ᠰᠦᠩᠱᠠᠨ ᠲᠣᠭᠤᠷᠢᠭ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2022/7/1
      ᠨᠢᠭᠡ ᠳᠤ ᠠᠭᠤᠷᠬᠠᠶ ᠶᠢ ᠰᠡᠷᠭᠦᠭᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠪᠠ᠃ ᠪᠥᠬᠦ  ᠲᠤᠭᠤᠷᠢᠭ ᠤᠨ ᠬᠤᠭᠤᠴᠠᠭᠠᠨ ᠳᠤ ᠪᠠᠶᠢᠭ᠎ᠠ 75 ᠠᠭᠤᠷᠬᠠᠶ ᠶᠢ ᠪᠦᠬᠦᠨ ᠢ ︽2022 ᠣᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠲᠥᠯᠥᠪᠯᠡᠭᠡ ᠶᠢᠨ ᠪᠢᠴᠢᠭ︾ ᠳᠤ ᠣᠷᠣᠭᠤᠯᠬᠤ ᠶᠢᠨ ᠬᠠᠮᠲᠤ᠂ ᠬᠠᠶᠠᠭᠰᠠᠨ ᠪᠠ ᠬᠠᠭᠠᠭᠰᠠᠨ ᠠᠭᠤᠷᠬᠠᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ  ᠪᠠᠷ ᠭᠤᠤᠯᠳᠠᠯᠭ᠎ᠠ ᠪᠣᠯᠭᠠᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠶᠠᠭᠰᠠᠨ ᠪᠠ ᠬᠠᠭᠠᠭᠰᠠᠨ ᠠᠭᠤᠷᠬᠠᠶ ᠶᠢᠨ ᠶᠡᠷᠦᠩᠬᠡᠶᠢᠯᠡᠨ ᠵᠠᠰᠠᠬᠤ ᠡᠭᠦᠷᠭᠡ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠳᠣᠬᠠᠨ ᠳᠤ ᠨᠢᠭᠡᠨᠲᠡ 18 ᠠᠭᠤᠷᠬᠠᠶ ᠶᠢ ᠰᠡᠷᠭᠦᠭᠡᠨ ᠵᠠᠰᠠᠬᠤ ᠠᠵᠢᠯ ᠢ ᠪᠡᠶᠡᠯᠡᠭᠦᠯᠵᠦ᠂ ᠵᠠᠰᠠᠭᠰᠠᠨ ᠲᠠᠯᠠᠪᠠᠶ ᠨᠢ 0.6 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃      ᠬᠤᠶᠠᠷ ᠲᠤ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠬᠡᠨ ᠨᠡᠭᠡᠭᠡᠨ ᠬᠥᠭᠵᠢᠭᠦᠯᠪᠡᠯ ᠲᠡᠷᠡ ᠬᠠᠮᠠᠭᠠᠯᠠᠵᠤ᠂ ᠬᠡᠨ ᠡᠪᠳᠡᠪᠡᠯ ᠲᠡᠷᠡ ᠵᠠᠰᠠᠬᠤ︾ ᠵᠠᠷᠴᠢᠮ ᠢ ᠪᠠᠷᠢᠮᠲᠠᠯᠠᠨ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠬᠠᠷᠢᠭᠤᠴᠠᠯᠭ᠎ᠠ ᠶᠢ ᠠᠭᠤᠷᠬᠠᠶ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ ᠪᠥᠬᠦ ᠶᠠᠪᠤᠴᠠ ᠳᠤ ᠨᠠᠶᠢᠳᠠᠪᠤᠷᠢᠵᠢᠭᠤᠯᠵᠤ᠂ ᠪᠣᠶ ᠪᠥᠬᠦᠶ ᠦᠢᠯᠡᠳᠪᠦᠷᠢᠯᠡᠯ ᠠᠭᠤᠷᠬᠠᠶ ᠶᠢᠨ ᠵᠠᠰᠠᠵᠤ ᠰᠡᠷᠭᠦᠭᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠡᠭᠦᠷᠭᠡᠯᠡᠬᠦ ᠶᠢ ᠦᠨᠡᠨᠬᠦ ᠪᠠᠲᠤᠯᠠᠨ᠎ᠠ᠃       ᠭᠤᠷᠪᠠ ᠳᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠠᠭᠤᠷᠬᠠᠶ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠠᠭᠤᠷᠬᠠᠶ ᠶᠢᠨ ᠣᠷᠴᠢᠨ ᠲᠣᠭᠤᠷᠢᠨ ᠢ ᠠᠮᠢ ᠠᠬᠤᠶᠢᠵᠢᠭᠤᠯᠬᠤ᠂ ᠨᠡᠭᠡᠭᠡᠨ ᠮᠠᠯᠲᠠᠬᠤ ᠠᠷᠭ᠎ᠠ ᠶᠢ ᠰᠢᠨᠵᠢᠯᠡᠬᠦ ᠤᠬᠠᠭᠠᠨᠴᠢᠯᠠᠬᠤ᠂ ᠡᠬᠢ ᠪᠠᠶᠠᠯᠢᠭ ᠤᠨ ᠠᠰᠢᠭᠯᠠᠯᠲᠠ ᠶᠢ ᠥᠨᠳᠥᠷ ᠦᠷ᠎ᠡ ᠠᠰᠢᠭᠵᠢᠭᠤᠯᠬᠤ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠠ ᠠᠭᠤᠷᠬᠠᠶ ᠶᠢᠨ ᠣᠷᠣᠨ ᠤ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠪᠣᠯᠭᠠᠬᠤ ᠶᠢ ᠪᠡᠶᠡᠯᠡᠭᠦᠯᠦᠨ᠎ᠡ᠃      ᠣᠳᠣᠬᠠᠨ ᠳᠤ ᠪᠥᠬᠦ ᠲᠤᠭᠤᠷᠢᠭ ᠲᠤ 9 ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠲᠠᠢ ᠪᠠᠶᠢᠵᠤ᠂ 1 ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠢ ᠰᠢᠨ᠎ᠡ ᠪᠠᠷ ᠡᠭᠦᠳᠦᠨ ᠪᠠᠶᠢᠭᠤᠯᠵᠤ᠂ ᠵᠢᠱᠢᠯᠲᠡ ᠪᠠᠷ 11  ᠳ᠋ᠦ᠋ᠭᠡᠷ ᠰᠠᠷ᠎ᠠ ᠳᠤ ᠪᠠᠶᠢᠭᠤᠯᠵᠤ ᠳᠠᠭᠤᠰᠬᠠᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号