5 ᠰᠠᠷ᠎ᠠ ᠶᠢᠨ 23 ᠤ ᠡᠳᠦᠷ ᠠᠴᠠ 6 ᠰᠠᠷ᠎ᠠ ᠶᠢᠨ 2 ᠤᠨ ᠡᠳᠦᠷ ᠪᠣᠯᠲᠠᠯ᠎ᠠ᠂ ᠰᠦᠩᠱᠠᠨ ᠲᠤᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠳᠠᠷᠤᠭ᠎ᠠ ᠯᠢᠶᠠᠩ ᠮᠢᠩ ᠽᠧ ᠳᠤᠭᠤᠶᠢᠯᠠᠩ ᠳᠠᠭᠠᠭᠤᠯᠤᠨ ᠭᠤᠸᠠᠩᠳᠦ᠋ᠩ᠂ ᠱᠠᠨᠳᠦ᠋ᠩ᠂ ᠵᠧᠵᠢᠶᠠᠩ᠂ ᠵᠢᠶᠠᠩᠰᠦ᠂ | ᠾᠤᠪᠸᠢ᠂ ᠲᠢᠶᠠᠨᠵᠢᠨ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠬᠤ ᠠᠵᠢᠯ ᠥᠷᠨᠢᠭᠦᠯᠵᠦ᠂ 23 ᠠᠵᠤ | ᠠᠬᠤᠶᠢᠯᠠᠯ ᠢ ᠵᠣᠯᠭᠠᠭᠤᠯᠪᠠ᠃ ᠡᠭᠦᠨ ᠳᠤ᠂ ᠵᠧᠩ ᠸᠧᠢ ᠪᠦᠯᠦᠭᠯᠡᠯ ᠤᠨ ᠵᠡᠰ ᠤᠨ ᠪᠦᠲᠦᠭᠡᠭᠳᠡᠬᠦᠨ ᠢ ᠨᠠᠷᠢᠯᠢᠭ | ᠡᠳ᠋ᠰᠢᠭᠦᠯᠬᠦ᠂ ᠳᠤᠮᠳᠠᠳᠤ ᠤᠯᠤᠰ ᠤᠨ ᠬᠤᠸᠠ ᠯᠦ ᠤᠯᠠᠨ ᠤᠯᠤᠰ ᠤᠨ ᠰᠣᠶᠣᠯ ᠤᠨ ᠲᠤᠮᠤ ᠳ᠋ᠠᠶᠢᠲ᠋ᠠ ᠶᠢᠨ ᠠᠵᠤ | ᠦᠢᠯᠡᠰ ᠤᠨ ᠬᠤᠳᠠ᠂ ᠵᠢᠶᠠᠩᠰᠦ ᠶᠢᠨ ᠯᠦᠩ ᠵᠢᠶᠦ᠋ᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠯᠢᠶᠣᠣ | ᠪᠦᠷᠬᠦᠪᠴᠢ ᠶᠢᠨ ᠦᠢᠯᠡᠳᠪᠦᠷᠢᠯᠡᠯ᠂ ᠨᠦᠸᠧ ᠡᠯ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠤᠶᠤᠨᠲᠤ | ᠵᠠᠮ ᠤᠨ ᠳ᠋ᠧᠩ ᠤᠨ ᠦᠢᠯᠡᠳᠪᠦᠷᠢᠯᠡᠯ ᠵᠡᠷᠭᠡ ᠲᠦᠷᠦᠯ ᠵᠦᠢᠯ ᠬᠠᠮᠲᠤᠷᠠᠯᠴᠠᠭᠠᠨ ᠤ ᠰᠠᠨᠠᠮᠵᠢ ᠲᠠᠢ ᠪᠤᠯᠵᠤ᠂ | ᠤᠢᠢᠷ᠎ᠠ ᠶᠢᠨ ᠬᠤᠭᠤᠴᠠᠭᠠᠨ ᠳᠤ ᠭᠡᠷ᠎ᠡ ᠲᠣᠭᠲᠠᠬᠤ ᠪᠣᠯᠤᠮᠵᠢ ᠲᠠᠢ ᠪᠠᠶᠢᠨ᠎ᠠ᠃ | ᠭᠤᠸᠠᠩᠳᠦ᠋ᠩ ᠮᠤᠵᠢ ᠶᠢᠨ ᠱᠧᠨᠵᠧᠨ ᠬᠤᠳᠠ ᠳᠤ᠂ ᠯᠢᠶᠠᠩ ᠮᠢᠩ ᠽᠧ ᠨᠠᠷ ᠤᠷᠢᠳ ᠬᠤᠵᠢᠳ ᠵᠧᠩ ᠸᠧᠢ | ᠤᠯᠠᠨ ᠤᠯᠤᠰ ᠤᠨ ᠪᠦᠯᠦᠭᠯᠡᠯ᠂ ᠵᠧᠨ ᠶᠧ ᠤᠯᠠᠨ ᠤᠯᠤᠰ ᠤᠨ ᠪᠦᠯᠦᠭᠯᠡᠯ᠂ ᠱᠧᠨᠵᠧᠨ ᠬᠤᠳᠠ ᠶᠢᠨ ᠨᠢᠤᠢ ᠸᠧᠢ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ᠃ | ᠱᠠᠨᠳᠦ᠋ᠩ ᠮᠤᠵᠢ ᠶᠢᠨ ᠵᠢᠨᠠᠨ ᠬᠤᠲᠠ᠂ ᠶᠠᠨᠲᠠᠢ ᠬᠤᠲᠠ᠂ ᠲᠠᠢ ᠠᠨ ᠬᠤᠲᠠ᠂ ᠲᠧᠩ ᠵᠧᠤ ᠬᠤᠲᠠ ᠳᠤ᠂ | ᠯᠢᠶᠠᠩ ᠮᠢᠩ ᠽᠧ ᠨᠠᠷ ᠤᠷᠢᠳ ᠬᠤᠵᠢᠳ ᠳᠤᠮᠳᠠᠳᠤ ᠤᠯᠤᠰ ᠤᠨ ᠬᠤᠸᠠ ᠯᠦ ᠪᠦᠯᠦᠭᠯᠡᠯ ᠤᠨ ᠯᠠᠨ ᠭᠤᠸᠠᠩ | ᠲᠣᠭᠠᠴᠢᠯᠠᠭᠰᠠᠨ ᠠᠵᠤ ᠦᠢᠯᠡᠰ ︵ᠱᠠᠨᠳᠦ᠋ᠩ︶ ᠤᠨ ᠬᠢᠵᠠᠭᠠᠷᠲᠤ ᠺᠣᠮᠫᠠᠨᠢ ᠂ ᠲᠠᠢ ᠠᠨ ᠯᠦ ᠸᠧᠶ ᠰᠢᠨ᠎ᠡ | ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠵᠧᠩ ᠸᠧᠶ ᠬᠤᠸᠠ ᠨᠧᠩ ︵ᠱᠠᠨᠳᠦ᠋ᠩ︶ ᠰᠢᠨ᠎ᠡ ᠮᠠᠲ᠋ᠧᠷᠢᠶᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠨᠳᠦ᠋ᠩ ᠤᠨ ᠲᠠᠢ ᠪᠠᠩ ᠠᠮᠢᠳᠤ ᠪᠣᠳᠠᠰ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠱᠠᠨᠳᠦ᠋ᠩ ᠤᠨ ᠾᠧᠩ ᠷᠦᠢ ᠰᠣᠷᠢᠨᠵᠢᠨ ᠴᠠᠬᠢᠯᠭᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠶ ᠯᠠ ᠰᠧᠨ ᠡᠮᠨᠡᠯᠭᠡ ᠶᠢᠨ ᠬᠡᠷᠡᠭᠰᠡᠯ ᠤᠨ ᠬᠢᠵᠠᠭᠠᠷᠲᠤ ᠺᠣᠮᠫᠠᠨᠢ᠂ | ᠳᠤᠮᠳᠠᠳᠤ ᠤᠯᠤᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠪᠦᠯᠦᠭᠯᠡᠯ ᠤᠨ ᠪᠸᠢ ᠪᠥᠸᠧ ᠶᠤᠸᠠᠨ ︵ᠲᠧᠩ ᠵᠧᠤ︶ | ᠨᠡᠶᠢᠯᠡᠮᠡᠯ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠱᠠᠨᠳᠦ᠋ᠩ ᠤᠨ ᠶᠢᠨ ᠵᠢᠩ ᠣᠶᠤᠨᠴᠢ ᠦᠢᠯᠡᠳᠬᠦ ᠬᠢᠵᠠᠭᠠᠷᠲᠤ | ᠺᠣᠮᠫᠠᠨᠢ᠂ ᠶᠠᠨᠲᠠᠢ ᠶᠢᠨ ᠳ᠋ᠦᠩ ᠢ ᠬᠡᠷᠡᠯ ᠴᠠᠬᠢᠯᠭᠠᠨ ᠤ ᠪᠦᠯᠦᠭᠯᠡᠯ᠂ ᠱᠠᠨᠳᠦ᠋ᠩ ᠤᠨ ᠴᠠᠬᠢᠯᠭᠠᠨ ᠲᠧᠭᠨᠢᠭ ᠤᠨ | ᠴᠠᠬᠢᠯᠭᠠᠨ ᠤ ᠪᠦᠯᠦᠭᠯᠡᠯ ᠢ ᠰᠢᠨᠵᠢᠯᠡᠨ ᠪᠠᠶᠢᠴᠠᠭᠠᠪᠠ᠃ | ᠵᠧᠵᠢᠶᠠᠩ ᠮᠤᠵᠢ ᠶᠢᠨ ᠸᠧᠨᠵᠸᠤ ᠬᠤᠳᠠ᠂ ᠲᠠᠶᠢᠵᠸᠤ ᠬᠤᠳᠠ᠂ ᠬᠠᠩᠵᠧᠦ ᠬᠤᠳᠠ ᠳᠤ᠂ ᠯᠢᠶᠠᠩ ᠮᠢᠩ | ᠽᠧ ᠨᠠᠷ ᠤᠷᠢᠳ ᠬᠤᠵᠢᠳ ᠵᠧᠵᠢᠶᠠᠩ ᠤᠨ ᠱᠧᠩ ᠳ᠋ᠡ ᠪᠦᠯᠦᠭᠯᠡᠯ᠂ ᠢᠦᠢ ᠬᠤᠸᠠᠨ ᠰᠧᠨ ᠾᠧ ᠮᠠᠰᠢᠨ ᠲᠡᠷᠭᠡᠨ ᠤ | ᠰᠡᠯᠪᠢᠭ ᠲᠤᠨᠤᠭ ᠤᠨ ᠬᠢᠵᠠᠭᠠᠷᠲᠤ ᠺᠣᠮᠫᠠᠨᠢ᠂ ᠲᠠᠶᠢᠵᠸᠤ ᠶᠢᠨ ᠢᠦᠢ ᠬᠤᠤ ᠵᠠᠯᠠᠭᠤᠷ ᠤᠨ ᠰᠢᠰᠲ᠋ᠧᠮ ᠤᠨ ᠬᠢᠵᠠᠭᠠᠷᠲᠤ | ᠺᠣᠮᠫᠠᠨᠢ ᠶᠢ ᠰᠢᠨᠵᠢᠯᠡᠨ ᠪᠠᠶᠢᠴᠠᠭᠠᠪᠠ᠃ | ᠵᠢᠶᠠᠩᠰᠦ ᠮᠤᠵᠢ ᠶᠢᠨ ᠴᠠᠩᠵᠸᠤ ᠬᠤᠲᠠ᠂ ᠶᠠᠩᠵᠸᠤ ᠬᠤᠲᠠ᠂ ᠨᠠᠨᠵᠢᠩ ᠬᠤᠲᠠ ᠳᠤ᠂ ᠯᠢᠶᠠᠩ ᠮᠢᠩ ᠽᠧ | ᠨᠠᠷ ᠤᠷᠢᠳ ᠬᠤᠵᠢᠳ ᠵᠢᠶᠠᠩᠰᠦ ᠶᠢᠨ ᠯᠦᠩ ᠵᠢᠶᠦ᠋ᠨ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ | ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠤᠤ ᠪᠥᠸᠧ ︵ᠵᠢᠶᠠᠩᠰᠦ︶ ᠮᠠᠰᠢᠨ ᠬᠥᠮᠦᠨ ᠤ | ᠬᠢᠵᠠᠭᠠᠷᠲᠤ ᠺᠣᠮᠫᠠᠨᠢ᠂ ᠵᠢᠶᠠᠩᠰᠦ ᠶᠢᠨ ᠨᠦᠸᠧ ᠡᠯ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠢ ᠰᠢᠨᠵᠢᠯᠡᠨ | ᠪᠠᠶᠢᠴᠠᠭᠠᠪᠠ᠃ | ᠡᡁᠧᠪᠸᠢ ᠮᠤᠵᠢ ᠶᠢᠨ ᠪᠤᠤᠳᠢᠩ ᠬᠤᠳᠠ᠂ ᠲᠠᠩᠱᠠᠨ ᠬᠤᠳᠠ ᠳᠤ᠂ ᠯᠢᠶᠠᠩ ᠮᠢᠩ ᠽᠧ ᠨᠠᠷ ᠤᠷᠢᠳ | ᠬᠤᠵᠢᠳ ᠪᠤᠤᠳᠢᠩ ᠤᠨ ᠳ᠋ᠦᠸᠧ ᠫᠦ᠋ ᠺᠠᠩ ᠤᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ | ᠡᡁᠧᠪᠸᠢ ᠶᠢᠨ ᠭᠤᠣᠯᠯᠠᠭᠴᠢ ᠭᠡᠷᠡᠯ ᠴᠠᠬᠢᠯᠭᠠᠨ ᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ᠃ | | ᠲᠢᠶᠠᠨᠵᠢᠨ ᠬᠤᠳᠠ ᠳᠤ᠂ ᠯᠢᠶᠠᠩ ᠮᠢᠩ ᠽᠧ ᠨᠠᠷ ᠤᠷᠢᠳ ᠬᠤᠵᠢᠳ ᠲᠢᠶᠠᠨᠵᠢᠨ ᠤ ᠺᠠᠷᠸᠢᠢᠷ ᠮᠠᠰᠢᠨ | ᠬᠥᠮᠦᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠺᠧ ᠰᠢᠨ ︵ᠲᠢᠶᠠᠨᠵᠢᠨ︶ ᠤ ᠠᠮᠢ ᠠᠬᠤᠢ ᠶᠢᠨ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ᠃ | |