      ᠤᠯᠠᠭᠠᠨᠬᠠᠳᠠ ᠬᠤᠲᠠ 2022 ᠣᠨ ᠤ ᠭᠤᠤᠯᠳᠠᠯᠭ᠎ᠠ ᠲᠠᠢ ᠣᠷᠣᠨ ᠪᠦᠰᠡ ᠶᠢᠨ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠭᠤᠷᠪᠠᠨ ᠱᠠᠲᠤ ᠬᠤᠪᠢᠶᠠᠨ ᠥᠷᠨᠢᠭᠦᠯᠵᠦ᠂ 4 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠪᠡᠯᠡᠳᠬᠡᠬᠦ ᠱᠠᠲᠤ᠂ 4 ᠳ᠋ᠦ᠋ᠭᠡᠷ ᠰᠠᠷ᠎ᠠ ᠶᠢᠨ 20 ᠤ ᠡᠳᠦᠷ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠬᠡᠷᠡᠭᠵᠢᠭᠦᠯᠬᠦ ᠱᠠᠲᠤ᠂ 8 ᠳ᠋ᠤᠭᠠᠷ ᠰᠠᠷ᠎ᠠ ᠶᠢᠨ ᠡᠬᠢᠨ ᠠᠴᠠ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠲᠡᠭᠦᠯᠳᠡᠷᠵᠢᠭᠦᠯᠬᠦ ᠪᠠ ᠰᠢᠯᠭᠠᠨ ᠠᠪᠬᠤ ᠱᠠᠲᠤ ᠦᠶ᠎ᠡ ᠪᠣᠯᠤᠨ᠎ᠠ᠃      ᠲᠠᠪᠤ᠂ ᠠᠵᠢᠯ ᠤᠨ ᠱᠠᠭᠠᠷᠳᠠᠯᠭ᠎ᠠ      ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠲᠣᠭᠲᠠᠴᠠ ᠪᠠᠨ ᠲᠡᠭᠦᠯᠳᠡᠷᠵᠢᠭᠦᠯᠦᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠪᠥᠳᠥᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠬᠤᠭᠤᠴᠠᠭ᠎ᠠ ᠶᠣᠰᠣᠭᠠᠷ᠂ ᠴᠢᠨᠠᠷ ᠢ ᠪᠠᠲᠤᠯᠠᠨ᠂ ᠲᠤᠭ᠎ᠠ ᠬᠡᠮᠵᠢᠶ᠎ᠡ ᠶᠢ ᠪᠠᠲᠤᠯᠠᠭ᠎ᠠ ᠲᠠᠢ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号