ᠰᠦᠩᠱᠠᠨ ᠲᠣᠭᠤᠷᠢᠭ ᠤᠨ ︽ᠲᠥᠪᠯᠡᠷᠡᠭᠦᠯᠦᠨ ᠢᠲᠡᠭᠡᠮᠵᠢ ᠣᠯᠭᠤᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/7
     6 ᠰᠠᠷ᠎ᠠ ᠶᠢᠨ 1 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ︽ᠲᠥᠪᠯᠡᠷᠡᠭᠦᠯᠦᠨ ᠢᠲᠡᠭᠡᠮᠵᠢ ᠣᠯᠭᠤᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤᠢ ᠹᠸᠢ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠠᠩᠴᠢᠨ ᠪᠠᠯᠭᠠᠰᠤ᠂ ᠴᠢᠳᠬᠤᠯᠠᠩ ᠪᠠᠯᠭᠠᠰᠤᠨ ᠤ ᠭᠤᠷᠪᠠᠨ ᠲᠣᠰᠬᠤᠨ ᠤ ᠬᠢᠨ ᠲᠤᠷᠰᠢᠯᠲᠠ ᠶᠢᠨ ᠴᠢᠭ ᠤᠨ ᠰᠢᠶᠠᠩ ᠪᠠᠯᠭᠠᠰᠤ᠂ ᠲᠤᠷᠰᠢᠯᠲᠠ ᠶᠢᠨ ᠴᠢᠭ ᠤᠨ ᠲᠣᠰᠬᠤᠨ ᠢ ᠲᠥᠯᠥᠭᠡᠯᠡᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠤᠯᠠᠭᠠᠨᠬᠠᠳᠠ ᠶᠢᠨ ᠰᠦᠩᠱᠠᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠲᠥᠪᠯᠡᠷᠡᠭᠦᠯᠦᠨ ᠢᠲᠡᠭᠡᠮᠵᠢ ᠣᠯᠭᠤᠬᠤ︾ ᠠᠵᠢᠯ ᠤᠨ ᠲᠥᠰᠦᠯ ᠳᠤ ᠲᠠᠶᠢᠯᠤᠮᠵᠢ ᠬᠢᠪᠠ᠃      ᠰᠢᠤᠢ ᠹᠸᠢ ᠶᠠᠨ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠪᠠᠷ ︽ᠠᠭᠤᠰᠤᠯᠴᠠᠨ ᠲᠠᠷᠢᠶᠠᠴᠢᠳ ᠲᠤ ᠠᠰᠢᠭ ᠬᠦᠷᠲᠡᠭᠡᠬᠦ ᠢᠲᠡᠭᠡᠮᠵᠢ︾ ᠶᠢᠨ ᠵᠠᠭᠪᠤᠷ ᠢ ᠪᠥᠬᠦ ᠲᠠᠯ᠎ᠠ ᠪᠠᠷ ᠪᠣᠶ ᠪᠣᠯᠭᠠᠵᠤ᠂ ︽ᠨᠠᠮ ᠤᠨ ᠬᠤᠷᠢᠶ᠎ᠠ ᠠᠭᠤᠰᠤᠯᠴᠠᠨ ᠬᠠᠮᠲᠤᠪᠠᠷ ᠪᠠᠶᠢᠭᠤᠯᠬᠤ᠂ ᠨᠠᠮ ᠤᠨ ᠡᠭᠦᠷ ᠬᠤᠤᠰᠯᠠᠨ ᠪᠠᠶᠢᠭᠤᠯᠵᠤ ᠬᠠᠮᠲᠤᠪᠠᠷ ᠪᠠᠶᠢᠭᠤᠯᠬᠤ ᠂ ᠨᠠᠮ ᠤᠨ ᠭᠡᠰᠢᠭᠦᠳ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠬᠤ︾ ᠵᠠᠭᠪᠤᠷ ᠢᠶᠠᠷ ᠳᠠᠮᠵᠢᠭᠤᠯᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠭᠤᠰᠤᠯᠴᠠᠨ ᠬᠠᠮᠲᠤᠪᠠᠷ ᠪᠠᠶᠢᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠ ᠮᠠᠯᠴᠢᠨ ᠲᠠᠷᠢᠶᠠᠴᠢᠨ ᠡᠷᠦᠬᠡ ᠳᠤ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ ᠪᠠᠷ ᠬᠠᠩᠭᠠᠬᠤ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠰᠢᠰᠲ᠋ᠧᠮ ᠳᠤ ᠭᠦᠨᠵᠡᠭᠡᠢ ᠠᠭᠤᠰᠤᠯᠴᠠᠵᠤ᠂ ᠤᠨᠢᠨ ᠳᠡᠭᠡᠷ᠎ᠡ ᠨᠢ ᠣᠷᠣᠨ ᠪᠠᠶᠢᠷᠢ ᠲᠣᠭᠲᠠᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠪᠦᠷᠬᠦᠴᠡ ᠶᠢᠨ ᠬᠡᠪᠴᠢᠶ᠎ᠡ ᠪᠠ ᠬᠦᠷᠳᠡᠵᠦ ᠪᠣᠯᠬᠤᠶᠢᠴᠠ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠠᠮᠢ ᠠᠬᠤᠢ ᠶᠢᠨ ᠣᠷᠴᠢᠨ ᠲᠣᠭᠤᠷᠢᠨ᠂ ᠨᠡᠩ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠬᠥᠳᠡᠭᠡ ᠠᠵᠤ ᠠᠬᠤᠢ ᠶᠢᠨ ᠦᠢᠯᠡᠳᠪᠦᠷᠢᠯᠡᠯ᠂ ᠨᠡᠩ ᠪᠠᠶᠠᠨ ᠴᠢᠨᠡᠭᠡᠯᠢᠭ ᠲᠠᠷᠢᠶᠠᠴᠢᠨ ᠤ ᠠᠮᠢᠳᠤᠷᠠᠯ ᠳᠤ ᠮᠥᠩᠭᠦᠨ ᠭᠦᠢᠯᠭᠡᠭᠡᠨ ᠤ ᠠᠮᠢᠵᠢᠷᠠᠯ ᠢ ᠲᠠᠰᠤᠷᠠᠯᠲᠠ ᠦᠭᠡᠢ ᠨᠡᠮᠡᠷᠢᠯᠡᠬᠦ ᠬᠡᠷᠡᠭᠲᠡᠢ᠃ ᠪᠠᠩᠬᠢ ᠶᠢᠨ ᠶᠠᠪᠤᠳᠠᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠦᠴᠦᠲᠡᠶ ᠳᠡᠮᠵᠢᠯᠭᠡ ᠦᠵᠡᠭᠦᠯᠵᠦ᠂ ᠬᠠᠷᠢᠯᠴᠠᠨ ᠬᠥᠳᠡᠯᠦᠯᠴᠡᠬᠦ᠂ ᠬᠠᠮᠲᠤᠷᠠᠨ ᠬᠥᠳᠡᠯᠦᠯᠴᠡᠬᠦ ᠰᠠᠶᠢᠨ ᠰᠠᠶᠢᠬᠠᠨ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠲᠥᠪᠯᠡᠷᠡᠭᠦᠯᠦᠨ ᠢᠲᠡᠭᠡᠮᠵᠢ ᠣᠯᠭᠤᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠬᠠᠮᠲᠤᠪᠠᠷ ᠳᠥᠯᠭᠢᠨ ᠠᠬᠢᠭᠤᠯᠬᠤ ᠬᠡᠷᠡᠭᠲᠡᠶ᠃ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠬᠢᠨ ᠰᠦᠩᠱᠠᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠡᠯ᠎ᠡ ᠰᠢᠶᠠᠩ ᠪᠠᠯᠭᠠᠰᠤ ᠲᠠᠢ ᠨᠢᠭᠲᠠ ᠬᠠᠮᠵᠢᠯᠴᠠᠵᠤ᠂ ᠭᠦᠨᠵᠡᠭᠡᠢ ᠬᠠᠮᠲᠤᠷᠠᠯᠴᠠᠵᠤ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠦᠩᠱᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠥᠳᠡᠭᠡ ᠲᠣᠰᠬᠤᠨ ᠤ ᠢᠲᠡᠭᠡᠮᠵᠢ ᠶᠢᠨ ᠬᠦᠴᠦᠨ ᠢᠶᠠᠨ ᠡᠷᠭᠦᠬᠦ ᠬᠡᠷᠡᠭᠲᠡᠢ︕
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号