ᠸᠠᠩ ᠯᠢ ᠧᠨ ᠳᠠᠭᠠᠭᠠᠴᠢᠯᠠᠨ ᠬᠤᠯᠪᠤᠭᠠᠯᠠᠭᠰᠠᠨ ᠪᠠᠶᠢᠭᠤᠯᠤᠯᠭ᠎ᠠ ᠰᠦᠩᠱᠠᠨ ᠲᠣᠭᠤᠷᠢᠭ ᠤᠨ ᠢᠦᠢ ᠯᠦᠩ ᠵᠡᠭᠡᠯᠢ ᠭᠤᠳᠤᠮᠵᠢ ᠳᠤ ᠪᠠᠶᠢᠴᠠᠭᠠᠨ ᠰᠤᠳᠤᠯᠤᠯᠲᠠ ᠬᠢᠵᠦ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/7
    6 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠸᠠᠩ ᠯᠢ ᠧᠨ ᠳᠠᠭᠠᠭᠠᠴᠢᠯᠠᠨ ᠬᠤᠯᠪᠤᠭᠠᠯᠠᠭᠰᠠᠨ ᠪᠠᠶᠢᠭᠤᠯᠤᠯᠭ᠎ᠠ ᠰᠦᠩᠱᠠᠨ ᠲᠣᠭᠤᠷᠢᠭ ᠤᠨ ᠢᠦᠶ ᠯᠦᠩ ᠵᠡᠭᠡᠯᠢ ᠭᠤᠳᠤᠮᠵᠢ ᠳᠤ ᠬᠦᠷᠴᠦ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠦᠩᠱᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠴᠢᠨ ᠢᠦᠶ ᠬᠤᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠯᠢ ᠸᠧᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠸᠠᠩ ᠯᠢ ᠧᠨ ᠨᠡᠷ ᠤᠷᠢᠳ ᠬᠤᠵᠢᠳ ᠢᠦᠢ ᠯᠦᠩ ᠵᠡᠭᠡᠯᠢ ᠭᠤᠳᠤᠮᠵᠢ ᠶᠢᠨ ᠶᠠᠩ ᠭᠤᠸᠠᠩ ᠪᠠᠭ᠎ᠠ ᠲᠣᠭᠤᠷᠢᠭ᠂ ᠴᠠᠩ ᠠᠨ ᠪᠠᠭ᠎ᠠ ᠲᠣᠭᠤᠷᠢᠭ ᠲᠤ ᠬᠦᠷᠴᠦ᠂ ᠪᠠᠭ᠎ᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠬᠤᠳᠠ ᠶᠢ ᠴᠣᠭᠴᠠᠯᠠᠬᠤ ᠠᠭᠤᠷ ᠠᠮᠢᠰᠬᠤᠯ ᠢ ᠪᠤᠢ ᠪᠣᠯᠭᠠᠭᠰᠠᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠵᠡᠭᠡᠯᠢ ᠭᠤᠳᠤᠮᠵᠢ ᠶᠢᠨ ᠬᠤᠳᠠ ᠶᠢ ᠴᠣᠭᠴᠠᠯᠠᠬᠤ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠰᠠᠨᠠᠯ ᠳᠤᠷᠠᠳᠴᠠᠢ᠃      ᠸᠠᠩ ᠯᠢ ᠧᠨ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠬᠤᠳᠠ ᠶᠢᠨ ᠬᠥᠭᠵᠢᠯᠲᠡ ᠶᠢ ᠠᠬᠢᠭᠤᠯᠬᠤ᠂ ᠬᠤᠳᠠ ᠶᠢᠨ ᠲᠦᠷᠦᠯ ᠲᠡᠮᠳᠡᠭ ᠢ ᠡᠭᠦᠳᠬᠦ ᠴᠢᠬᠤᠯᠠ ᠶᠡᠭᠡ ᠠᠵᠠ ᠲᠣᠬᠢᠶᠠᠯ ᠮᠥᠨ᠃ ᠡᠭᠦᠳᠦᠨ ᠪᠠᠶᠢᠭᠤᠯᠬᠤ ᠲᠥᠰᠦᠯ ᠲᠠᠢ ᠨᠢᠭᠲᠠ ᠤᠶᠠᠯᠳᠤᠭᠤᠯᠤᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠤᠯᠤᠰ ᠤᠨ ᠪᠠᠷᠢᠮᠵᠢᠶ᠎ᠠ ᠲᠠᠢ ᠬᠠᠷᠢᠴᠠᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠨ᠂ ᠣᠳᠣᠬᠠᠨ ᠳᠤ ᠣᠷᠣᠰᠢᠵᠤ ᠪᠠᠶᠢᠭ᠎ᠠ ᠭᠤᠤᠯᠳᠠᠯᠭ᠎ᠠ ᠲᠠᠢ᠂ ᠬᠦᠴᠢᠷ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠵᠦ᠂ ᠦᠨᠡᠨᠬᠦ ᠶᠠᠪᠤᠭᠳᠠᠭᠤᠰᠢᠲᠠᠶ ᠠᠷᠭᠠᠴᠠᠬᠤ ᠠᠷᠭ᠎ᠠ ᠬᠡᠮᠵᠢᠶ᠎ᠡ ᠠᠪᠴᠤ᠂ ᠬᠤᠲᠠ ᠪᠠᠶᠢᠭᠤᠯᠬᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠲᠤ ᠰᠠᠭᠤᠷᠢᠯᠠᠨ᠂ ᠨᠡᠶᠢᠭᠡᠮ ᠲᠣᠭᠤᠷᠢᠭ ᠢ ᠬᠠᠮᠵᠢᠨ ᠬᠤᠲᠠ ᠪᠠᠶᠢᠭᠤᠯᠬᠤ ᠠᠵᠢᠯ ᠤᠨ ᠳᠤᠮᠳᠠᠬᠢ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠠᠶᠢᠲᠤᠷ ᠰᠢᠢᠳᠪᠦᠷᠢᠯᠡᠬᠦ ᠬᠡᠷᠡᠭᠲᠡᠶ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠴᠦ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠵᠠᠰᠠᠬᠤ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ ᠵᠡᠷᠭᠡ ᠲᠠᠯ᠎ᠠ ᠪᠠᠷ ᠬᠦᠴᠦᠨ ᠴᠢᠳᠠᠯ ᠢᠶᠠᠨ ᠡᠷᠭᠦᠵᠦ᠂ ᠵᠡᠭᠡᠯᠢ ᠭᠤᠳᠤᠮᠵᠢ ᠶᠢᠨ ᠬᠤᠲᠠ ᠪᠠᠶᠢᠭᠤᠯᠬᠤ ᠠᠵᠢᠯ ᠢ ᠨᠠᠩ ᠰᠠᠶᠢᠲᠤᠷ ᠥᠷᠨᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃          
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号