ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠰᠦᠩᠱᠠᠨ ᠲᠣᠭᠤᠷᠢᠭ ᠲᠤ ᠬᠦᠷᠴᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/1
      6 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠦᠸᠧ ᠰᠢᠤ ᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠰᠦᠩᠱᠠᠨ ᠲᠣᠭᠤᠷᠢᠭ ᠲᠤ ᠬᠦᠷᠴᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠠᠵᠢᠯ ᠢ ᠪᠠᠶᠢᠴᠠᠭᠠᠨ ᠰᠤᠳᠤᠯᠪᠠ᠃ ᠰᠦᠩᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠵᠢᠶᠠᠨ ᠪᠢᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠢ ᠬᠤᠸᠠ ᠶᠠᠨ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠳ᠋ᠠᠩ ᠫᠦ᠋ ᠳ᠋ᠢ ᠲᠣᠰᠬᠤᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠦᠩᠱᠠᠨ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠠᠮᠤᠷᠬᠤ ᠬᠡᠪᠴᠢᠶ᠎ᠡ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠭᠰᠠᠨ ᠢᠳᠡᠪᠬᠢᠵᠢᠯ ᠪᠠ ᠠᠵᠢᠯ ᠶᠠᠪᠤᠳᠠᠯ ᠭᠦᠢᠴᠡᠳᠬᠡᠬᠦ ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠦᠩᠱᠠᠨ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠤᠨ ᠳᠤᠮᠳᠠ ᠣᠯᠤᠭᠰᠠᠨ ᠠᠮᠵᠢᠯᠲᠠ ᠪᠦᠲᠦᠮᠵᠢ ᠶᠢ  ᠭᠦᠢᠴᠡᠳ ᠨᠤᠲᠠᠯᠠᠵᠤ᠂ ᠰᠦᠩᠱᠠᠨ ᠲᠣᠭᠤᠷᠢᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠤᠨ ᠤᠳᠤᠷᠢᠳᠤᠯᠭ᠎ᠠ ᠶᠢ ᠴᠢᠬᠤᠯᠠᠴᠢᠯᠠᠨ ᠦᠵᠡᠵᠦ᠂ ᠠᠷᠭ᠎ᠠ ᠬᠡᠮᠵᠢᠶ᠎ᠡ ᠨᠢ ᠬᠦᠴᠦᠲᠡᠶ ᠪᠠᠶᠢᠵᠤ᠂ ᠢᠯᠡᠳᠲᠡ ᠦᠷ᠎ᠡ ᠪᠦᠲᠦᠮᠵᠢ ᠤᠯᠪᠠ ᠭᠡᠵᠦ ᠦᠵᠡᠪᠡ᠃      ᠰᠦᠩᠱᠠᠨ ᠲᠣᠭᠤᠷᠢᠭ ᠨᠢ ᠪᠦᠬᠦ ᠤᠯᠤᠰ ᠤᠨ ᠳᠥᠷᠪᠡᠳᠦᠭᠡᠷ ᠪᠦᠯᠦᠭ ᠤᠨ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠠᠵᠠᠷ ᠪᠤᠯᠤᠭᠰᠠᠨ ᠤ ᠬᠤᠪᠢ ᠳᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠶᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠨ ᠠᠬᠢᠭᠤᠯᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠤᠯᠠᠨ ᠡᠰᠢᠲᠦ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠢᠯᠡᠴᠢᠯᠡᠭᠡ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ ᠡᠨᠡ ᠵᠢᠯ ᠠᠴᠠ ᠨᠠᠰᠢ᠂ ᠰᠦᠩᠱᠠᠨ ᠲᠣᠭᠤᠷᠢᠭ ᠤᠨ ᠬᠢᠨ ᠬᠠᠷᠠᠭᠠᠯᠵᠠᠯ ᠣᠯᠭᠤᠬᠤ ᠨᠥᠬᠦᠴᠡᠯ ᠳᠤ ᠨᠡᠶᠢᠴᠡᠬᠦ 67061 ᠬᠥᠮᠦᠨ ᠳᠤ ᠨᠡᠶᠢᠲᠡ 6360 ᠭᠠᠷᠤᠶ ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠵᠤ᠂ ᠪᠣᠶ ᠪᠥᠬᠦᠶ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠥᠮ ᠴᠠᠭ ᠲᠤᠬᠠᠶ ᠳᠤᠨᠢ ᠲᠤᠭ᠎ᠠ ᠶᠣᠰᠣᠭᠠᠷ ᠥᠭᠴᠦ᠂ ᠲᠠᠷᠬᠠᠭᠠᠭᠰᠠᠨ ᠨᠣᠷᠮ᠎ᠠ ᠨᠢ 100% ᠳᠤ ᠬᠦᠷᠴᠦ᠂ ᠪᠥᠬᠦ ᠲᠤᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠪᠥᠬᠦ ᠬᠥᠮᠦᠨ ᠤ ᠲᠤᠭ᠎ᠠ 184423 ᠪᠣᠯᠵᠠᠶ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号