6 ᠰᠠᠷ᠎ᠠ ᠶᠢᠨ 27 ᠤ ᠦᠳᠡ ᠶᠢᠨ ᠡᠮᠦᠨ᠎ᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ 2022 ᠣᠨ ᠤ ᠲᠣᠭᠤᠷᠢᠭ ᠤᠨ | ᠵᠠᠰᠠᠭ ᠤᠨ ᠣᠷᠳᠣᠨ ᠤ ᠲᠠᠪᠤᠳᠠᠬᠢ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ︽ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ︾ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ | ᠠᠵᠢᠯ ᠤᠨ ᠲᠦᠷᠢᠮ︾ ᠢ ᠤᠯᠠᠮᠵᠢᠯᠠᠨ ᠰᠤᠷᠤᠯᠴᠠᠪᠠ︔ ᠪᠦᠬᠦ ᠲᠤᠭᠤᠷᠢᠭ ᠤᠨ ᠣᠯᠠᠨ ᠡᠪᠡᠳᠴᠢᠨ ᠢ ᠬᠠᠮᠲᠤ ᠪᠠᠷ | ᠰᠡᠷᠭᠡᠶᠢᠯᠡᠬᠦ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ᠂ 2022 ᠣᠨ ᠳᠤ ᠲᠤᠰᠬᠠᠶ | ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠲᠥᠯᠥᠪᠵᠢᠭᠦᠯᠬᠦ ᠪᠠ ᠲᠤᠰᠬᠠᠶ ᠠᠩᠭᠢ ᠶᠢ ᠵᠣᠬᠢᠶᠠᠨ | ᠪᠠᠶᠢᠭᠤᠯᠬᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠰᠢᠨ ᠺᠧ ᠪᠡᠯᠡ ᠣᠷᠣᠭᠤᠯᠤᠯᠲᠠ ᠶᠢᠨ ᠺᠣᠮᠫᠠᠨᠢ᠂ ᠰᠦᠩᠵᠸᠦ ᠪᠡᠯᠡ | ᠣᠷᠣᠭᠤᠯᠤᠯᠲᠠ ᠶᠢᠨ ᠺᠣᠮᠫᠠᠨᠢ ᠶᠢᠨ 2022 ᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ | ᠰᠦᠩᠱᠠᠨ ᠲᠣᠭᠤᠷᠢᠭ ᠤᠨ ᠥᠷᠢ ᠥᠭᠴᠡᠭᠡ ᠶᠢᠨ ᠬᠠᠮᠢᠶᠠᠷᠤᠯᠲᠠ ᠪᠣᠯᠤᠨ ᠡᠳ᠋ ᠤᠨ ᠵᠠᠰᠠᠭ ᠤᠨ ᠲᠦᠷ ᠥᠭᠬᠦ | ᠵᠣᠭᠤᠰ ᠤᠨ ᠬᠠᠮᠢᠶᠠᠷᠤᠯᠲᠠ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ︽ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ︾᠂ ᠤᠯᠤᠰ ᠤᠨ ᠵᠠᠮ ᠤᠨ 111 ᠱᠤᠭᠤᠮ ᠤᠨ ᠪᠠᠭ᠎ᠠ ᠺᠠᠷᠠ ︵ᠥᠪᠥᠷ ᠮᠣᠩᠭᠤᠯ ᠾᠧᠪᠸᠢ ᠶᠢᠨ | ᠵᠠᠭᠠᠭ︶ ᠠᠴᠠ ᠤᠯᠠᠭᠠᠨᠬᠠᠳᠠ ᠬᠦᠷᠬᠦ ᠬᠡᠰᠡᠭ ᠤᠨ ᠵᠠᠰᠠᠮᠠᠯ ᠵᠠᠮ ᠤᠨ ᠢᠨᠵᠧᠨᠧᠷᠢᠩ ᠤᠨ ᠠᠬᠢᠴᠠ ᠵᠡᠷᠭᠡ ᠪᠠᠶᠢᠳᠠᠯ ᠢ | ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠤᠷᠠᠯ ᠠᠴᠠ ︽ | ᠰᠦᠩᠱᠠᠨ ᠲᠣᠭᠤᠷᠢᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠦᠷᠦ ᠶᠢᠨ ᠪᠤᠳᠤᠯᠭ᠎ᠠ︾᠂ ︽ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠠᠮ | ᠵᠠᠰᠠᠭ ᠤᠨ ᠪᠠᠶᠢᠭᠤᠯᠤᠯᠭ᠎ᠠ ᠶᠢᠨ ᠬᠤᠷᠠᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾᠂ ︽ᠵᠢᠤᠢ ᠠᠨ ᠪᠠᠭ᠎ᠠ | ᠲᠣᠭᠤᠷᠢᠭ ᠤᠨ ᠬᠢᠮᠳᠠ ᠲᠣᠬᠢᠯᠢᠭ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠠᠷᠠᠯᠵᠢᠶᠠᠯᠠᠬᠤ | ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ ᠪᠠᠰᠠ 2022 ᠣᠨ ᠤ ᠨᠢᠭᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ᠂ | ᠬᠤᠶᠠᠳᠤᠭᠠᠷ ᠪᠦᠯᠦᠭ ᠤᠨ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠵᠣᠯᠭᠠᠭᠤᠯᠤᠨ ᠠᠬᠢᠭᠤᠯᠬᠤ ᠨᠥᠬᠦᠪᠥᠷᠢ | ᠪᠠᠯᠠ ᠮᠥᠩᠭᠦ ᠶᠢᠨ ᠲᠥᠷᠥᠯ ᠵᠦᠢᠯ ᠢ ᠳᠣᠭᠢᠷᠠᠭᠤᠯᠤᠨ ᠬᠡᠷᠡᠭᠯᠡᠬᠦ ᠲᠥᠯᠥᠪᠯᠡᠭᠡ᠂ ᠰᠢᠨ᠎ᠡ ᠨᠡᠶᠢᠭᠡᠮ ᠲᠣᠭᠤᠷᠢᠭ ᠢ | ᠰᠢᠯᠢᠳᠡᠭᠵᠢᠭᠦᠯᠦᠨ ᠳᠣᠭᠢᠷᠠᠭᠤᠯᠬᠤ ᠪᠠ ᠪᠠᠶᠢᠭᠤᠯᠬᠤ᠂ ᠪᠥᠬᠦ ᠲᠤᠭᠤᠷᠢᠭ ᠤᠨ ᠠᠵᠢᠯ ᠦᠢᠯᠡᠰ ᠤᠨ ᠠᠵᠢᠯ ᠠᠴᠠ ᠪᠠᠨ | ᠪᠠᠭᠤᠵᠤ ᠠᠮᠠᠷᠠᠭᠰᠠᠨ ᠬᠠᠷᠠᠭᠠᠯᠵᠠᠯ ᠭᠥᠷᠳᠡᠬᠦ ᠣᠷᠣᠨ ᠲᠤᠭ᠎ᠠ ᠥᠬᠡᠶ ᠬᠥᠮᠦᠰ ᠲᠤ ᠰᠠᠭᠤᠷᠢ ᠠᠮᠵᠢᠯᠲᠠ | ᠪᠦᠲᠦᠮᠵᠢ ᠶᠢᠨ ᠱᠠᠩᠨᠠᠯ ᠤᠨ ᠮᠥᠩᠭᠦ ᠨᠡᠮᠡᠵᠦ ᠣᠯᠭᠤᠬᠤ ᠵᠡᠷᠭᠡ ᠶᠠᠪᠤᠳᠠᠯ ᠢ ᠰᠤᠳᠤᠯᠵᠠᠶ᠃ | ᠰᠦᠩᠱᠠᠨ ᠲᠣᠭᠤᠷᠢᠭ ᠤᠨ ᠤᠳᠤᠷᠢᠳᠤᠯᠭ᠎ᠠ ᠯᠢᠶᠠᠩ ᠮᠢᠩ ᠽᠧ᠂ ᠵᠢᠶᠠ ᡁᠢ ᠬᠤᠩ᠂ ᠶᠠᠩ ᠯᠢ ᠬᠦᠩ᠂ | ᠰᠢᠤᠢ ᠹᠸᠢ ᠶᠠᠨ᠂ ᠸᠠᠩ ᠫᠧᠩ ᠹᠸᠢ᠂ ᠢᠦᠢ ᠬᠤᠩ ᠯᠢᠨ᠂ ᠢᠦᠢ ᠬᠤᠸᠠ ᠶᠠᠨ ᠬᠤᠷᠠᠯ ᠳᠤ ᠣᠷᠣᠯᠴᠠᠪᠠ᠃ |