6 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ᠂ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠢᠦᠶ ᠬᠤᠩ ᠯᠢᠨ ᠪᠦᠯᠬᠦᠮ | ᠳᠠᠭᠠᠭᠤᠯᠤᠨ ᠰᠦᠩᠱᠠᠨ ᠤ ᠸᠠᠨ ᠳ᠋ᠠ ᠲᠠᠯᠠᠪᠠᠶ ᠪᠠ ᠢᠦᠶ ᠷᠦᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ᠂ ᠢᠳᠡᠭᠡᠨ ᠤ ᠠᠮᠤᠷ ᠲᠦᠪᠰᠢᠨ ᠪᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ | ᠰᠦᠩᠱᠠᠨ ᠤ ᠸᠠᠨ ᠳ᠋ᠠ ᠠᠭᠤᠳᠠᠮ ᠲᠠᠯᠠᠪᠠᠢ ᠳᠤ᠂ ᠢᠦᠢ ᠬᠤᠩ ᠯᠢᠨ ᠬᠤᠳᠠᠯᠳᠤᠭᠠᠨ ᠤ ᠲᠠᠯᠠᠪᠤᠷ ᠤᠨ ᠺᠣᠳ᠋ | ᠰᠢᠯᠭᠠᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠠᠷᠢᠭᠤᠳᠬᠠᠨ ᠠᠷᠢᠯᠭᠠᠬᠤ ᠵᠡᠷᠭᠡ ᠠᠵᠢᠯ ᠳᠤ ᠪᠠᠶᠢᠴᠠᠭᠠᠯᠲᠠ | ᠬᠢᠵᠦ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠪᠤᠰᠤ ᠬᠡᠯᠬᠢᠶᠡᠲᠦ ᠪᠣᠳᠠᠰ ᠢ ᠬᠠᠮᠢᠶᠠᠷᠤᠨ ᠡᠵᠡᠮᠳᠡᠬᠦ᠂ | ᠠᠵᠢᠯᠲᠠᠳ ᠪᠦᠬᠦᠨ ᠢ ᠪᠠᠶᠢᠴᠠᠭᠠᠬᠤ᠂ ᠢᠳᠡᠭᠡᠨ ᠤ ᠵᠦᠢᠯ ᠤᠨ ᠭᠡᠷᠡᠴᠢ ᠪᠠᠷᠢᠮᠲᠠ ᠠᠪᠬᠤ ᠵᠡᠷᠭᠡ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠢᠦᠶ ᠬᠤᠩ ᠯᠢᠨ ᠵᠢᠭᠠᠵᠤ | ᠭᠠᠷᠭᠠᠭᠰᠠᠨ ᠨᠢ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠥᠮᠦᠨ ᠣᠯᠠᠨ ᠪᠠᠶᠢᠳᠠᠭ ᠪᠣᠯᠬᠤᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠠᠭᠠᠬᠢᠭᠰᠠᠨ ᠴᠤ | ᠰᠤᠯᠠᠷᠠᠭᠤᠯᠵᠤ ᠪᠣᠯᠬᠤ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠬᠤ ᠢᠳᠡᠭᠡᠨ ᠪᠠ ᠡᠳ᠋ ᠪᠣᠳᠠᠰ ᠢ | ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠲᠦᠷᠢᠮ ᠢ ᠴᠢᠩᠭ᠎ᠠ ᠬᠡᠷᠡᠭᠵᠢᠭᠦᠯᠵᠦ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤ | ᠰᠠᠬᠢᠬᠤ ᠬᠡᠷᠡᠭᠲᠡᠶ᠃ | ᠢᠦᠢ ᠷᠦᠨ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ᠂ ᠢᠦᠢ | ᠬᠤᠩ ᠯᠢᠨ ᠭᠠᠳᠠᠨ᠎ᠠ ᠠᠴᠠ ᠢᠷᠡᠭᠰᠡᠨ ᠪᠠᠷᠠᠭᠠᠨ ᠤ ᠲᠡᠷᠭᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠪᠠ ᠵᠢᠮᠢᠰ ᠢ ︽ᠬᠠᠶᠢᠯᠤᠭᠤᠯᠬᠤ︾ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠭᠰᠡᠨ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠢᠦᠶ ᠬᠤᠩ ᠯᠢᠨ ᠴᠢᠬᠤᠯᠠᠴᠢᠯᠠᠭᠰᠠᠨ ᠨᠢ᠂ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠣᠯ ︽ | ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠹᠷᠣᠨᠲ ᠮᠥᠨ ᠪᠥᠭᠡᠳ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠃ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ | ᠭᠠᠳᠠᠨ᠎ᠠ ᠠᠴᠠ ᠢᠷᠡᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠨᠢᠭᠲᠠ ᠠᠩᠬᠠᠷᠴᠤ᠂ ᠵᠢᠯᠣᠭᠤᠴᠢ ᠪᠠ | ᠰᠠᠭᠤᠳᠠᠯ ᠤᠨ ᠬᠥᠮᠦᠰ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠭᠠᠳᠠᠨ᠎ᠠ ᠠᠴᠠ ᠰᠡᠷᠭᠡᠶᠢᠯᠡᠨ ᠣᠷᠣᠭᠤᠯᠬᠤ︾ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ | ᠬᠡᠷᠡᠭᠲᠡᠢ᠃ ᠡᠵᠡᠩᠨᠡᠯᠲᠡ ᠶᠢᠨ ᠭᠤᠤᠯ ᠴᠣᠭᠴᠠ ᠨᠢ ᠪᠠᠷᠠᠭ᠎ᠠ ᠣᠷᠣᠭᠤᠯᠬᠤ ᠪᠠ ᠪᠣᠷᠣᠯᠠᠭᠤᠯᠬᠤ ᠡᠬᠡ ᠲᠠᠩᠰᠠ | ᠪᠠᠶᠢᠭᠤᠯᠵᠤ᠂ ᠢᠷᠡᠯᠲᠡ ᠶᠢ ᠨᠢ ᠨᠡᠬᠡᠮᠵᠢᠯᠡᠵᠦ ᠪᠣᠯᠬᠤ᠂ ᠬᠠᠮᠢᠭᠠᠰᠢ ᠶᠠᠪᠤᠬᠤ ᠶᠢ ᠨᠢ ᠨᠡᠬᠡᠮᠵᠢᠯᠡᠵᠦ ᠪᠣᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠳᠦᠷ ᠲᠤᠳᠤᠮ ᠤᠨ ᠪᠠᠶᠢᠴᠠᠭᠠᠯᠲᠠ ᠶᠢ ᠦᠨᠡᠨ ᠬᠦ ᠴᠢᠩᠭᠠᠳᠬᠠᠵᠤ᠂ ᠠᠮᠤᠷ ᠲᠦᠪᠰᠢᠨ ᠢ | ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠷᠠᠳ ᠤᠯᠠᠨ ᠤ ᠪᠡᠶ᠎ᠡ | ᠮᠠᠬᠠᠪᠣᠳ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ |