ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2022﹈ 10 ᠳ᠋ᠤᠭᠠᠷ ᠲᠣᠭᠠᠲᠤ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠨᠢ ᠤᠯᠤᠰ ᠤᠨ | ᠭᠠᠵᠠᠷ ᠰᠢᠷᠣᠶ ᠠᠮᠢ ᠠᠬᠤᠶ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ | ᠲᠠᠯ᠎ᠠ ᠲᠠᠢ ᠬᠤᠯᠪᠣᠭᠳᠠᠵᠤ ᠪᠠᠶᠢᠨ᠎ᠠ᠃ ᠪᠦᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠵᠦ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠢ ᠪᠦᠲᠦᠮᠵᠢᠲᠡᠶ ᠰᠡᠷᠭᠡᠶᠢᠯᠡᠬᠦ ᠪᠠ ᠤᠨᠲᠠᠷᠠᠭᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠪᠠ ᠣᠶ ᠰᠢᠭᠤᠶ ᠶᠢᠨ ᠡᠬᠢ ᠪᠠᠶᠠᠯᠢᠭ ᠤᠨ ᠠᠮᠦᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠪᠠᠨ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ ᠨᠡᠶᠢᠲᠡᠯᠡᠪᠡ᠃ | ᠨᠢᠭᠡ᠂ ᠵᠠᠬᠢᠷᠤᠨ ᠬᠠᠮᠢᠶᠠᠷᠬᠤ ᠴᠠᠭ ᠢ ᠲᠣᠳᠣᠷᠬᠠᠶ ᠲᠣᠭᠲᠠᠭᠠᠬᠤ ᠬᠡᠷᠡᠭᠲᠡᠢ | 2022 ᠣᠨ ᠤ ᠬᠠᠪᠤᠷ ᠤᠨ ᠤᠯᠠᠷᠢᠯ ᠳᠠᠬᠢ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠴᠢᠩᠭ᠎ᠠ ᠵᠠᠬᠢᠷᠤᠨ ᠬᠠᠮᠢᠶᠠᠷᠬᠤ ᠬᠤᠭᠤᠴᠠᠭ᠎ᠠ ᠪᠣᠯ 4 ᠳ᠋ᠦ᠋ᠭᠡᠷ ᠰᠠᠷ᠎ᠠ ᠶᠢᠨ | 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ | ᠣᠷᠣᠨ ᠤ ᠪᠠᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭᠠᠷ ᠤᠨ ᠡᠬᠢᠯᠡᠬᠦ | ᠪᠠ ᠳᠠᠭᠤᠰᠬᠤ ᠶᠢ ᠤᠷᠢᠳᠴᠢᠯᠠᠭᠤᠯᠬᠤ ᠪᠤᠶᠤ ᠬᠤᠶᠢᠰᠢᠯᠠᠭᠤᠯᠬᠤ ᠪᠠᠨ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ | ᠳᠡᠭᠡᠲᠦ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠲᠤ ᠳᠠᠩᠰᠠᠯᠠᠭᠤᠯᠬᠤ ᠬᠡᠷᠡᠭᠲᠡᠶ᠃ | ᠬᠤᠶᠠᠷ᠂ ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠬᠤ ᠬᠡᠷᠡᠭᠲᠡᠢ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠶᠢᠨ ᠵᠠᠬᠢᠷᠤᠨ | ᠬᠠᠮᠢᠶᠠᠷᠬᠤ ᠣᠷᠣᠨ ᠪᠦᠰᠡ ᠶᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠭᠤᠷᠪᠠ᠂ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ | | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ | ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠦᠢᠯᠡᠳᠪᠦᠷᠢᠯᠡᠨ | ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠤᠲᠠᠲᠠᠶᠢᠵᠢᠭᠤᠯᠤᠨ᠂ | ᠬᠠᠷᠢᠭᠤᠴᠠᠯᠭ᠎ᠠ ᠶᠢᠨ ᠣᠷᠣᠨ ᠢ ᠨᠢ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ | ᠴᠢᠩᠭ᠎ᠠ ᠪᠥᠭᠡᠳ ᠨᠢᠭᠲᠠ ᠲᠤᠤᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠯ᠎ᠡ | ᠱᠠᠲᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠨᠢ ᠲᠤᠰ ᠲᠣᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ | ᠭᠦᠢᠴᠡᠳᠬᠡᠵᠦ᠂ ᠨᠢᠭᠲᠠ ᠬᠠᠮᠵᠢᠯᠴᠠᠨ᠂ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ | ᠤᠨᠲᠠᠷᠠᠭᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ ᠣᠶ ᠰᠢᠭᠤᠶ | ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠰᠡᠷᠭᠡᠶᠢᠯᠡᠵᠦ ᠠᠪᠤᠷᠬᠠᠤ ᠬᠠᠷᠢᠭᠤᠴᠠᠯᠭ᠎ᠠ ᠶᠢᠨ ᠬᠡᠯᠬᠢᠶ᠎ᠡ ᠪᠠᠨ ᠨᠢᠭᠲᠠ | ᠵᠣᠯᠭᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠤᠷᠢᠳᠴᠢᠯᠠᠨ ᠰᠡᠷᠭᠡᠶᠢᠯᠡᠬᠦ ᠪᠠ ᠭᠠᠯ | ᠲᠦᠢᠮᠡᠷ ᠭᠠᠷᠤᠭᠰᠠᠨ ᠡᠬᠢᠨ ᠤ ᠬᠤᠭᠤᠴᠠᠭᠠᠨ ᠳᠠᠬᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠭᠠᠯ ᠲᠦᠢᠮᠡᠷ ᠢ | ᠤᠨᠲᠠᠷᠠᠭᠠᠬᠤ ᠪᠥᠬᠦ ᠶᠠᠪᠤᠴᠠ ᠳᠤ ᠨᠢ ᠣᠷᠣᠯᠴᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ᠂ ᠶᠡᠭᠡ ᠲᠦᠢᠮᠡᠷ | ᠬᠦᠨᠳᠦ ᠠᠶᠤᠯ ᠢ ᠠᠷᠭᠠᠴᠠᠭᠠᠬᠤ ᠡᠯ᠎ᠡ ᠵᠦᠢᠯ ᠤᠨ ᠠᠵᠢᠯ ᠶᠠᠪᠤᠳᠠᠯ ᠤᠨ ᠡᠮᠤᠨᠡᠬᠢ ᠪᠡᠯᠡᠳᠬᠡᠯ ᠠᠵᠢᠯ ᠢ ᠰᠠᠶᠢᠲᠤᠷ | ᠬᠢᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠭᠠᠷᠤᠮᠠᠭᠴᠠ ᠳᠠᠷᠤᠢ ᠲᠦᠷᠭᠡᠨ ᠤᠨᠲᠠᠷᠠᠭᠠᠬᠤ ᠶᠢᠨ | ᠬᠠᠮᠲᠤ᠂ ᠠᠵᠢᠯ ᠶᠠᠪᠤᠳᠠᠯ ᠤᠨ ᠳᠤᠮᠳᠠᠬᠢ ᠪᠠᠴᠢᠮ ᠪᠠᠶᠢᠳᠠᠯ ᠢ ᠠᠷᠭᠠᠴᠠᠭᠠᠬᠤ ᠡᠯ᠎ᠡ ᠵᠦᠢᠯ ᠤᠨ ᠠᠵᠢᠯ ᠢ ᠰᠠᠶᠢᠲᠤᠷ | ᠬᠢᠬᠦ ᠬᠡᠷᠡᠭᠲᠡᠢ᠃ | ᠳᠥᠷᠪᠡ᠂ ᠭᠠᠯ ᠲᠦᠢᠮᠡᠷ ᠡᠭᠦᠰᠬᠦ ᠡᠬᠢ ᠢᠷᠡᠯᠲᠡ ᠶᠢ ᠬᠠᠮᠢᠶᠠᠷᠤᠨ ᠡᠵᠡᠮᠳᠡᠬᠦ ᠠᠵᠢᠯ ᠢᠶᠠᠨ ᠴᠢᠩᠳᠠᠯᠠᠬᠤ | ᠬᠡᠷᠡᠭᠲᠡᠢ | ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠬᠤᠭᠤᠴᠠᠭᠠᠨ ᠳᠤ ᠳᠣᠣᠷᠠᠬᠢ ᠲᠣᠭᠲᠠᠭᠠᠯ ᠢ ᠵᠢᠷᠤᠮᠯᠠᠬᠤ | ᠬᠡᠷᠡᠭᠲᠡᠢ᠄ | ︵ᠨᠢᠭᠡ︶ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ ᠳᠤ ᠲᠠᠮᠠᠬᠢ ᠲᠠᠲᠠᠬᠤ᠂ ᠬᠦᠳᠡᠭᠡ | ᠭᠠᠳᠠᠨ᠎ᠠ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠲᠦᠯᠡᠰᠢ ᠰᠢᠲᠠᠭᠠᠵᠤ ᠳᠤᠯᠠᠭᠠᠯᠠᠬᠤ᠂ ᠬᠤᠭ | ᠨᠣᠪᠰᠢ ᠰᠢᠲᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ | ︵ᠬᠤᠶᠠᠷ︶ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ ᠳᠤ ᠦᠢᠯᠡᠳᠪᠦᠷᠢᠯᠡᠯ ᠤᠨ | ᠬᠡᠷᠡᠭᠴᠡᠭᠡ ᠪᠠᠷ ᠬᠦᠳᠡᠭᠡ ᠭᠠᠳᠠᠨ᠎ᠠ ᠭᠠᠯ ᠬᠡᠷᠡᠭᠯᠡᠬᠦ ᠳᠤ ᠪᠠᠨ ᠬᠢᠨᠠᠨ ᠵᠦᠪᠰᠢᠶᠡᠷᠡᠭᠦᠯᠬᠦ ᠳᠦᠷᠢᠮ ᠢ ᠴᠢᠩᠭ᠎ᠠ | ᠬᠡᠷᠡᠭᠵᠢᠭᠦᠯᠬᠦ ᠬᠡᠷᠡᠭᠲᠡᠢ᠂ ᠣᠨᠴᠠᠭᠠᠢ ᠰᠢᠯᠲᠠᠭᠠᠨ ᠠᠴᠠ ᠪᠣᠯᠣᠭᠠᠳ ᠬᠦᠳᠡᠭᠡ ᠭᠠᠳᠠᠨ᠎ᠠ ᠦᠢᠯᠡᠳᠪᠦᠷᠢᠯᠡᠯ | ᠠᠮᠢᠳᠤᠷᠠᠯ ᠤᠨ ᠬᠡᠷᠡᠭᠴᠡᠭᠡ ᠪᠠᠷ ᠦᠨᠡᠨ ᠬᠦ ᠭᠠᠯ ᠬᠡᠷᠡᠭᠯᠡᠬᠦ ᠴᠢᠬᠤᠯᠠ ᠲᠠᠢ ᠪᠣᠯ᠂ ᠡᠷᠬᠡᠪᠰᠢ ᠲᠤᠬᠠᠶ ᠶᠢᠨ ᠭᠠᠵᠠᠷ ᠤᠨ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠦᠭᠡᠳ ᠵᠢᠭᠠᠨ ᠲᠣᠭᠲᠠᠭᠠᠭᠰᠠᠨ ᠴᠠᠭ ᠬᠤᠭᠤᠴᠠᠭ᠎ᠠ᠂ ᠵᠢᠭᠠᠨ ᠲᠣᠭᠲᠠᠭᠠᠭᠰᠠᠨ ᠭᠠᠵᠠᠷ ᠲᠤ | ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶ ᠲᠣᠭᠲᠠᠭᠠᠭᠰᠠᠨ᠂ ᠰᠡᠷᠭᠡᠶᠢᠯᠡᠵᠦ ᠠᠪᠤᠷᠠᠬᠤ ᠪᠡᠯᠡᠳᠬᠡᠯ ᠠᠵᠢᠯ ᠢ | ᠰᠠᠶᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ | ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠠᠵᠢᠭᠯᠠᠨ ᠪᠠᠷᠠᠯᠠᠬᠤ ᠲᠠᠶᠢᠰᠠ᠂ ᠲᠣᠭᠤᠷᠢᠨ ᠴᠠᠭᠳᠠᠵᠤ | ᠬᠠᠮᠠᠭᠠᠯᠠᠬᠤ ᠠᠵᠢᠯ ᠤᠨ ᠪᠠᠶᠢᠷᠢ ᠵᠡᠷᠭᠡ ᠨᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ︽ᠭᠠᠯ | ᠰᠡᠷᠭᠡᠶᠢᠯᠡᠯᠲᠡ ᠶᠢᠨ ᠺᠣᠳ᠋︾ ᠢ ᠪᠠᠶᠢᠷᠢᠯᠠᠭᠤᠯᠤᠨ᠂ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ ᠪᠦᠰᠡ ᠳᠤ | ᠣᠷᠣᠬᠤ ᠬᠥᠮᠦᠰ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠴᠤ᠂ ᠭᠠᠯ ᠤᠨ ᠡᠳ᠋ ᠬᠡᠷᠡᠭᠰᠡᠯ ᠪᠤᠶᠤ | ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠢ ᠠᠪᠴᠤ ᠴᠢᠩᠭ᠎ᠠ ᠬᠤᠷᠢᠭᠯᠠᠵᠤ ᠵᠠᠬᠢᠷᠤᠨ ᠬᠠᠮᠢᠶᠠᠷᠬᠤ ᠣᠷᠣᠨ | ᠪᠦᠰᠡ ᠳᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠲᠠᠪᠤ᠂ ᠭᠠᠯ ᠲᠦᠢᠮᠡᠷ ᠤᠨ ᠠᠶᠤᠯ ᠤᠨ ᠳᠠᠯᠳᠠ ᠭᠡᠮ ᠢ ᠠᠷᠢᠯᠭᠠᠬᠤ ᠬᠡᠷᠡᠭᠲᠡᠶ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠨᠢᠭᠡᠴᠢ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠶᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠ | ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠᠨ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠂ | ᠵᠠᠩᠭᠢᠯᠠᠭ᠎ᠠ ᠪᠣᠯᠬᠤ ᠴᠢᠬᠤᠯᠠ ᠠᠰᠠᠭᠤᠳᠠᠯ ᠢ ᠨᠡᠷ᠎ᠡ ᠵᠢᠭᠠᠵᠤ ᠰᠢᠮᠳᠠᠭᠤᠯᠤᠨ ᠭᠦᠢᠴᠡᠳᠭᠡᠯᠭᠡᠬᠦ ᠬᠡᠷᠡᠭᠲᠡᠶ︔ | ᠭᠤᠤᠯᠳᠠᠯᠭ᠎ᠠ ᠪᠣᠯᠬᠤ ᠣᠷᠣᠨ ᠪᠦᠰᠡ ᠶᠢᠨ ᠣᠶ ᠶᠢᠨ ᠬᠤᠷᠮᠣᠶ ᠳᠠᠬᠢ ᠰᠢᠲᠠᠮᠠᠬᠠᠶ ᠡᠳ᠋ ᠢ ᠴᠡᠪᠡᠷᠯᠡᠨ ᠠᠷᠢᠯᠭᠠᠬᠤ ᠪᠠᠨ | ᠴᠢᠩᠭᠠᠳᠬᠠᠵᠤ᠂ ᠲᠠᠷᠠᠬᠠᠶ ᠪᠠᠶᠢᠭ᠎ᠠ ᠣᠩᠭᠤᠨ ᠪᠣᠯᠠᠰᠢ ᠶᠢ ᠰᠢᠯᠵᠢᠭᠦᠯᠬᠦ ᠪᠠ ᠲᠥᠪᠯᠡᠷᠡᠭᠦᠯᠦᠨ ᠬᠠᠮᠢᠶᠠᠷᠬᠤ ᠶᠢ | ᠢᠳᠡᠪᠬᠢᠲᠡᠶ ᠠᠬᠢᠭᠤᠯᠵᠤ ᠬᠥᠲᠥᠯᠥᠨ ᠵᠢᠯᠣᠭᠤᠳᠴᠤ᠂ ᠠᠭᠤᠯᠠ᠂ ᠭᠤᠤ ᠰᠤᠪᠠᠭ᠂ ᠭᠤᠣᠯ ᠤᠨ ᠲᠣᠬᠤᠢ ᠶᠢ | ᠠᠷᠢᠯᠭᠠᠨ ᠴᠡᠪᠡᠷᠯᠡᠬᠦ ᠠᠵᠢᠯ ᠢᠶᠠᠨ ᠴᠠᠭ ᠲᠤᠬᠠᠶ ᠳᠤ ᠨᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | ᠠᠰᠠᠭᠤᠳᠠᠯ ᠢ ᠣᠯᠵᠤ ᠮᠡᠳᠡᠭᠰᠡᠨ ᠪᠠᠶᠢᠲᠠᠯ᠎ᠠ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠵᠢᠴᠢ ᠬᠠᠮᠢᠶᠠᠷᠤᠯᠲᠠ ᠶᠢ | ᠥᠯᠥ ᠳᠠᠭᠠᠭᠰᠠᠨ ᠪᠤᠶᠤ ᠵᠣᠷᠢᠭᠤᠳᠠ ᠵᠦᠷᠢᠴᠡᠭᠰᠡᠳ ᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠴᠢᠩᠭ᠎ᠠ | ᠰᠢᠢᠳᠪᠦᠷᠢᠯᠡᠬᠦ ᠬᠡᠷᠡᠭᠲᠡᠢ᠃ | ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠷᠠᠭᠤᠯᠬᠤ ᠬᠡᠷᠡᠭᠲᠡᠶ | ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠰᠠᠯᠠᠭ᠎ᠠ | ᠮᠥᠴᠢᠷ ᠪᠠ ᠬᠠᠷᠢᠭᠤᠴᠠᠯᠭᠠᠲᠤ ᠨᠢᠭᠡᠴᠢ ᠨᠢ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠨᠠᠷ ᠳᠠᠭᠠᠭᠤᠯᠤᠨ | ᠵᠢᠵᠢᠭᠦᠷᠯᠡᠬᠦ᠂ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ︽ᠰᠢᠰᠲ᠋ᠧᠮᠵᠢᠭᠦᠯᠦᠨ ᠮᠡᠳᠡᠭᠦᠯᠬᠦ︾ ︽ᠭᠠᠯ | ᠲᠦᠢᠮᠡᠷ ᠭᠠᠷᠪᠠᠯ ᠵᠠᠪᠠᠯ ᠮᠡᠳᠡᠭᠦᠯᠬᠦ︾ ᠪᠠ ᠴᠢᠬᠤᠯᠠ ᠴᠠᠭ ᠬᠤᠭᠤᠴᠠᠭᠠᠨ ᠳᠤ ︽ᠡᠳᠦᠷ ᠤᠨ ᠮᠡᠳᠡᠭᠦᠯᠦᠯᠲᠡ︾ ︽ | ᠭᠠᠯ ᠲᠦᠢᠮᠡᠷ ᠥᠬᠡᠶ ᠶᠢᠨ ᠮᠡᠳᠡᠭᠦᠯᠦᠯᠲᠡ︾ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠨᠢᠭᠤᠭᠠᠳ ᠦᠯᠦ | ᠮᠡᠳᠡᠭᠦᠯᠬᠦ᠂ ᠬᠤᠵᠢᠭᠤ ᠮᠡᠳᠡᠭᠦᠯᠬᠦ ᠵᠡᠷᠭᠡ ᠦᠢᠯᠡ ᠠᠵᠢᠯᠯᠠᠭ᠎ᠠ ᠶᠢ ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠢ ᠨᠢ ᠭᠠᠯ ᠲᠦᠢᠮᠡᠷ ᠤᠨ ᠪᠠᠶᠢᠳᠠᠯ ᠢ ᠨᠢᠭᠲᠠ ᠬᠢᠨᠠᠨ ᠠᠵᠢᠭᠯᠠᠵᠤ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠭᠡᠯ ᠲᠥᠰᠦᠯ ᠢᠶᠠᠨ ᠲᠡᠭᠦᠯᠳᠡᠷᠵᠢᠭᠦᠯᠦᠨ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ | ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠨ᠂ ᠭᠡᠨᠡᠳᠲᠡ ᠡᠭᠦᠰᠦᠭᠰᠡᠨ ᠭᠠᠯ ᠲᠦᠢᠮᠡᠷ ᠤᠨ ᠪᠠᠶᠢᠳᠠᠯ ᠢ ᠪᠤᠰᠢᠭᠤ | ᠲᠦᠷᠭᠡᠨ ᠤᠨᠲᠠᠷᠠᠭᠠᠵᠤ᠂ ᠥᠨᠳᠥᠷ ᠪᠦᠲᠦᠮᠵᠢᠲᠡᠶ ᠰᠢᠢᠳᠪᠦᠷᠢᠯᠡᠨ᠂ ︽ᠡᠷᠲᠡ ᠠᠴᠠ᠂ ᠪᠠᠭ᠎ᠠ ᠳᠡᠭᠡᠷ᠎ᠡ ᠨᠢ᠂ | ᠤᠨᠲᠠᠷᠠᠭᠠᠭᠰᠠᠨ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠳᠣᠯᠤᠭ᠎ᠠ᠂ ᠭᠠᠯ ᠲᠦᠢᠮᠡᠷ ᠤᠨᠲᠠᠷᠠᠭᠠᠬᠤ ᠳᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠳᠤ | ᠬᠠᠷᠢᠶᠠᠯᠠᠭᠳᠠᠬᠤ ᠭᠠᠵᠠᠷ ᠢᠶᠠᠷ ᠨᠢ ᠭᠤᠣᠯ ᠪᠣᠯᠭᠠᠬᠤ ᠵᠠᠷᠴᠢᠮ ᠢ ᠪᠠᠷᠢᠮᠲᠠᠯᠠᠨ᠂ ᠵᠢᠯᠣᠭᠤᠳᠬᠤ ᠭᠠᠵᠠᠷ ᠤᠨ ᠡᠷᠬᠡ | ᠰᠦᠷ ᠢ ᠪᠣᠢ ᠪᠣᠯᠭᠠᠵᠤ᠂ ᠨᠢᠭᠡᠳᠦᠯᠲᠡᠶ ᠵᠢᠯᠣᠭᠤᠳᠤᠨ᠂ ᠰᠢᠨᠵᠢᠯᠡᠬᠦ ᠤᠬᠠᠭᠠᠨᠴᠢ ᠪᠠᠷ ᠤᠨᠲᠠᠷᠠᠭᠠᠵᠤ ᠠᠪᠤᠷᠠᠬᠤ | ᠬᠡᠷᠡᠭᠲᠡᠶ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠪᠠᠶᠢᠯᠭᠠᠬᠤ ᠣᠨᠣᠯᠵᠢᠬᠤᠨ ᠢ ᠪᠠᠲᠤ | ᠪᠣᠶ ᠪᠣᠯᠭᠠᠵᠤ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠲᠠᠢ᠂ ᠲᠤᠰᠬᠠᠶᠢᠵᠢᠭᠰᠠᠨ ᠭᠠᠯ ᠤᠨᠲᠠᠷᠠᠭᠠᠬᠤ ᠵᠠᠮ ᠢᠶᠠᠷ | ᠵᠠᠮᠨᠠᠵᠤ᠂ ᠭᠠᠯ ᠲᠦᠢᠮᠡᠷ ᠤᠨᠲᠠᠷᠠᠭᠠᠬᠤ ᠠᠵᠢᠯ ᠳᠤ ᠣᠯᠠᠨ ᠲᠦᠮᠡᠨ ᠤ ᠰᠢᠭᠤᠳ ᠣᠷᠣᠯᠴᠠᠬᠤ ᠶᠢ ᠨᠢ ᠡᠷᠡᠰ | ᠵᠠᠶᠢᠯᠠᠭᠤᠯᠵᠤ᠂ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠰᠤᠷᠤᠭᠴᠢᠳ ᠵᠡᠷᠭᠡ ᠭᠠᠯ ᠲᠦᠢᠮᠡᠷ | ᠤᠨᠲᠠᠷᠠᠭᠠᠬᠤ ᠳᠤ ᠣᠷᠣᠯᠴᠠᠬᠤ ᠶᠢ ᠬᠤᠷᠢᠭᠯᠠᠵᠤ᠂ ᠬᠥᠮᠦᠨ ᠬᠠᠷ᠎ᠠ ᠠᠳᠡᠵᠦ ᠰᠢᠷᠬᠠᠲᠤᠬᠤ ᠠᠳᠡᠯ ᠬᠡᠷᠡᠭ ᠭᠠᠷᠬᠤ ᠶᠢ | ᠴᠢᠩᠭ᠎ᠠ ᠰᠡᠷᠭᠡᠶᠢᠯᠡᠬᠦ ᠬᠡᠷᠡᠭᠲᠡᠶ᠃ | ᠨᠠᠢᠮᠠ᠂ ᠴᠢᠩᠭ᠎ᠠ ᠰᠢᠮᠳᠠᠭᠤᠯᠤᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ | ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠤᠨ᠂ ᠬᠡᠷᠡᠭ ᠨᠢᠭᠡᠪᠦᠷᠢ ᠶᠢ ᠵᠠᠪᠠᠯ ᠪᠠᠶᠢᠴᠠᠭᠠᠵᠤ᠂ ᠬᠡᠷᠡᠭ ᠨᠢᠭᠡᠪᠦᠷᠢ ᠠᠴᠠ ᠵᠠᠪᠠᠯ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠶ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ | ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ | ᠬᠠᠷᠢᠭᠤᠴᠠᠯᠭ᠎ᠠ ᠪᠠᠨ ᠥᠯᠥ ᠨᠠᠶᠢᠳᠠᠪᠤᠷᠢᠵᠢᠭᠤᠯᠤᠭᠰᠠᠨ ᠪᠤᠶᠤ ᠪᠤᠲᠠᠲᠠᠶᠢᠵᠢᠭᠤᠯᠵᠤ ᠨᠠᠶᠢᠳᠠᠪᠤᠷᠢᠵᠢᠭᠤᠯᠤᠭᠰᠠᠨ | ᠥᠬᠡᠶ ᠠᠴᠠ ᠪᠣᠯᠵᠣ᠂ ᠬᠦᠨᠳᠦ ᠣᠨᠴᠠ ᠶᠡᠭᠡ ᠭᠠᠯ ᠲᠦᠢᠮᠡᠷ ᠭᠠᠷᠤᠭᠰᠠᠨ ᠪᠤᠶᠤ ᠬᠥᠮᠦᠨ ᠬᠠᠷ᠎ᠠ ᠠᠳᠡᠵᠦ | ᠰᠢᠷᠬᠠᠲᠤᠭᠰᠠᠨ ᠠᠳᠡᠯ ᠬᠡᠷᠡᠭ ᠭᠠᠷᠤᠭᠰᠠᠨ ᠭᠠᠵᠠᠷ ᠣᠷᠣᠨ᠂ ᠨᠢᠭᠡᠴᠢ ᠪᠠ ᠬᠠᠷᠢᠭᠤᠴᠠᠯᠭ᠎ᠠ ᠲᠠᠢ ᠬᠦᠮᠦᠰ ᠠᠴᠠ | ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠶᠢᠰᠦ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠡᠶ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠢ ᠣᠯᠠᠨ ᠵᠦᠢᠯ ᠤᠨ ᠬᠡᠯᠪᠡᠷᠢ ᠮᠠᠶ᠋ᠢᠭ ᠢ | ᠬᠡᠷᠡᠭᠯᠡᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ | ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ | ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ | ᠂ ᠣᠯᠠᠨ ᠨᠡᠶᠢᠲᠡ ᠶᠢᠨ ᠭᠠᠯ ᠲᠦᠢᠮᠡᠷ ᠢ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ | ᠬᠠᠷᠢᠯᠴᠠᠨ ᠲᠤᠰᠠᠯᠠᠯᠴᠠᠵᠤ ᠠᠪᠤᠷᠠᠬᠤ ᠪᠠ ᠠᠶᠤᠯ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ | ᠭᠠᠯ ᠲᠦᠢᠮᠡᠷ ᠭᠠᠷᠤᠭᠰᠠᠨ ᠠᠶᠤᠯ ᠭᠠᠮᠰᠢᠭ ᠪᠣᠯᠬᠤ ᠦᠭᠡᠶ᠂ ᠭᠠᠯ ᠲᠦᠢᠮᠡᠷ ᠭᠠᠷᠤᠭᠰᠠᠨ ᠴᠦ ᠠᠳᠡᠵᠦ | ᠰᠢᠷᠬᠠᠳᠤᠭᠰᠠᠨ ᠦᠭᠡᠶ ᠪᠠᠶᠢᠯᠭᠠᠬᠤ ᠬᠡᠷᠡᠭᠲᠡᠶ᠃ | 2022 ᠣᠨ ᠤ 3 ᠳ᠋ᠤᠭᠠᠷ ᠰᠠᠷ᠎ᠠ ᠶᠢᠨ 17 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 3 ᠳ᠋ᠤᠭᠠᠷ ᠰᠠᠷ᠎ᠠ ᠶᠢᠨ 17 ᠤ ᠡᠳᠦᠷ ᠳᠠᠷᠤᠮᠠᠯᠯᠠᠪᠠ |