ᠰᠦᠨ ᠠᠶ ᠹᠠᠩ ᠰᠦᠩᠱᠠᠨ ᠲᠣᠭᠤᠷᠢᠭ ᠲᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/7
    6 ᠰᠠᠷ᠎ᠠ ᠶᠢᠨ 2 ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠠᠶ ᠹᠠᠩ ᠰᠦᠩᠱᠠᠨ ᠲᠣᠭᠤᠷᠢᠭ ᠲᠤ ᠬᠦᠷᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠶᠠᠩ ᠵᠥᠩ ᠰᠢᠨ᠂ ᠰᠦᠩᠱᠠᠨ ᠲᠣᠭᠤᠷᠢᠭ ᠤᠨ ᠤᠳᠤᠷᠢᠳᠤᠯᠭ᠎ᠠ ᠵᠢᠶᠠᠩ ᠼᠦᠩ᠂ ᠸᠠᠩ ᠱᠦᠨ᠂ ᠵᠢᠶᠠ ᡁᠢ ᠬᠤᠩ᠂ ᠶᠤᠸᠠᠨ ᠴᠦᠨ ᠯᠢ᠂ ᠱᠢ ᠵᠢᠶᠠᠨ ᠪᠢᠨ᠂ ᠯᠢ ᠭᠦᠸᠧ ᠯᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠰᠦᠨ ᠠᠢ ᠹᠠᠩ ᠤᠷᠢᠳ ᠬᠤᠵᠢᠳ ᠲᠢᠶᠧ ᠳ᠋ᠦᠩ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ᠂ ᠥᠪᠥᠷ ᠮᠣᠩᠭᠤᠯ ᠤᠨ ᠠᠢ ᠵᠢᠶᠠ ᠶᠠᠩ ᠭᠤᠸᠠᠩ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠢ ᠽᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠶᠠ ᠵᠢᠶᠠ ᠳ᠋ᠢᠶᠠᠨ ᠰᠢᠶᠠᠩ ᠤᠨ ᠪᠠ ᠵᠢᠶᠠ ᠲᠣᠰᠬᠤᠨ ᠤ ᠵᠢᠵᠢᠭ ᠲᠣᠰᠬᠤᠨ ᠤ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠳᠤ ᠬᠦᠷᠴᠡᠢ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃      ᠰᠦᠨ ᠠᠢ ᠹᠠᠩ ᠴᠢᠬᠤᠯᠠᠴᠢᠯᠠᠭᠰᠠᠨ ᠨᠢ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾ ᠤᠨ ᠵᠢᠷᠤᠮᠵᠢᠭᠰᠠᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢ ᠪᠣᠯᠤᠨ ᠤᠯᠠᠨ ᠲᠦᠮᠡᠨ ᠤ ᠤᠯᠤᠯᠴᠠᠭ᠎ᠠ ᠶᠢᠨ ᠬᠥᠭᠦᠷᠭᠡ ᠶᠢ ᠪᠤᠰᠬᠠᠬᠤ ᠬᠡᠷᠡᠭᠲᠡᠢ︔ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ ᠲᠦᠷᠢᠮ ᠤᠨ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠬᠡᠷᠡᠭᠵᠢᠭᠦᠯᠦᠯᠲᠡ ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠠᠷᠠᠳᠴᠢᠯᠠᠬᠤ᠂ ᠬᠠᠤᠯᠢᠵᠢᠭᠤᠯᠬᠤ ᠶᠢ ᠠᠬᠢᠭᠤᠯᠬᠤ ᠬᠡᠷᠡᠭᠲᠡᠢ︔ ᠲᠦᠷᠢᠮ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠥᠯᠥᠭᠡᠯᠡᠭᠴᠢ ᠪᠣᠯᠬᠤ︾ ᠶᠢ ᠦᠨᠡᠨᠬᠦ ᠪᠡᠶᠡᠯᠡᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号