ᠵᠦᠩ ᠴᠢᠩ ᠰᠦᠩ ᠪᠡᠭᠡᠵᠢᠩ ᠳᠤ ᠠᠷᠠᠯᠵᠢᠶᠠᠴᠢᠨ ᠤᠷᠢᠬᠤ ᠪᠠᠷ ᠶᠠᠪᠤᠪᠠ
ᠨᠡᠶᠢᠲᠡᠯᠡᠭᠰᠡᠨ ᠴᠠᠭ᠄
2022/7/1
      6 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠰᠦᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠥᠩ ᠴᠢᠩ ᠰᠥᠩ ᠪᠡᠭᠡᠵᠢᠩ ᠳᠤ ᠬᠦᠷᠴᠦ ᠲᠥᠷᠥᠯ ᠵᠦᠢᠯ ᠢ ᠵᠣᠯᠭᠠᠭᠤᠯᠪᠠ᠃      6 ᠰᠠᠷ᠎ᠠ ᠶᠢᠨ 24 ᠤ ᠦᠳᠡ ᠶᠢᠨ ᠬᠤᠶᠢᠨᠠᠬᠢ 4 ᠴᠠᠭ ᠲᠤ ᠪᠡᠭᠡᠵᠢᠩ ᠳᠤ ᠬᠦᠷᠦᠭᠰᠡᠨ ᠤ ᠲᠠᠷᠠᠭ᠎ᠠ᠂ ᠵᠦᠩ ᠴᠢᠩ ᠰᠦᠩ ᠨᠡᠷ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠨ ᠴᠧᠩ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠲᠠᠢ ᠤᠯᠠᠭᠠᠨᠬᠠᠳᠠ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠠᠷᠠᠯᠵᠢᠶ᠎ᠠ ᠬᠤᠳᠠᠯᠳᠤᠭᠠᠨ ᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠶᠠᠪᠤᠳᠠᠯ ᠤᠨ ᠲᠤᠬᠠᠢ ᠠᠩᠬ᠎ᠠ ᠠᠯᠬᠤᠮ ᠤᠨ ᠰᠣᠯᠢᠯᠴᠠᠭ᠎ᠠ ᠬᠢᠵᠦ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠲᠥᠯᠥᠪᠵᠢᠭᠦᠯᠭᠡ᠂ ᠣᠷᠣᠨ ᠪᠠᠶᠢᠷᠢ ᠶᠢᠨ ᠲᠣᠭᠲᠠᠭᠠᠯᠲᠠ ᠵᠡᠷᠭᠡ ᠶᠠᠪᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃      6 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠵᠥᠩ ᠴᠢᠩ ᠰᠥᠩ ᠨᠠᠷ ᠤᠯᠤᠰ ᠤᠨ ᠡᠮ ᠤᠨ ᠪᠦᠯᠦᠭᠯᠡᠯ ᠤᠨ ᠤᠯᠤᠰ ᠤᠨ ᠮᠠᠲ᠋ᠧᠷᠢᠶᠠᠯ ᠤᠨ ᠬᠥᠷᠥᠩᠭᠡ ᠶᠢᠨ ᠬᠡᠷᠡᠭ ᠮᠡᠳᠡᠭᠴᠢᠳ ᠤᠨ ᠳᠠᠷᠤᠭ᠎ᠠ ᠶᠤᠸᠠᠢ ᠰᠢᠨ ᠹᠧᠩ ᠂ ᠰᠢᠨ᠎ᠡ ᠶᠢ ᠡᠭᠦᠳᠬᠦ ᠠᠵᠢᠯ ᠦᠢᠯᠡᠰ ᠤᠨ ᠬᠡᠯᠲᠡᠰ ᠤᠨ ᠶᠡᠷᠦᠩᠬᠡᠶ ᠵᠠᠬᠢᠷᠤᠯ ᠴᠧᠨ ᠵᠢᠶᠧ ᠮᠢᠩ ᠲᠠᠢ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠵᠡᠷᠭᠡ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠵᠥᠩ ᠴᠢᠩ ᠰᠥᠩ ᠢᠯᠡᠷᠬᠡᠶᠢᠯᠡᠬᠦ ᠳᠡᠭᠡᠨ᠂ ᠤᠯᠠᠭᠠᠨᠬᠠᠳᠠ ᠣᠷᠣᠨ ᠤ ᠬᠢᠲᠠᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠡᠯᠪᠡᠭ ᠳᠡᠯᠪᠡᠭ᠂ ᠮᠠᠨ ᠤ ᠤᠯᠤᠰ ᠤᠨ ᠤᠮᠠᠷᠠᠲᠤ ᠶᠢᠨ ᠵᠢᠩᠬᠢᠨᠢ ᠴᠢᠨᠠᠷ ᠰᠠᠶᠢᠲᠠᠶ ᠬᠢᠲᠠᠳ ᠡᠮ ᠤᠨ ᠮᠠᠲ᠋ᠧᠷᠢᠶᠠᠯ ᠤᠨ ᠭᠤᠤᠯ ᠭᠠᠷᠤᠯᠲᠠ ᠶᠢᠨ ᠭᠠᠵᠠᠷ ᠮᠥᠨ᠂ ᠤᠤᠯ ᠨᠢ ︽ᠪᠥᠬᠦ ᠤᠯᠤᠰ ᠤᠨ ᠨᠠᠢᠮᠠᠨ ᠲᠣᠮᠣ ᠡᠮ ᠤᠨ ᠵᠠᠬ᠎ᠠ︾ ᠶᠢᠨ ᠨᠢᠭᠡ ᠪᠠᠶᠢᠵᠤ᠂ ᠤᠮᠠᠷᠠᠲᠤ ᠶᠢᠨ ᠬᠤᠩᠬᠤᠨ ᠴᠡᠴᠡᠭ ᠤᠨ ᠭᠠᠷᠤᠯᠲᠠ ᠨᠢ ᠪᠥᠬᠦ ᠤᠯᠤᠰ ᠤᠨ ᠶᠡᠷᠦᠩᠬᠡᠶ ᠭᠠᠷᠤᠯᠲᠠ ᠶᠢᠨ 85% ᠶᠢ ᠡᠵᠡᠯᠡᠵᠦ᠂ ᠬᠤᠷᠳᠤᠨ ᠴᠠᠭᠠᠨ ᠤ ᠭᠠᠷᠤᠯᠲᠠ ᠨᠢ ᠪᠥᠬᠦ ᠤᠯᠤᠰ ᠤᠨ ᠶᠡᠷᠦᠩᠬᠡᠶ ᠭᠠᠷᠤᠯᠲᠠ ᠶᠢᠨ 65% ᠶᠢ ᠡᠵᠡᠯᠡᠵᠦ᠂ ︽ᠳᠤᠮᠳᠠᠳᠤ ᠤᠯᠤᠰ ᠤᠨ ᠤᠮᠠᠷᠠᠲᠤ ᠶᠢᠨ ᠡᠯᠡᠰᠦᠨ ᠣᠷᠬᠤᠳᠠᠶ᠂ ᠬᠤᠷᠳᠤᠨ ᠴᠠᠭᠠᠨ ᠤ ᠨᠤᠲᠤᠭ︾ ᠪᠣᠯᠬᠤ ᠪᠥᠭᠡᠳ ᠣᠷᠣᠨ ᠪᠠᠶᠢᠷᠢ ᠶᠢᠨ ᠳᠠᠪᠠᠭᠤᠯᠢᠭ ᠨᠢ ᠢᠯᠡᠷᠬᠡᠶ᠂ ᠵᠠᠮ ᠬᠠᠷᠢᠯᠴᠠᠭ᠎ᠠ ᠲᠥᠬᠦᠮ᠂ ᠴᠢᠳᠠᠪᠤᠷᠢᠲᠠᠨ ᠤ ᠡᠬᠢ ᠪᠠᠶᠠᠯᠢᠭ ᠡᠯᠪᠡᠭ ᠪᠠᠶᠢᠵᠤ᠂ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ ᠢ ᠬᠥᠭᠵᠢᠭᠦᠯᠬᠦ᠂ ᠡᠮ ᠡᠮᠨᠡᠯᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠤᠯᠤᠰ ᠤᠨ ᠡᠮ ᠤᠨ ᠪᠦᠯᠦᠭᠯᠡᠯ ᠤᠨ ᠬᠢᠨ ᠮᠠᠨ ᠤ ᠬᠤᠲᠠ ᠶᠢᠨ ᠡᠬᠢ ᠪᠠᠶᠠᠯᠢᠭ ᠤᠨ ᠨᠥᠬᠦᠴᠡᠯ ᠢ ᠭᠦᠢᠴᠡᠳ ᠮᠡᠳᠡᠷᠡᠵᠦ᠂ ᠬᠤᠶᠠᠷ ᠲᠠᠯ᠎ᠠ ᠪᠠᠷ ᠢᠶᠠᠨ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠤᠭᠰᠠᠨ ᠪᠥᠭᠡᠳ ᠲᠣᠬᠢᠶᠠᠯ ᠢ ᠦᠵᠡᠨ ᠤᠯᠠᠭᠠᠨᠬᠠᠳᠠ ᠳᠤ ᠬᠦᠷᠴᠦ 650 ᠮᠦ ᠭᠠᠵᠠᠷ ᠡᠵᠡᠯᠡᠭᠰᠡᠨ ᠡᠮ ᠡᠮᠨᠡᠯᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠠᠵᠠᠷ ᠰᠣᠩᠭᠤᠬᠤ ᠵᠢᠴᠢ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠢ ᠪᠠᠶᠢᠴᠠᠭᠠᠨ ᠰᠤᠳᠤᠯᠤᠯᠲᠠ ᠬᠢᠨ᠎ᠠ ᠭᠡᠵᠦ ᠢᠯᠡᠳᠬᠡᠪᠡ᠃      6 ᠰᠠᠷ᠎ᠠ ᠶᠢᠨ 25 ᠤ ᠦᠳᠡ ᠶᠢᠨ ᠬᠤᠶᠢᠨ᠎ᠠ᠂ 26 ᠤ ᠦᠳᠡ ᠶᠢᠨ ᠡᠮᠦᠨ᠎ᠡ ᠵᠥᠩ ᠴᠢᠩ ᠰᠦᠩ ᠨᠡᠷ ᠲᠤᠰ ᠲᠤᠰ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠵᠤ ᠠᠬᠤᠶ ᠠᠷᠠᠯᠵᠢᠶᠠᠨ ᠤ ᠵᠤᠷᠭᠠᠨ ᠤ ᠳᠡᠳ᠋ ᠳᠠᠷᠤᠭ᠎ᠠ ᠳ᠋ᠢᠩ ᠵᠢᠶᠠᠨ ᠡᠦ᠂ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶᠠᠨ ᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠡᠳ᠋ ᠰᠠᠶᠢᠳ ᠼᠦᠩ ᠱᠠᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠴᠢᠳᠠᠪᠤᠷᠢᠲᠠᠨ ᠰᠣᠯᠢᠯᠴᠠᠬᠤ ᠲᠥᠪ ᠤᠨ ᠡᠷᠬᠢᠯᠡᠭᠴᠢ ᠳ᠋ᠢᠩ ᠭᠦᠸᠧ ᠵᠢᠶᠧ᠂ ᠵᠥᠩ ᠼᠠᠢ ᠴᠢᠤᠸᠠᠨ ᠰᠢᠩ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠣᠣ ᠴᠢᠶᠠᠩ ᠯᠢᠨ᠂ ᠳᠤᠮᠳᠠᠳᠤ ᠤᠯᠤᠰ ᠤᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠨ ᠴᠧᠩ᠂ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠺᠣᠮᠫᠠᠨᠢ ᠶᠢᠨ ᠬᠤᠸᠠ ᠱᠠᠩ ᠤᠯᠠᠨ ᠤᠯᠤᠰ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠳᠦᠷᠪᠡᠳᠦᠭᠡᠷ ᠰᠤᠳᠤᠯᠭᠠᠨ ᠤ ᠭᠠᠵᠠᠷ ᠤᠨ ᠳᠠᠷᠤᠭ᠎ᠠ ᠱᠢ ᠸᠧᠨ ᠫᠢᠩ᠂ ᠳᠡᠳ᠋ ᠳᠠᠷᠤᠭ᠎ᠠ ᠵᠢᠶᠠᠩ ᠢᠦᠢ ᠫᠧᠩ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ ᠵᠢᠩ ᠳ᠋ᠦᠩ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠡᠯᠲᠡᠰ ᠤᠨ ᠳᠡᠭᠡᠳᠦ ᠵᠡᠷᠭᠡ ᠶᠢᠨ ᠶᠡᠷᠦᠩᠬᠡᠢ ᠬᠢᠨᠠᠭᠴᠢ ᠯᠢ ᠴᠢ᠂ ᠹᠧᠩ ᠡᠯ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠨᠠᠨ ᠰᠧ ᠶᠠᠩ᠂ ᠬᠤᠳᠠᠯᠳᠤᠭᠠᠨ ᠤ ᠶᠠᠪᠤᠳᠠᠯ ᠤᠨ ᠲᠡᠷᠢᠭᠦᠨ ᠲᠤᠰᠢᠶᠠᠯᠲᠠᠨ ᠯᠢᠦᠢ ᠯᠢᠶᠠᠩ ᠮᠢᠩ ᠲᠠᠢ ᠤᠯᠠᠭᠠᠨᠬᠠᠳᠠ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠠᠷᠠᠯᠵᠢᠶ᠎ᠠ ᠬᠤᠳᠠᠯᠳᠤᠭᠠᠨ ᠤ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠶᠠᠪᠤᠳᠠᠯ ᠤᠨ ᠲᠤᠬᠠᠢ ᠭᠦᠨᠵᠡᠭᠡᠢ ᠶᠠᠷᠢᠯᠴᠠᠪᠠ᠃ ᠵᠥᠩ ᠴᠢᠩ ᠰᠥᠩ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠠᠬᠤᠶ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠵᠤ᠂ ᠲᠤᠰ ᠲᠥᠷᠥᠯ ᠵᠦᠢᠯ ᠪᠣᠯ ︽ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ︾ ᠶᠢᠨ ᠴᠢᠬᠤᠯᠠ ᠪᠦᠷᠢᠯᠳᠦᠬᠦᠨ ᠬᠡᠰᠡᠭ ᠪᠠ ᠰᠢᠨ᠎ᠡ ᠠᠵᠤ ᠦᠢᠯᠡᠰ ᠤᠨ ᠬᠡᠰᠡᠭ ᠮᠥᠨ᠂ ᠤᠯᠤᠰ ᠤᠨ ᠠᠮᠢᠳᠤ ᠭᠠᠭ᠋ᠠᠶ ᠶᠢᠨ ᠵᠠᠬ᠎ᠠ ᠳᠡᠯᠭᠡᠭᠦᠷ ︵ᠥᠪᠥᠷ ᠮᠣᠩᠭᠤᠯ ᠤᠨ ᠮᠤᠵᠢ ᠶᠢᠨ ᠳᠡᠰ ᠤᠨ ᠵᠠᠬ᠎ᠠ ᠳᠡᠯᠭᠡᠭᠦᠷ︶ ᠢ ᠪᠠᠶᠢᠭᠤᠯᠬᠤ ᠪᠠᠷ ᠳᠡᠮᠵᠢᠨ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠮᠤ ᠳ᠋ᠠᠶᠢᠲ᠋ᠠ ᠶᠢᠨ ᠲᠥᠪ᠂ ᠲᠠᠷᠢᠶᠠᠯᠠᠩ ᠮᠠᠯ ᠠᠵᠤ ᠠᠬᠤᠢ ᠶᠢᠨ ᠮᠥᠩᠭᠦᠨ ᠭᠦᠢᠯᠭᠡᠭᠡ᠂ ᠲᠦᠷᠦᠯ ᠲᠡᠮᠳᠡᠭ᠂ ᠰᠢᠨᠵᠢᠯᠡᠬᠦ ᠤᠬᠠᠭᠠᠨ ᠤ ᠰᠤᠳᠤᠯᠭᠠᠨ᠂ ᠮᠢᠬᠠᠨ ᠤ ᠵᠦᠢᠯ ᠢ ᠳᠡᠯᠭᠡᠨ ᠦᠵᠡᠭᠦᠯᠵᠦ ᠲᠥᠪᠯᠡᠷᠡᠭᠦᠯᠦᠨ ᠲᠠᠷᠬᠠᠭᠠᠬᠤ᠂ ᠢᠳᠡᠭᠡᠨ ᠢ ᠡᠳ᠋ᠰᠢᠭᠦᠯᠬᠦ᠂ ᠬᠦᠢᠳᠡᠨ ᠬᠡᠯᠬᠢᠶᠡᠲᠦ ᠬᠥᠮᠥᠷᠭᠡᠯᠡᠬᠦ᠂ ᠪᠠᠷᠠᠭᠠᠨ ᠤ ᠭᠦᠢᠯᠭᠡᠭᠡ ᠶᠢ ᠲᠤᠬᠢᠷᠠᠭᠤᠯᠤᠨ ᠬᠦᠷᠭᠡᠬᠦ᠂ ᠡᠵᠡᠩᠨᠡᠨ ᠪᠣᠷᠣᠯᠠᠭᠤᠯᠬᠤ᠂ ᠪᠡᠶᠡᠴᠢᠯᠡᠨ ᠣᠶᠢᠯᠠᠭᠠᠬᠤ᠂ ᠰᠢᠯᠭᠠᠨ ᠪᠠᠶᠢᠴᠠᠭᠠᠬᠤ᠂ ᠢᠳᠡᠭᠡᠨ ᠢ ᠰᠤᠳᠤᠯᠤᠨ ᠨᠡᠭᠡᠭᠡᠬᠦ᠂ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢ ᠨᠢᠭᠡ ᠴᠤᠬᠴᠠᠵᠢᠭᠤᠯᠤᠬᠰᠠᠨ ᠰᠢᠨ᠎ᠡ ᠬᠡᠯᠪᠡᠷᠢ ᠶᠢᠨ ᠥᠨᠳᠥᠷ ᠦᠷ᠎ᠡ ᠠᠰᠢᠭ ᠲᠠᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠤᠶᠤᠨᠲᠤ ᠠᠵᠤ ᠦᠢᠯᠡᠰ ᠤᠨ ᠬᠦᠷᠢᠶᠡᠯᠡᠩ ᠨᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠤᠯᠪᠣᠭᠠᠯᠠᠨ ᠬᠥᠳᠡᠯᠦᠯᠴᠡᠬᠦ ᠶᠢ ᠤᠶᠠᠯᠳᠤᠭᠤᠯᠤᠭᠰᠠᠨ ᠤᠯᠠᠨ ᠴᠢᠳᠠᠮᠵᠢᠳᠤ ᠬᠠᠮ ᠬᠡᠯᠪᠡᠷᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠤᠯᠤᠨ᠎ᠠ ᠭᠡᠪᠡ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠲᠤᠰ ᠲᠦᠷᠦᠯ ᠵᠦᠢᠯ ᠢ ᠭᠦᠢᠴᠡᠳ ᠮᠡᠳᠡᠷᠡᠵᠦ᠂ ᠲᠤᠰ ᠲᠦᠷᠦᠯ ᠵᠦᠢᠯ ᠨᠢ ᠣᠷᠣᠨ ᠨᠤᠲᠤᠭ᠂ ᠦᠢᠯᠡᠴᠢᠯᠡᠭᠡᠨ ᠤ ᠣᠷᠣᠨ ᠪᠦᠰᠡ ᠳᠤ ᠰᠠᠭᠤᠷᠢᠯᠠᠵᠤ᠂ ᠡᠷᠬᠢᠨ ᠲᠣᠭᠤᠷᠢᠨ ᠢᠶᠠᠨ ᠨᠥᠯᠥᠭᠡᠯᠡᠵᠦ᠂ ᠪᠣᠳᠠᠲᠤ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠨ᠎ᠡ ᠭᠡᠵᠦ ᠦᠵᠡᠭᠡᠳ᠂ ᠴᠠᠭ ᠲᠤᠬᠠᠢ ᠳᠤᠨᠢ ᠬᠠᠮᠢᠶ᠎ᠠ ᠪᠦᠬᠦᠢ ᠳᠡᠮᠵᠢᠯᠭᠡ ᠦᠵᠡᠭᠦᠯᠦᠨ᠎ᠡ ᠭᠡᠵᠦ ᠢᠯᠡᠳᠬᠡᠬᠦ ᠶᠢᠨ ᠬᠠᠮᠲᠤ ᠲᠦᠷᠦᠯ ᠵᠦᠢᠯ ᠤᠨ ᠲᠥᠯᠥᠪᠵᠢᠭᠦᠯᠭᠡ᠂ ᠴᠢᠳᠠᠪᠬᠢ ᠶᠢᠨ ᠪᠠᠶᠢᠷᠢ ᠲᠣᠭᠲᠠᠭᠠᠯᠲᠠ᠂ ᠪᠠᠭᠲᠠᠭᠠᠮᠵᠢ ᠶᠢᠨ ᠵᠢᠷᠤᠭ ᠲᠥᠯᠥᠪᠯᠡᠭᠡ᠂ ᠲᠦᠷᠦᠯ ᠲᠡᠮᠳᠡᠭ ᠤᠨ ᠡᠭᠦᠳᠦᠯᠲᠡ᠂ ᠬᠥᠭᠵᠢᠯᠲᠡ ᠶᠢᠨ ᠠᠷᠭ᠎ᠠ ᠵᠠᠮ ᠵᠡᠷᠭᠡ ᠶᠠᠪᠤᠳᠠᠯ ᠤᠨ ᠲᠠᠯ᠎ᠠ ᠪᠠᠷ ᠪᠣᠯᠤᠮᠵᠢᠲᠤ ᠴᠢᠨᠠᠷᠲᠠᠢ ᠰᠠᠨᠠᠭᠤᠯᠭ᠎ᠠ ᠳᠤᠷᠠᠳᠴᠠᠢ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠲᠣᠰ ᠲᠣᠰ ᠤᠨ ᠰᠤᠳᠤᠯᠭᠠᠨ ᠤ ᠬᠦᠷᠢᠶ᠎ᠡ ᠴᠠᠷᠠᠭ᠎ᠠ ᠪᠠ ᠲᠤᠰᠬᠠᠶ ᠮᠡᠷᠭᠡᠵᠢᠯ ᠲᠠᠢ ᠪᠠᠨ ᠤᠶᠠᠯᠳᠤᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ᠂ ᠪᠠᠷᠠᠭᠠᠨ ᠤ ᠭᠦᠢᠯᠭᠡᠭᠡᠨ ᠤ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠤᠴᠢᠷ ᠶᠠᠪᠤᠳᠠᠯ ᠤᠨ ᠲᠣᠭᠤᠷᠢᠨ ᠳᠤ ᠠᠵᠢᠯ ᠤᠨ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠣᠶᠢᠷ᠎ᠠ ᠶᠢᠨ ᠬᠤᠭᠤᠴᠠᠭᠠᠨ ᠳᠤ ᠲᠤᠰᠬᠠᠶ ᠮᠡᠷᠭᠡᠵᠢᠯ ᠤᠨ ᠪᠦᠯᠬᠦᠮ ᠵᠣᠬᠢᠶᠠᠨ ᠪᠠᠶᠢᠭᠤᠯᠵᠤ ᠮᠠᠨ ᠤ ᠲᠤᠭᠤᠷᠢᠭ ᠲᠤ ᠬᠦᠷᠴᠦ ᠪᠣᠳᠠᠲᠠᠶ ᠭᠠᠵᠠᠷ ᠲᠤᠨᠢ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠤᠨ᠎ᠠ ᠭᠡᠵᠦ ᠢᠯᠡᠷᠬᠡᠶᠢᠯᠡᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号