6 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠬᠤᠲᠠ᠂ ᠲᠣᠭᠤᠷᠢᠭ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ | ᠰᠦᠩᠱᠠᠨ ᠲᠣᠭᠤᠷᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠢ | ᠲᠣᠭᠤᠷᠢᠨ ᠪᠠᠶᠢᠴᠠᠭᠠᠪᠠ᠃ ᠬᠤᠳᠠ᠂ ᠲᠣᠭᠤᠷᠢᠭ ᠤᠨ ᠤᠳᠤᠷᠢᠳᠤᠯᠭ᠎ᠠ ᠭᠦᠸᠧ ᠰᠢ᠂ ᠬᠠᠨ ᠶᠦᠩ᠂ ᠹᠦ᠋ ᠴᠢᠶᠠᠩ᠂ | ᠱᠢ ᠵᠢᠶᠠᠨ ᠪᠢᠨ᠂ ᠢᠦᠢ ᠬᠤᠸᠠ ᠶᠠᠨ᠂ ᠰᠦᠨ ᠶᠤᠸᠠᠢ ᠴᠢᠨ ᠲᠣᠭᠤᠷᠢᠨ ᠪᠠᠶᠢᠴᠠᠭᠠᠯᠲᠠ ᠳᠤ ᠣᠷᠣᠯᠴᠠᠪᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰ ᠲᠤᠰ ᠰᠦᠩᠱᠠᠨ ᠤ ᠳᠥᠷᠪᠡᠳᠦᠭᠡᠷ ᠳᠤᠮᠳᠠᠳᠤ | ᠰᠤᠷᠭᠠᠭᠤᠯᠢ ᠶᠢᠨ ᠰᠢᠯᠭᠠᠯᠲᠠ ᠶᠢᠨ ᠴᠡᠭ᠂ ᠰᠢᠨ᠎ᠡ ᠬᠤᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ | ᠰᠢᠯᠭᠠᠯᠲᠠ ᠶᠢᠨ ᠴᠡᠭ᠂ ᠲᠤᠷᠰᠢᠯᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ᠂ | ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ᠂ ᠰᠦᠩᠱᠠᠨ ᠤ | ᠲᠠᠪᠤᠳᠤᠭᠠᠷ ᠳᠤᠮᠳᠠᠳᠤ ᠰᠤᠷᠭᠠᠭᠤᠯᠢ ᠶᠢᠨ ᠪᠡᠯᠡᠳᠬᠡᠯ ᠰᠢᠯᠭᠠᠯᠲᠠ ᠶᠢᠨ ᠴᠡᠭ᠂ ᠰᠦᠩᠱᠠᠨ ᠤ ᠡᠮᠨᠡᠯᠭᠡ ᠶᠢᠨ | ᠬᠤᠷᠢᠶ᠎ᠠ ᠶᠢᠨ ᠲᠤᠰᠠᠭᠠᠷᠯᠠᠵᠤ ᠠᠪᠤᠷᠠᠨ ᠵᠠᠰᠠᠬᠤ ᠰᠢᠯᠭᠠᠯᠲᠠ ᠶᠢᠨ ᠴᠡᠭ ᠲᠤ ᠬᠦᠷᠴᠦ᠂ ᠰᠢᠯᠭᠠᠯᠲᠠ ᠶᠢᠨ | ᠲᠠᠯᠠᠪᠤᠷ ᠤᠨ ᠪᠠᠶᠢᠷᠢᠯᠠᠭᠤᠯᠤᠯᠲᠠ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠠᠮᠤᠷ ᠲᠦᠪᠰᠢᠨ ᠤ ᠬᠠᠮᠠᠭᠠᠯᠠᠯᠲᠠ᠂ ᠡᠷᠬᠢᠨ | ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠨᠠᠷᠢᠨ ᠤᠶᠢᠯᠠᠭᠠᠪᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠨᠡᠶᠢᠭᠡᠮ ᠳᠠᠶᠠᠭᠠᠷ ᠤᠨ ᠳᠡᠭᠡᠳᠦ | ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠴᠢᠬᠤᠯᠠ ᠶᠠᠪᠤᠳᠠᠯ ᠪᠣᠯᠤᠨ᠎ᠠ᠃ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠨᠠᠩ ᠴᠢᠩᠭ᠎ᠠ ᠨᠢᠮᠪᠠᠶ | ᠣᠪᠣᠷ ᠰᠤᠷᠲᠠᠯ᠂ ᠨᠠᠩ ᠳᠣᠲᠣᠨᠣ ᠨᠢᠮᠪᠠᠶ ᠦᠢᠯᠡᠴᠢᠯᠡᠭᠡ ᠪᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠠᠮᠤᠷ ᠲᠦᠪᠰᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ ᠤᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠤᠰᠤ ᠴᠠᠬᠢᠯᠭᠠᠨ ᠤ | ᠬᠠᠩᠭᠠᠯᠭ᠎ᠠ ᠵᠢᠴᠢ ᠭᠡᠨᠡᠳᠲᠡ ᠶᠢᠨ ᠴᠢᠨᠠᠷᠲᠠᠶ ᠬᠡᠷᠡᠭ ᠢ ᠠᠷᠭᠠᠴᠠᠬᠤ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠶ᠃ ᠰᠢᠯᠭᠠᠯᠲᠠ ᠶᠢᠨ ᠶᠠᠪᠤᠳᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠵᠤ | ᠂ ᠲᠠᠯᠠᠪᠤᠷ ᠲᠤ ᠣᠷᠣᠵᠤ ᠪᠠᠶᠢᠴᠠᠭᠠᠬᠤ᠂ ᠰᠢᠯᠭᠠᠯᠲᠠ ᠶᠢᠨ ᠳᠤᠮᠳᠠ ᠲᠣᠭᠤᠷᠢᠨ ᠪᠠᠶᠢᠴᠠᠭᠠᠬᠤ ᠵᠡᠷᠭᠡ ᠭᠤᠭᠴᠤᠭ᠎ᠠ ᠶᠢ | ᠴᠢᠩᠭ᠎ᠠ ᠬᠠᠮᠢᠶᠠᠷᠴᠤ᠂ ᠰᠢᠯᠭᠠᠯᠲᠠ ᠶᠢᠨ ᠲᠠᠯᠠᠪᠤᠷ ᠤᠨ ᠰᠠᠬᠢᠯᠭ᠎ᠠ ᠪᠠᠲᠤ ᠶᠢ ᠴᠢᠩᠭ᠎ᠠ ᠠᠳᠬᠤᠵᠤ᠂ ᠲᠥᠪ ᠭᠤᠣᠯᠴᠢ | ᠰᠢᠯᠭᠠᠯᠲᠠ ᠶᠢᠨ ᠤᠷᠴᠢᠨ ᠠᠬᠤᠢ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠬᠢᠵᠢᠭ ᠢ ᠰᠡᠷᠭᠡᠶᠢᠯᠡᠬᠦ | ᠠᠵᠢᠯᠳᠠᠨ ᠪᠠ ᠡᠳ᠋ ᠪᠣᠳᠠᠰ ᠢ ᠪᠦᠷᠢᠨ ᠭᠦᠢᠴᠡᠳ ᠲᠤᠬᠢᠷᠠᠭᠤᠯᠵᠤ᠂ ᠰᠢᠯᠭᠠᠭᠤᠯᠤᠭᠴᠢ ᠪᠠ ᠰᠢᠯᠭᠠᠯᠲᠠ ᠶᠢᠨ | ᠶᠠᠪᠤᠳᠠᠯ ᠤᠨ ᠠᠵᠢᠯᠳᠠᠨ ᠤ ᠡᠷᠡᠭᠦᠯ ᠮᠡᠨᠳᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠰᠤᠷᠤᠭᠴᠢᠳ ᠤᠨ | ᠰᠢᠯᠭᠠᠯᠲᠠ ᠠᠴᠠ ᠡᠮᠦᠨᠡᠬᠢ ᠰᠡᠳᠬᠢᠴᠡ ᠶᠢᠨ ᠵᠢᠯᠣᠭᠤᠳᠣᠯᠭ᠎ᠠ ᠪᠠ ᠬᠥᠮᠦᠯᠢᠭ ᠬᠠᠯᠠᠮᠵᠢᠯᠠᠯ ᠢ ᠴᠢᠩᠭᠠᠳᠬᠠᠵᠤ᠂ | ᠥᠷᠭᠡᠨ ᠣᠯᠠᠨ ᠰᠢᠯᠭᠠᠭᠤᠯᠤᠭᠴᠢᠳ ᠢ ᠡᠷᠡᠭᠦᠯ ᠪᠥᠭᠡᠳ ᠠᠭᠤᠵᠢᠭᠤ ᠲᠠᠯᠪᠢᠭᠤ ᠪᠠᠶᠢᠳᠠᠯ ᠢᠶᠠᠷ ᠳᠡᠭᠡᠳᠦ | ᠰᠤᠷᠭᠠᠭᠤᠯᠢ ᠳᠤ ᠡᠯᠰᠡᠬᠦ ᠰᠢᠯᠭᠠᠯᠲᠠ ᠶᠢ ᠤᠭᠲᠤᠬᠤ ᠪᠣᠯᠭᠠᠬᠤ ᠬᠡᠷᠡᠭᠲᠡᠶ᠃ |