2022 ᠣᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠶ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ ︵9 ᠳ᠋ᠦ᠋ᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2022/7/19
      ᠬᠠᠷᠢᠶᠠᠲᠤ ᠣᠷᠣᠨ ᠤ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 1 ᠳ᠋ᠦ᠋ᠭᠡᠷ ᠰᠠᠷ᠎ᠠ ᠠᠴᠠ ᠡᠬᠢᠯᠡᠨ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠬᠥᠮᠦᠨ ᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠦᠢᠯᠡᠳᠪᠦᠷᠢᠯᠡᠯ᠂ ᠭᠦᠢᠯᠭᠡᠭᠡ᠂ ᠢᠳᠡᠭᠡᠨ ᠤᠮᠳᠠᠭᠠᠨ ᠤ ᠬᠦᠷᠢᠶᠡᠨ ᠳᠠᠬᠢ ᠪᠣᠷᠣᠯᠠᠭᠤᠯᠭ᠎ᠠ ᠰᠠᠶᠢᠲᠠᠶ ᠢᠳᠡᠭᠡᠨ ᠳᠤ ᠲᠠᠰᠢᠷᠠᠮ ᠢᠶᠠᠷ ᠰᠤᠭᠤᠴᠢᠨ ᠪᠠᠶᠢᠴᠠᠭᠠᠯᠲᠠ ᠬᠢᠵᠦ᠂ 4 ᠳ᠋ᠦ᠋ᠭᠡᠷ ᠰᠠᠷ᠎ᠠ ᠳᠤ ᠰᠢᠯᠭᠠᠨ ᠪᠠᠶᠢᠴᠠᠭᠠᠯᠲᠠ ᠶᠢᠨ ᠥᠯᠢᠭᠡᠷ ᠡᠳ᠋ ᠠᠴᠠ 219 ᠪᠦᠯᠦᠭ ᠤᠳᠠᠭ᠎ᠠ᠂ ᠢᠳᠡᠭᠡᠨ ᠤᠮᠳᠠᠭᠠᠨ ᠤ ᠭᠤᠭᠴᠤᠭ᠎ᠠ ᠠᠴᠠ 35 ᠪᠦᠯᠦᠭ ᠤᠳᠠᠭ᠎ᠠ᠂ ᠦᠢᠯᠡᠳᠪᠦᠷᠢᠯᠡᠯ ᠤᠨ ᠭᠤᠭᠴᠤᠭ᠎ᠠ ᠠᠴᠠ 13 ᠪᠦᠯᠦᠭ ᠤᠳᠠᠭ᠎ᠠ ᠥᠯᠢᠭᠡᠷ ᠠᠪᠴᠤ ᠪᠠᠶᠢᠴᠠᠭᠠᠪᠠ᠃ ᠡᠭᠦᠨ ᠳᠤ ᠰᠣᠩᠭᠤᠨ ᠠᠪᠤᠭᠰᠠᠨ ᠦᠯᠢᠭᠡᠷ ᠡᠳ᠋ ᠲᠤ ᠠᠮᠤ ᠪᠤᠳᠠᠭ᠎ᠠ ᠡᠳ᠋ᠰᠢᠭᠦᠯᠦᠭᠰᠡᠨ ᠡᠳ᠋ 8 ᠪᠦᠯᠦᠭ ᠤᠳᠠᠭ᠎ᠠ᠂ ᠮᠢᠬᠠᠨ ᠢᠳᠡᠭᠡᠨ 10 ᠪᠦᠯᠦᠭ ᠤᠳᠠᠭ᠎ᠠ᠂ ᠴᠠᠭᠠᠨ ᠢᠳᠡᠭᠡᠨ 5 ᠪᠦᠯᠦᠭ ᠤᠳᠠᠭ᠎ᠠ᠂ ᠢᠳᠡᠭᠡᠨ ᠤᠮᠳᠠᠭᠠᠨ 28 ᠪᠦᠯᠦᠭ ᠤᠳᠠᠭ᠎ᠠ᠂ ᠤᠮᠳᠠᠭᠠᠨ 20 ᠪᠦᠯᠦᠭ ᠤᠳᠠᠭ᠎ᠠ᠂ ᠠᠮᠲᠠ ᠣᠷᠣᠭᠤᠯᠬᠤ ᠡᠳ᠋ 5 ᠪᠦᠯᠦᠭ ᠤᠳᠠᠭ᠎ᠠ᠂ ᠪᠣᠭᠤᠷᠰᠤᠭ 3 ᠪᠦᠯᠦᠭ ᠤᠳᠠᠭ᠎ᠠ᠂ ᠲᠦᠭᠦᠮ ᠢᠳᠡᠭᠡᠨ 10 ᠪᠦᠯᠦᠭ ᠤᠳᠠᠭ᠎ᠠ᠂ ᠢᠳᠡᠰᠢᠨ ᠲᠤᠰᠤ 4 ᠪᠦᠯᠦᠭ ᠤᠳᠠᠭ᠎ᠠ᠂ ᠲᠦᠷᠭᠡᠨ ᠬᠥᠯᠳᠡᠭᠡᠭᠰᠡᠨ ᠢᠳᠡᠭᠡᠨ 2 ᠪᠦᠯᠦᠭ ᠤᠳᠠᠭ᠎ᠠ᠂ ᠬᠥᠭᠡᠯᠭᠡᠭᠰᠡᠨ ᠢᠳᠡᠭᠡᠨ 2 ᠪᠦᠯᠦᠭ ᠤᠳᠠᠭ᠎ᠠ᠂ ᠯᠠᠰᠠᠳᠤ ᠢᠳᠡᠭᠡᠨ 6 ᠪᠦᠯᠦᠭ ᠤᠳᠠᠭ᠎ᠠ᠂ ᠬᠥᠯᠳᠡᠭᠡᠭᠰᠡᠨ ᠤᠮᠳᠠᠭᠠᠨ 7 ᠪᠦᠯᠦᠭ ᠤᠳᠠᠭ᠎ᠠ᠂ ᠰᠢᠬᠢᠷ 2 ᠪᠦᠯᠦᠭ ᠤᠳᠠᠭ᠎ᠠ᠂ ᠳᠠᠪᠤᠰᠤᠯᠠᠭᠰᠠᠨ ᠨᠣᠭᠤᠭ᠎ᠠ 2 ᠪᠦᠯᠦᠭ ᠤᠳᠠᠭ᠎ᠠ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ 153 ᠪᠦᠯᠦᠭ ᠤᠳᠠᠭ᠎ᠠ ᠵᠡᠷᠭᠡ ᠪᠤᠢ᠃ ᠰᠢᠯᠭᠠᠨ ᠪᠠᠶᠢᠴᠠᠭᠠᠭᠰᠠᠨ ᠤ ᠳ᠋ᠦᠩ ᠳᠤ᠂ ᠰᠤᠭᠤᠯᠤᠨ ᠪᠠᠶᠢᠴᠠᠭᠠᠭᠰᠠᠨ ᠥᠯᠢᠭᠡᠷ ᠡᠳ᠋ ᠨᠢ ᠴᠥᠮ ᠬᠢᠷᠢ ᠲᠡᠩᠴᠡᠨ᠎ᠡ ︵ᠪᠣᠳᠠᠲᠠᠶ ᠰᠤᠭᠤᠯᠤᠨ ᠪᠠᠶᠢᠴᠠᠭᠠᠭᠰᠠᠨ ᠲᠥᠷᠥᠯ ᠵᠦᠢᠯ ᠵᠢᠴᠢ ᠰᠢᠯᠭᠠᠨ ᠪᠠᠶᠢᠴᠠᠭᠠᠭᠰᠠᠨ ᠲᠥᠷᠥᠯ  ᠵᠦᠢᠯ ᠢ ᠳᠠᠭᠠᠯᠳᠤᠭᠤᠯᠤᠯ 1᠂ ᠳᠠᠭᠠᠯᠳᠤᠭᠤᠯᠤᠯ 2 ᠲᠤ ᠨᠠᠷᠢᠨ ᠦᠵᠡᠭᠡᠷᠡᠶ︶᠃      ᠳᠠᠭᠠᠯᠳᠤᠭᠤᠯᠤᠯ      ᠨᠠᠷᠢᠯᠢᠭ ᠪᠠᠶᠢᠳᠠᠯ ᠢ ᠰᠦᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ       ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ      2022 ᠣᠨ ᠤ 7 ᠰᠠᠷ᠎ᠠ ᠶᠢᠨ 12 ᠤᠨ ᠡᠳᠦᠷ 
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号