ᠭᠦᠸᠧ ᠰᠢ ᠰᠦᠩᠱᠠᠨ ᠲᠣᠭᠤᠷᠢᠭ ᠲᠤ ᠬᠦᠷᠴᠦ ᠥᠨᠳᠥᠷ ᠳᠤᠮᠳᠠᠳᠤ ᠶᠢᠨ ᠰᠢᠯᠭᠠᠯᠲᠠ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/7/1
      6 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠭᠦᠸᠧ ᠰᠢ ᠰᠦᠩᠱᠠᠨ ᠲᠣᠭᠤᠷᠢᠭ ᠲᠤ ᠬᠦᠷᠴᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠠᠵᠢᠯ ᠢ ᠪᠠᠶᠢᠴᠠᠭᠠᠨ ᠦᠵᠡᠪᠡ᠂ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ ᠪᠠᠷ᠎ᠠ ᠪᠣᠯᠵᠣ ᠪᠠᠶᠢᠴᠠᠭᠠᠨ ᠦᠵᠡᠪᠡ᠃      ᠰᠦᠩᠱᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠭᠦᠸᠧ ᠰᠢ ᠰᠦᠩᠱᠠᠨ ᠲᠣᠭᠤᠷᠢᠭ ᠤᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠭᠦᠸᠧ ᠰᠢ ᠴᠢᠬᠤᠯᠠᠴᠢᠯᠠᠭᠰᠠᠨ ᠨᠢ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠯᠪᠣᠭᠳᠠᠬᠤ ᠬᠡᠪᠴᠢᠶ᠎ᠡ ᠥᠷᠭᠡᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠥᠨᠳᠥᠷ ᠪᠠᠶᠢᠳᠠᠭ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ᠂ ᠰᠢᠯᠭᠠᠯᠲᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠶᠢ ᠴᠢᠩᠳᠠᠯᠠᠵᠤ᠂ ᠨᠢᠭᠤᠴᠠ ᠶᠢ ᠵᠠᠳᠠᠷᠠᠭᠤᠯᠬᠤ᠂ ᠰᠢᠯᠭᠠᠯᠲᠠ ᠶᠢᠨ ᠲᠠᠯᠠᠪᠤᠷ ᠲᠤ ᠬᠡᠮ ᠬᠢᠬᠦ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠰᠢᠯᠭᠠᠯᠲᠠ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠬᠠᠮᠠᠭᠠᠯᠠᠬᠤ ᠬᠡᠷᠡᠭᠲᠡᠶ᠃  ᠦᠢᠯᠡᠴᠢᠯᠡᠭᠡ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠠᠯᠠᠭᠤᠨ ᠢ ᠰᠡᠷᠭᠡᠶᠢᠯᠡᠬᠦ᠂ ᠢᠳᠡᠭᠡᠨ ᠤ ᠠᠮᠤᠷ ᠲᠦᠪᠰᠢᠨ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ ᠠᠵᠢᠯ ᠢ ᠴᠢᠩᠭ᠎ᠠ ᠪᠥᠭᠡᠳ ᠪᠣᠳᠠᠲᠠᠶ ᠨᠠᠷᠢᠯᠢᠭ ᠰᠠᠶᠢᠲᠤᠷ ᠬᠢᠵᠦ᠂ ᠰᠢᠯᠭᠠᠭᠤᠯᠤᠭᠴᠢ ᠳᠤ ᠠᠮᠤᠷ ᠲᠦᠪᠰᠢᠨ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ᠃ ᠡᠭᠦᠨ ᠤ ᠬᠠᠮᠲᠤ᠂ ᠦᠶᠡᠷ ᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠰᠢᠯᠭᠠᠭᠤᠯᠤᠭᠰᠠᠳ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠥᠨᠳᠥᠷ ᠳᠤᠮᠳᠠᠳᠤ ᠶᠢᠨ ᠰᠢᠯᠭᠠᠯᠲᠠ ᠶᠢᠨ ᠡᠯ᠎ᠡ  ᠵᠦᠢᠯ ᠤᠨ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ᠂ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ᠣᠶᠢᠯᠠᠭᠠᠭᠰᠠᠨ ᠢᠶᠠᠷ᠂ ᠡᠨᠡ ᠵᠢᠯ ᠰᠦᠩᠱᠠᠨ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 6923 ᠪᠠᠶᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠴᠡᠭ ᠨᠡᠶᠢᠲᠡ 5 ᠪᠣᠶ᠂ ᠡᠭᠦᠨ ᠳᠤ ᠰᠢᠨ᠎ᠡ ᠬᠤᠲᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ 52᠂ ᠰᠦᠩᠱᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ 48᠂ ᠤᠯᠠᠭᠠᠨᠬᠠᠳᠠ ᠶᠢᠨ ᠤᠯᠠᠭᠠᠨ ᠲᠤᠭ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ 52᠂ ᠲᠤᠷᠰᠢᠯᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ 48᠂ ᠰᠦᠩᠱᠠᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ 33 ᠪᠣᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号