ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 254 ᠳ᠋ᠦ᠋ᠭᠡᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠤᠨ ᠠᠷᠭ᠎ᠠ︾ ᠶᠢ 2021 ᠣᠨ ᠤ 12 ᠳ᠋ᠤᠭᠠᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ | ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2022 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | 2022 ᠣᠨ ᠤ 2 ᠳ᠋ᠤᠭᠠᠷ ᠰᠠᠷ᠎ᠠ ᠶᠢᠨ 8 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠤᠨ ᠠᠷᠭ᠎ᠠ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠪᠰᠢᠯᠲᠠ ᠶᠢᠨ ᠠᠵᠢᠯᠯᠠᠭ᠎ᠠ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠪᠠ ᠵᠣᠬᠢᠶᠠᠨ | ᠪᠠᠶᠢᠭᠤᠯᠤᠯᠲᠠ ᠶᠢ ᠱᠠᠩᠨᠠᠨ ᠬᠥᠬᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ | ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ︽ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠲᠦᠷᠢᠮ︾ | ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠭᠡᠵᠦ ᠲᠣᠪᠴᠢᠯᠠᠨ᠎ᠠ︶ ᠳᠤ ᠳᠤᠤᠷᠠᠬᠢ ᠱᠠᠩᠨᠠᠯ ᠤᠳ ᠪᠠᠭᠲᠠᠨ᠎ᠠ᠄ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ︔ | ︵ᠬᠤᠶᠠᠷ︶ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ︔ | ︵ᠭᠤᠷᠪᠠ︶ ᠮᠡᠷᠭᠡᠵᠢᠯ ᠤᠨ ᠡᠭᠦᠳᠦᠯᠲᠡ ᠶᠢᠨ ᠱᠠᠩᠨᠠᠯ︔ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ︔ | ︵ᠲᠠᠪᠤ︶ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ | ︔ | ︵ᠵᠢᠷᠭᠤᠭ᠎ᠠ︶ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ | ᠱᠠᠩᠨᠠᠯ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠢ ᠪᠣᠯ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ ᠯᠦᠭᠡ ᠨᠢᠭᠲᠠ | ᠤᠶᠠᠯᠳᠤᠭᠤᠯᠤᠨ᠎ᠠ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠨᠢ ᠤᠷᠢᠳᠠᠴᠢ ᠴᠢᠨᠠᠷ ᠪᠠ ᠣᠨᠣᠯ ᠤᠨ | ᠴᠢᠨᠠᠷ ᠢ ᠴᠢᠬᠤᠯᠠᠴᠢᠯᠠᠵᠤ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠨᠢ ᠤᠤᠭᠠᠯ ᠡᠭᠦᠳᠦᠯᠲᠡ ᠶᠢᠨ ᠴᠢᠨᠠᠷ ᠪᠠ | ᠬᠡᠷᠡᠭᠯᠡᠭᠡᠨ ᠤ ᠴᠢᠨᠠᠷ ᠢ ᠴᠢᠬᠤᠯᠠᠴᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠨᠢ | ᠰᠢᠨ᠎ᠡ ᠶᠢ ᠡᠭᠦᠳᠬᠦ ᠴᠢᠨᠠᠷ ᠪᠠ ᠦᠷ᠎ᠡ ᠠᠰᠢᠭᠲᠤ ᠴᠢᠨᠠᠷ ᠢ ᠴᠢᠬᠤᠯᠠᠴᠢᠯᠠᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠤᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ | ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ | ᠪᠦᠲᠦᠭᠡᠯᠲᠡ ᠶᠢ ᠬᠦᠨᠳᠦᠳᠬᠡᠬᠦ ᠴᠢᠭᠯᠡᠯᠲᠡ ᠶᠢ ᠵᠢᠷᠤᠮᠯᠠᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ | ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠦᠨ᠎ᠡ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠲᠥᠪ ᠭᠤᠤᠯᠴᠢ ᠴᠢᠨᠠᠷ᠂ ᠲᠥᠪ ᠴᠢᠩᠭ᠎ᠠ ᠴᠢᠨᠠᠷ᠂ ᠡᠷᠬᠡ ᠰᠦᠷᠲᠦ | ᠴᠢᠨᠠᠷ ᠪᠠ ᠢᠷᠠᠭᠤ ᠠᠯᠳᠠᠷᠲᠤ ᠴᠢᠨᠠᠷ ᠢ ᠬᠠᠮᠠᠭᠠᠯᠠᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ | ᠨᠡᠷ᠎ᠡ ᠶᠢ ᠳᠤᠷᠠᠳᠬᠤ᠂ ᠰᠢᠯᠭᠠᠷᠠᠭᠤᠯᠤᠨ ᠲᠣᠭᠲᠠᠭᠠᠬᠤ ᠪᠠ ᠣᠯᠭᠤᠬᠤ ᠳᠤ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ | ᠬᠤᠪᠢ ᠬᠥᠮᠦᠨ ᠤ ᠭᠠᠷ ᠲᠦᠷᠦᠭᠦ ᠶᠢ ᠬᠦᠯᠢᠶᠡᠬᠦ ᠦᠭᠡᠶ᠃ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠬᠠᠮᠢᠶ᠎ᠠ ᠪᠦᠬᠦᠢ ᠳᠦᠷᠢᠮ᠂ ᠳᠡᠰ ᠳᠠᠷᠠᠭᠠᠯᠠᠯ ᠢ | ᠲᠣᠭᠲᠠᠭᠠᠬᠤ ᠪᠠ ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠶᠢᠨ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃ | | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠺᠣᠮᠢᠰ ︵ᠳᠣᠷᠣᠭᠰᠢ ᠱᠠᠩᠨᠠᠨ | ᠬᠦᠬᠢᠭᠦᠯᠬᠦ ᠺᠣᠮᠢᠰ ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠱᠠᠩᠨᠠᠨ ᠬᠦᠬᠢᠭᠦᠯᠬᠦ ᠺᠣᠮᠢᠰ ᠨᠢ ᠬᠤᠯᠪᠣᠭᠳᠠᠯ | ᠪᠦᠬᠦᠢ ᠲᠠᠯ᠎ᠠ ᠶᠢᠨ ᠲᠤᠰᠬᠠᠶ ᠮᠡᠷᠭᠡᠵᠢᠯᠲᠡᠨ᠂ ᠡᠷᠳᠡᠮᠲᠡᠨ ᠵᠡᠷᠭᠡ ᠶᠢ ᠤᠷᠢᠵᠤ ᠰᠢᠯᠭᠠᠷᠠᠭᠤᠯᠤᠨ ᠲᠣᠭᠲᠠᠭᠠᠬᠤ ᠺᠣᠮᠢᠰ | ᠪᠠ ᠬᠢᠨᠠᠯᠲᠠ ᠲᠠᠯᠪᠢᠬᠤ ᠺᠣᠮᠢᠰ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | | ᠱᠠᠩᠨᠠᠨ ᠬᠦᠬᠢᠭᠦᠯᠬᠦ ᠺᠣᠮᠢᠰ ᠤᠨ ᠪᠦᠷᠢᠯᠳᠦᠬᠦᠨ ᠪᠣᠯᠬᠤ ᠬᠥᠮᠦᠰ ᠢᠶᠠᠷ ᠵᠢᠱᠢᠭᠳᠡᠭᠰᠡᠳ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ | ᠱᠠᠩᠨᠠᠨ ᠬᠦᠬᠢᠭᠦᠯᠬᠦ ᠺᠣᠮᠢᠰ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ | ᠪᠣᠯᠤᠨ᠎ᠠ᠃ | ᠬᠤᠶᠠᠳᠤᠭᠠᠷ ᠪᠦᠯᠦᠭ ᠱᠠᠩᠨᠠᠯ ᠪᠠᠶᠢᠷᠢᠯᠠᠭᠤᠯᠬᠤ | ᠨᠠᠢᠮᠠᠳᠤᠭᠠᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ ᠱᠠᠩᠨᠠᠯ ᠢ | ᠪᠣᠯ ᠥᠪᠡᠷᠲᠡᠭᠡᠨ ᠵᠠᠰᠠᠬᠤ ᠣᠷᠣᠨ ᠳᠤ ᠠᠵᠢᠯᠯᠠᠵᠤ ᠪᠠᠶᠢᠭ᠎ᠠ ᠪᠥᠭᠡᠳ ᠳᠤᠤᠷᠠᠬᠢ ᠨᠥᠬᠦᠴᠡᠯ ᠤᠨ ᠨᠢᠭᠡ ᠳᠤ ᠨᠢ | ᠨᠡᠶᠢᠴᠡᠭᠰᠡᠨ ᠳᠤᠮᠳᠠᠳᠤ ᠤᠯᠤᠰ ᠤᠨ ᠠᠷᠠᠳ ᠢᠷᠭᠡᠳ ᠲᠤ ᠣᠯᠭᠤᠨ᠎ᠠ᠄ | ︵ᠨᠢᠭᠡ︶ ᠣᠳᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠹᠷᠤᠨᠲ ᠲᠤ ᠴᠢᠬᠤᠯᠠ | ᠶᠡᠭᠡ ᠰᠢᠪᠲᠤᠯᠤᠯᠲᠠ ᠲᠠᠢ ᠪᠣᠯᠤᠭᠰᠠᠨ ᠪᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠳᠤ | ᠭᠠᠷᠮᠠᠭᠠᠶ ᠵᠢᠳᠬᠦᠯ ᠭᠠᠷᠭᠠᠭᠰᠠᠨ ᠪᠠᠶᠢᠬᠤ︔ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠳᠡᠭᠡᠳᠦ ᠮᠡᠷᠭᠡᠵᠢᠯ ᠤᠨ ᠠᠵᠤ ᠦᠢᠯᠡᠰᠵᠢᠭᠦᠯᠬᠦ ᠳᠤ᠂ | ᠯᠤᠲᠤ ᠶᠡᠭᠡ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠣᠷᠴᠢᠨ | ᠨᠦᠬᠦᠴᠡᠯ ᠤᠨ ᠦᠷ᠎ᠡ ᠠᠰᠢᠭ ᠢ ᠡᠭᠦᠳᠦᠨ ᠪᠦᠲᠦᠭᠡᠭᠰᠡᠨ ᠪᠠᠶᠢᠬᠤ᠃ | ᠶᠢᠰᠦᠳᠦᠭᠡᠷ ᠵᠦᠢᠯ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠢ ᠪᠣᠯ ᠰᠠᠭᠤᠷᠢ ᠰᠣᠳᠤᠯᠤᠯ ᠪᠠ | ᠬᠡᠷᠡᠭᠯᠡᠭᠡᠨ ᠤ ᠰᠠᠭᠤᠷᠢ ᠰᠣᠳᠤᠯᠤᠯ ᠳᠤ ᠪᠠᠶᠢᠭᠠᠯᠢ ᠶᠢᠨ ᠦᠵᠡᠭᠳᠡᠯ᠂ ᠥᠪᠡᠷᠮᠢᠴᠡ ᠣᠨᠴᠠᠯᠢᠭ ᠪᠠ ᠵᠢᠮ᠎ᠡ ᠶᠣᠰᠣ ᠶᠢ | ᠲᠣᠳᠣᠷᠬᠠᠶᠢᠯᠠᠨ ᠥᠭᠦᠯᠡᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠢᠯᠡᠷᠡᠭᠦᠯᠦᠯᠲᠡ ᠭᠠᠷᠭᠠᠭᠰᠠᠨ ᠬᠤᠪᠢ | ᠬᠥᠮᠦᠨ ᠳᠤ ᠣᠯᠭᠤᠨ᠎ᠠ᠃ | ᠡᠮᠦᠨᠡᠬᠢ ᠵᠣᠷᠪᠤᠰ ᠲᠤ ᠬᠡᠯᠡᠵᠦ ᠪᠠᠶᠢᠭ᠎ᠠ ᠴᠢᠬᠤᠯᠠ ᠶᠡᠭᠡ ᠰᠢᠨᠵᠢᠯᠡᠬᠦ ᠤᠬᠠᠭᠠᠨ ᠤ ᠢᠯᠡᠷᠡᠭᠦᠯᠦᠯᠲᠡ ᠨᠢ | ᠳᠣᠣᠷ᠎ᠠ ᠵᠢᠭᠰᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠤᠷᠢᠳᠤᠬᠢ ᠬᠦᠮᠦᠰ ᠬᠠᠷᠠᠬᠠᠨ ᠢᠯᠡᠷᠡᠭᠦᠯᠦᠭᠡᠳᠦᠢ ᠪᠤᠶᠤ ᠬᠠᠷᠠᠬᠠᠨ ᠲᠣᠳᠣᠷᠬᠠᠶᠢᠯᠠᠭᠠᠳᠤᠢ ᠪᠠᠶᠢᠬᠤ | ︔ | ︵ᠬᠤᠶᠠᠷ︶ ᠴᠢᠬᠤᠯᠠ ᠶᠡᠭᠡ ᠰᠢᠨᠵᠢᠯᠡᠬᠦ ᠤᠬᠠᠭᠠᠨ ᠤ ᠦᠨ᠎ᠡ ᠦᠷᠳᠡᠭ ᠲᠠᠢ ᠪᠠᠶᠢᠬᠤ︔ | ︵ᠭᠤᠷᠪᠠ︶ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠨ ᠳᠤ | ᠮᠡᠳᠡᠷᠡᠭᠳᠡᠭᠰᠡᠨ ᠪᠠᠶᠢᠬᠤ᠃ | ᠠᠷᠪᠠᠳᠤᠭᠠᠷ ᠵᠦᠢᠯ ᠮᠡᠷᠭᠡᠵᠢᠯ ᠤᠨ ᠡᠭᠦᠳᠦᠯᠲᠡ ᠶᠢᠨ ᠱᠠᠩᠨᠠᠯ ᠢ ᠪᠣᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠮᠡᠳᠡᠯᠭᠡ ᠶᠢ ᠬᠡᠷᠡᠭᠯᠡᠨ ᠦᠢᠯᠡᠳᠬᠦᠨ᠂ ᠤᠷᠠᠯᠠᠯ᠂ ᠮᠠᠲ᠋ᠧᠷᠢᠶᠠᠯ᠂ ᠰᠡᠯᠪᠢᠭᠡᠰᠦ ᠵᠢᠴᠢ ᠲᠡᠭᠦᠨ ᠤ | ᠰᠢᠰᠲ᠋ᠧᠮ ᠢ ᠪᠦᠲᠦᠭᠡᠭᠰᠡᠨ ᠵᠡᠷᠭᠡ ᠴᠢᠬᠤᠯᠠ ᠶᠡᠭᠡ ᠮᠡᠷᠭᠡᠵᠢᠯ ᠤᠨ ᠡᠭᠦᠳᠦᠯᠲᠡ ᠭᠠᠷᠭᠠᠭᠰᠠᠨ ᠬᠤᠪᠢ ᠬᠥᠮᠦᠨ ᠳᠤ | ᠣᠯᠭᠤᠨ᠎ᠠ᠃ | ᠡᠮᠦᠨᠡᠬᠢ ᠵᠣᠷᠪᠣᠰ ᠲᠤ ᠬᠡᠯᠡᠵᠦ ᠪᠠᠶᠢᠭ᠎ᠠ ᠴᠢᠬᠤᠯᠠ ᠶᠡᠭᠡ ᠮᠡᠷᠭᠡᠵᠢᠯ ᠤᠨ ᠡᠭᠦᠳᠦᠯᠲᠡ ᠨᠢ ᠳᠣᠣᠷ᠎ᠠ | ᠵᠢᠭᠰᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠤᠷᠢᠳᠤᠬᠢ ᠬᠦᠮᠦᠰ ᠬᠠᠷᠠᠬᠠᠨ ᠨᠡᠭᠡᠭᠡᠭᠡᠳᠦᠢ ᠪᠤᠶᠤ ᠬᠠᠷᠠᠬᠠᠨ ᠢᠯᠡ ᠪᠣᠯᠭᠠᠭᠠᠳᠤᠢ ᠪᠠᠶᠢᠬᠤ︔ | ︵ᠬᠤᠶᠠᠷ︶ ᠲᠡᠷᠢᠭᠦᠨ ᠤ ᠴᠢᠨᠠᠷ᠂ ᠪᠦᠲᠦᠭᠡᠯᠴᠢ ᠴᠢᠨᠠᠷ᠂ ᠬᠡᠷᠡᠭᠯᠡᠭᠡᠨ ᠤ ᠴᠢᠨᠠᠷ ᠲᠠᠢ ᠪᠠᠶᠢᠬᠤ︔ | ︵ᠭᠤᠷᠪᠠ︶ ᠬᠡᠷᠡᠭᠵᠢᠭᠦᠯᠬᠦ ᠪᠠᠷ ᠳᠠᠮᠵᠢᠭᠠᠳ ᠢᠯᠡᠳᠲᠡ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ | ᠦᠷ᠎ᠡ ᠠᠰᠢᠭ᠂ ᠠᠮᠢ ᠠᠬᠤᠢ ᠶᠢᠨ ᠣᠷᠴᠢᠨ ᠨᠥᠬᠦᠴᠡᠯ ᠤᠨ ᠦᠷ᠎ᠡ ᠠᠰᠢᠭ ᠢ ᠡᠭᠦᠳᠦᠨ ᠪᠦᠲᠦᠭᠡᠭᠰᠡᠨ ᠮᠥᠷᠲᠡᠭᠡᠨ | ᠰᠠᠶᠢᠨ ᠰᠠᠶᠢᠬᠠᠨ ᠬᠡᠷᠡᠭᠯᠡᠭᠡᠨ ᠤ ᠢᠷᠡᠭᠡᠳᠦᠢ ᠲᠠᠢ ᠪᠠᠶᠢᠬᠤ᠃ | ᠠᠷᠪᠠᠨ ᠨᠢᠭᠡᠳᠦᠭᠡᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠪᠣᠯ | ᠰᠢᠨ᠎ᠡ ᠶᠢ ᠡᠭᠦᠳᠦᠭᠰᠡᠨ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ | ᠪᠡᠶᠡᠯᠡᠭᠦᠯᠦᠭᠰᠡᠨ ᠪᠠ ᠬᠡᠷᠡᠭᠯᠡᠵᠦ ᠳᠡᠯᠭᠡᠷᠡᠭᠦᠯᠦᠭᠰᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠠ | ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ | ᠬᠥᠮᠦᠨ᠂ ᠵᠣᠬᠢᠶᠠᠨ ᠪᠠᠶᠢᠭᠤᠯᠤᠯᠲᠠ ᠳᠤ ᠣᠯᠭᠤᠨ᠎ᠠ᠃ | ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠰᠢᠨ᠎ᠡ ᠶᠢ ᠡᠭᠦᠳᠬᠦ ᠴᠢᠨᠠᠷᠲᠠᠶ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠨᠢ ᠳᠣᠣᠷᠠᠬᠢ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠮᠡᠷᠭᠡᠵᠢᠯ ᠤᠨ ᠰᠢᠨ᠎ᠡ ᠶᠢ ᠡᠭᠦᠳᠦᠭᠰᠡᠨ ᠴᠢᠨᠠᠷ ᠢᠶᠠᠷ ᠲᠣᠪᠤᠶᠢᠮ᠎ᠠ᠂ ᠮᠡᠷᠭᠡᠵᠢᠯ ᠠᠵᠤ ᠠᠬᠤᠶ ᠶᠢᠨ | ᠭᠦᠢᠴᠡᠳᠭᠡᠯ ᠲᠤᠭ᠎ᠠ ᠨᠢ ᠲᠡᠷᠢᠭᠦᠨ ᠤ ᠪᠠᠶᠢᠬᠤ︔ | ︵ᠬᠤᠶᠠᠷ︶ ᠬᠡᠷᠡᠭᠯᠡᠵᠦ ᠳᠡᠯᠭᠡᠷᠡᠭᠦᠯᠬᠦ ᠪᠠᠷ ᠳᠠᠮᠵᠢᠭᠠᠳ ᠢᠯᠡᠳᠲᠡ ᠠᠵᠤ ᠠᠬᠤᠢ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠣᠷᠴᠢᠨ ᠨᠥᠬᠦᠴᠡᠯ ᠤᠨ ᠦᠷ᠎ᠡ ᠠᠰᠢᠭ ᠢ ᠡᠭᠦᠳᠦᠭᠰᠡᠨ ᠪᠠᠶᠢᠬᠤ︔ | | ︵ᠭᠤᠷᠪᠠ︶ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢ | ᠠᠬᠢᠭᠤᠯᠬᠤ ᠲᠠᠯ᠎ᠠ ᠪᠠᠷ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠬᠤ᠃ | ᠠᠷᠪᠠᠨ ᠬᠤᠶᠠᠳᠤᠭᠠᠷ ᠵᠦᠢᠯ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠦᠭᠰᠡᠨ ᠱᠠᠩᠨᠠᠯ ᠢ ᠪᠣᠯ ᠥᠪᠡᠷᠲᠡᠭᠡᠨ ᠵᠠᠰᠠᠬᠤ ᠣᠷᠣᠨ ᠳᠤ ᠠᠵᠢᠯᠯᠠᠵᠤ ᠪᠠᠶᠢᠭ᠎ᠠ᠂ ᠪᠦᠬᠦᠯᠢ ᠳᠥᠴᠢᠨ ᠲᠠᠪᠤᠨ | ᠨᠠᠰᠤᠨ ᠠᠴᠠ ᠬᠡᠲᠦᠷᠡᠭᠰᠡᠨ ᠦᠭᠡᠶ ᠪᠥᠭᠡᠳ ᠳᠤᠤᠷᠠᠬᠢ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠳᠤᠮᠳᠠᠳᠤ | ᠤᠯᠤᠰ ᠤᠨ ᠠᠷᠠᠳ ᠢᠷᠭᠡᠳ ᠲᠤ ᠣᠯᠭᠤᠨ᠎ᠠ᠄ | ︵ᠨᠢᠭᠡ︶ ᠰᠢᠨᠵᠢᠯᠡᠬᠦ ᠤᠬᠠᠭᠠᠨ ᠤ ᠰᠤᠳᠤᠯᠤᠯ ᠤᠨ ᠳᠤᠮᠳᠠ ᠢᠳᠡᠪᠬᠢᠲᠡᠶ ᠬᠠᠶᠢᠨ ᠰᠦᠪᠡᠭᠴᠢᠯᠡᠵᠦ᠂ | ᠴᠢᠬᠤᠯᠠ ᠪᠦᠬᠦᠢ ᠰᠢᠨᠵᠢᠯᠡᠬᠦ ᠤᠬᠠᠭᠠᠨ ᠤ ᠢᠯᠡᠷᠡᠭᠦᠯᠦᠯᠲᠡ ᠭᠠᠷᠭᠠᠭᠰᠠᠨ ᠪᠤᠶᠤ ᠬᠠᠮᠢᠶ᠎ᠠ ᠪᠦᠬᠦᠢ ᠰᠢᠨᠵᠢᠯᠡᠭᠡᠨ ᠤ | ᠬᠥᠭᠵᠢᠯᠲᠡ ᠶᠢ ᠠᠬᠢᠭᠤᠯᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠬᠤ︔ | ︵ᠬᠤᠶᠠᠷ︶ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠬᠦ ᠳᠤᠮᠳᠠ ᠴᠢᠬᠤᠯᠠ ᠶᠡᠭᠡ | ᠡᠭᠦᠳᠦᠨ ᠪᠦᠲᠦᠭᠡᠯᠲᠡ ᠭᠠᠷᠭᠠᠭᠰᠠᠨ ᠪᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠤ ᠬᠠᠮᠲᠤ᠂ | ᠢᠯᠡᠳᠲᠡ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠣᠷᠴᠢᠨ | ᠨᠦᠬᠦᠴᠡᠯ ᠤᠨ ᠦᠷ᠎ᠡ ᠠᠰᠢᠭ ᠢ ᠡᠭᠦᠳᠦᠭᠰᠡᠨ ᠪᠠᠶᠢᠬᠤ᠃ | ᠠᠷᠪᠠᠨ ᠭᠤᠷᠪᠠᠳᠤᠭᠠᠷ ᠵᠦᠢᠯ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠱᠠᠩᠨᠠᠯ ᠢ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤᠤᠷᠠᠬᠢ ᠮᠡᠲᠦ ᠭᠠᠳᠠᠭᠠᠳᠤ ᠤᠯᠤᠰ ᠤᠨ ᠬᠥᠮᠦᠨ | ᠪᠤᠶᠤ ᠭᠠᠳᠠᠭᠠᠳᠤ ᠤᠯᠤᠰ ᠤᠨ ᠵᠣᠬᠢᠶᠠᠨ ᠪᠠᠶᠢᠭᠤᠯᠤᠯᠲᠠ ᠳᠤ ᠣᠯᠭᠤᠨ᠎ᠠ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠢᠷᠭᠡᠨ ᠪᠤᠶᠤ ᠵᠣᠬᠢᠶᠠᠨ | ᠪᠠᠶᠢᠭᠤᠯᠤᠯᠲᠠ ᠲᠠᠢ ᠬᠠᠮᠲᠤᠷᠠᠨ ᠰᠣᠳᠤᠯᠵᠤ ᠨᠡᠬᠡᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ | ᠦᠷ᠎ᠡ ᠪᠦᠲᠦᠭᠡᠯ ᠭᠠᠷᠭᠠᠭᠰᠠᠨ ᠪᠠᠶᠢᠬᠤ︔ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠢᠷᠭᠡᠨ ᠪᠤᠶᠤ ᠵᠣᠬᠢᠶᠠᠨ | ᠪᠠᠶᠢᠭᠤᠯᠤᠯᠲᠠ ᠳᠤ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠤᠯᠠᠮᠵᠢᠯᠠᠵᠤ᠂ ᠴᠢᠳᠠᠪᠤᠷᠢᠲᠠᠨ ᠢ | ᠬᠦᠮᠦᠵᠢᠭᠦᠯᠦᠭᠡᠳ᠂ ᠣᠨᠴᠠ ᠢᠯᠡᠷᠬᠡᠢ ᠠᠮᠵᠢᠯᠲᠠ ᠣᠯᠤᠭᠰᠠᠨ ᠪᠠᠶᠢᠬᠤ︔ | ︵ᠭᠤᠷᠪᠠ︶ ᠥᠪᠡᠷᠲᠡᠭᠡᠨ ᠵᠠᠰᠠᠬᠤ ᠣᠷᠣᠨ ᠬᠢᠭᠡᠳ ᠭᠠᠳᠠᠭᠠᠳᠤ ᠤᠯᠤᠰ ᠯᠤᠭ᠎ᠠ ᠶᠢᠨ ᠣᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠳᠤ᠂ ᠴᠢᠬᠤᠯᠠ | ᠬᠤᠪᠢ ᠨᠡᠮᠡᠷᠢ ᠦᠵᠡᠭᠦᠯᠦᠭᠰᠡᠨ ᠪᠠᠶᠢᠬᠤ᠃ | ᠠᠷᠪᠠᠨ ᠳᠥᠷᠪᠡᠳᠦᠭᠡᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ | ᠱᠠᠩᠨᠠᠯ ᠢ ᠳᠡᠰ ᠬᠤᠪᠢᠶᠠᠬᠤ ᠦᠭᠡᠶ᠂ ᠤᠳᠠᠭ᠎ᠠ ᠪᠦᠷᠢ ᠶᠢᠨ ᠱᠠᠩᠨᠠᠯ ᠬᠦᠷᠲᠡᠭᠰᠡᠳ ᠢ ᠭᠤᠷᠪᠠᠨ ᠬᠥᠮᠦᠨ ᠠᠴᠠ | ᠬᠡᠲᠦᠷᠡᠭᠦᠯᠬᠦ ᠦᠭᠡᠶ᠃ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠪᠣᠯ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ | ᠳᠡᠰ ᠤᠨ ᠱᠠᠩᠨᠠᠯ ᠭᠡᠵᠦ ᠬᠤᠶᠠᠷ ᠳᠡᠰ ᠬᠤᠪᠢᠶᠠᠨ᠎ᠠ᠃ ᠣᠨᠴᠠ ᠴᠢᠬᠤᠯᠠ ᠶᠡᠭᠡ ᠰᠢᠨᠵᠢᠯᠡᠬᠦ ᠤᠬᠠᠭᠠᠨ ᠤ | ᠢᠯᠡᠷᠡᠭᠦᠯᠦᠯᠲᠡ᠂ ᠮᠡᠷᠭᠡᠵᠢᠯ ᠤᠨ ᠡᠭᠦᠳᠦᠯᠲᠡ ᠪᠤᠶᠤ ᠰᠢᠨ᠎ᠡ ᠶᠢ ᠡᠭᠦᠳᠦᠭᠰᠡᠨ ᠴᠢᠨᠠᠷᠲᠠᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠭᠠᠷᠭᠠᠭᠰᠠᠨ ᠪᠠᠶᠢᠪᠠᠯ᠂ ᠣᠨᠴᠠ ᠲᠡᠰ ᠤᠨ ᠱᠠᠩᠨᠠᠯ ᠣᠯᠭᠤᠵᠤ ᠪᠣᠯᠤᠨ᠎ᠠ᠃ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠤᠳᠠᠭ᠎ᠠ ᠪᠦᠷᠢ ᠶᠢᠨ ᠱᠠᠩᠨᠠᠯ ᠣᠯᠭᠤᠬᠤ ᠲᠥᠷᠥᠯ ᠵᠦᠢᠯ ᠤᠨ | ᠶᠡᠷᠦᠩᠬᠡᠶ ᠲᠤᠭ᠎ᠠ ᠶᠢ ᠵᠠᠭᠤ ᠵᠢᠷᠠᠨ ᠵᠦᠢᠯ ᠠᠴᠠ ᠬᠡᠲᠦᠷᠡᠭᠦᠯᠬᠦ ᠦᠭᠡᠶ᠂ ᠡᠭᠦᠨ ᠳᠤ᠂ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠱᠠᠩᠨᠠᠯ ᠢ ᠬᠤᠷᠢᠨ ᠵᠦᠢᠯ ᠠᠴᠠ ᠬᠡᠲᠦᠷᠡᠭᠦᠯᠬᠦ ᠦᠭᠡᠶ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠢ | ᠬᠤᠷᠢᠨ ᠵᠦᠢᠯ ᠠᠴᠠ ᠬᠡᠲᠦᠷᠡᠭᠦᠯᠬᠦ ᠦᠭᠡᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ | ᠱᠠᠩᠨᠠᠯ ᠢ ᠵᠠᠭᠤ ᠬᠤᠷᠢᠨ ᠵᠦᠢᠯ ᠠᠴᠠ ᠬᠡᠲᠦᠷᠡᠭᠦᠯᠬᠦ ᠦᠭᠡᠶ᠃ | ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ᠂ ᠣᠯᠠᠨ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠢ ᠲᠠᠰ ᠬᠤᠪᠢᠶᠠᠬᠤ ᠥᠬᠡᠶ᠂ | ᠤᠳᠠᠭ᠎ᠠ ᠪᠦᠷᠢ ᠶᠢᠨ ᠱᠠᠩᠨᠠᠯ ᠬᠦᠷᠲᠡᠭᠰᠡᠳ ᠢ ᠴᠥᠮ ᠠᠷᠪᠠᠨ ᠬᠥᠮᠦᠨ ᠠᠴᠠ ᠬᠡᠲᠦᠷᠡᠭᠦᠯᠬᠦ ᠥᠬᠡᠶ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠶ ᠬᠤᠪᠢ ᠨᠡᠮᠡᠷᠢ ᠶᠢᠨ ᠱᠠᠩᠨᠠᠯ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠶᠢᠨ ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠦᠭᠰᠡᠨ ᠱᠠᠩᠨᠠᠯ᠂ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ | ᠱᠠᠩᠨᠠᠯ ᠳᠤ ᠴᠥᠮ ᠱᠠᠩᠨᠠᠯ ᠬᠦᠷᠲᠡᠭᠰᠡᠳ ᠪᠠᠶᠢᠬᠤ ᠦᠭᠡᠢ ᠪᠠᠶᠢᠵᠤ ᠪᠣᠯᠤᠨ᠎ᠠ᠃ | ᠭᠤᠷᠪᠠᠳᠤᠭᠠᠷ ᠪᠦᠯᠦᠭ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ᠂ ᠰᠢᠯᠭᠠᠷᠠᠭᠤᠯᠤᠨ ᠲᠣᠭᠲᠠᠭᠠᠬᠤ | ᠪᠠ ᠣᠯᠭᠤᠬᠤ | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠱᠠᠩᠨᠠᠯ ᠳᠤ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠳᠦᠷᠢᠮ ᠢ ᠬᠡᠷᠡᠭᠵᠢᠭᠦᠯᠦᠨ᠎ᠡ᠃ ᠥᠪᠡᠷ ᠢ ᠪᠠᠨ | ᠲᠠᠨᠢᠯᠴᠠᠭᠤᠯᠬᠤ ᠶᠠᠪᠤᠳᠠᠯ ᠢ ᠬᠦᠯᠢᠶᠡᠨ ᠠᠪᠬᠤ ᠦᠭᠡᠢ᠃ ᠵᠢᠱᠢᠭᠳᠡᠭᠰᠡᠳ ᠢ ᠪᠣᠯ ᠳᠤᠤᠷᠠᠬᠢ ᠨᠢᠭᠡᠴᠢ ᠪᠤᠶᠤ ᠬᠤᠪᠢ | ᠬᠥᠮᠦᠨ ᠠᠴᠠ ᠨᠡᠷ᠎ᠡ ᠶᠢ ᠨᠢ ᠳᠤᠷᠠᠳᠤᠨ᠎ᠠ᠄ | ︵ᠨᠢᠭᠡ︶ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ | ᠬᠦᠷᠲᠡᠭᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠨᠴᠠ ᠬᠤᠪᠢ ᠨᠡᠮᠡᠷᠢ ᠶᠢᠨ ᠱᠠᠩᠨᠠᠯ ᠬᠦᠷᠲᠡᠭᠴᠢ︔ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠬᠢᠷᠢ ᠬᠡᠮ ᠤᠨ ᠨᠥᠬᠦᠴᠡᠯ ᠳᠤ | ᠨᠡᠶᠢᠴᠡᠭᠰᠡᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ | ᠠᠬᠤᠶᠢᠯᠠᠯ᠂ ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠪᠠᠶᠢᠭᠤᠯᠤᠮᠵᠢ︔ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ | ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠲᠥᠯᠥᠪᠯᠡᠭᠡ ᠳᠤ ᠠᠰᠳᠠᠭᠠᠨ ᠵᠢᠭᠰᠠᠭᠠᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠥᠬᠦᠶ ᠨᠢᠭᠡᠴᠢ᠃ | ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠰᠢᠯᠭᠠᠷᠠᠭᠤᠯᠤᠨ ᠲᠣᠭᠲᠠᠭᠠᠬᠤ ᠠᠵᠢᠯ ᠢ | ᠡᠬᠢᠯᠡᠭᠦᠯᠬᠦ ᠠᠴᠠ ᠵᠢᠷᠠᠨ ᠡᠳᠦᠷ ᠤᠨ ᠡᠮᠦᠨ᠎ᠡ᠂ ᠲᠣᠰ ᠰᠠᠯᠠᠭ᠎ᠠ ᠮᠥᠴᠢᠷ ᠤᠨ ᠰᠦᠯᠵᠢᠶ᠎ᠡ ᠪᠠᠷ ᠨᠡᠷ᠎ᠡ ᠳᠤᠷᠠᠳᠬᠤ | ᠮᠠᠲ᠋ᠧᠷᠢᠶᠠᠯ ᠤᠨ ᠮᠡᠳᠡᠭᠦᠯᠦᠨ ᠬᠦᠷᠭᠡᠬᠦ ᠴᠠᠭ᠂ ᠠᠷᠭ᠎ᠠ ᠬᠡᠯᠪᠡᠷᠢ ᠵᠡᠷᠭᠡ ᠬᠤᠯᠪᠣᠭᠳᠠᠯ ᠪᠥᠬᠦᠶ ᠵᠦᠢᠯᠡᠰ ᠢᠶᠠᠨ ᠨᠡᠶᠢᠭᠡᠮ | ᠨᠡᠶᠢᠲᠡ ᠳᠤ ᠵᠠᠷᠯᠠᠬᠤ ᠶᠢᠨ ᠬᠠᠮᠲᠤ᠂ ᠠᠰᠠᠭᠤᠨ ᠯᠠᠪᠯᠠᠬᠤ ᠤᠲᠠᠰᠤ ᠲᠣᠬᠢᠷᠠᠭᠤᠯᠵᠤ᠂ ᠠᠰᠠᠭᠤᠨ ᠯᠠᠪᠯᠠᠬᠤ | ᠦᠢᠯᠡᠴᠢᠯᠡᠭᠡ ᠬᠠᠩᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠨᠡᠷ᠎ᠡ ᠳᠤᠷᠠᠳᠤᠭᠰᠠᠳ ᠨᠢ ᠨᠡᠷ᠎ᠡ ᠳᠤᠷᠠᠳᠬᠤ ᠠᠷᠭ᠎ᠠ ᠶᠢ ᠴᠢᠩᠭ᠎ᠠ ᠵᠢᠷᠤᠮᠯᠠᠨ | ᠨᠡᠷ᠎ᠡ ᠳᠤᠷᠠᠳᠴᠤ᠂ ᠨᠡᠷ᠎ᠡ ᠳᠤᠷᠠᠳᠬᠤ ᠮᠠᠲ᠋ᠧᠷᠢᠶᠠᠯ ᠢ ᠬᠠᠩᠭᠠᠨ᠂ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ ᠪᠠ ᠪᠦᠷᠢᠨ ᠭᠦᠢᠴᠡᠳ ᠴᠢᠨᠠᠷ ᠲᠤ ᠬᠠᠷᠢᠭᠤᠴᠠᠬᠤ ᠶᠢᠨ ᠬᠠᠮᠲᠤ᠂ ᠲᠣᠭᠲᠠᠭᠠᠯ ᠶᠣᠰᠣᠭᠠᠷ | ᠵᠣᠬᠢᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠳᠤ ᠳᠤᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠬᠠᠮᠢᠶ᠎ᠠ ᠪᠥᠬᠦᠶ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠶᠢ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠡᠬᠦ ᠪᠠᠷ ᠨᠡᠷ᠎ᠡ ᠶᠢ ᠨᠢ ᠳᠤᠷᠠᠳᠬᠤ | ᠪᠤᠶᠤ ᠱᠠᠩᠨᠠᠯ ᠣᠯᠭᠤᠵᠤ ᠪᠣᠯᠬᠤ ᠥᠬᠡᠶ᠄ | ︵ᠨᠢᠭᠡ︶ ᠤᠯᠤᠰ ᠤᠨ ᠠᠮᠤᠷ ᠲᠦᠪᠰᠢᠨ ᠳᠤ ᠬᠤᠤᠷ ᠬᠥᠨᠥᠭᠡᠯ ᠪᠣᠯᠬᠤ᠂ ᠨᠡᠶᠢᠭᠡᠮ ᠨᠡᠶᠢᠲᠡ ᠶᠢᠨ ᠠᠰᠢᠭ | ᠲᠤᠰᠠ ᠶᠢ ᠬᠤᠬᠢᠷᠠᠭᠤᠯᠬᠤ᠂ ᠬᠥᠮᠦᠨ ᠤ ᠪᠡᠶ᠎ᠡ ᠮᠠᠬᠠᠪᠤᠳ ᠡᠷᠡᠭᠦᠯ ᠮᠡᠨᠳᠦ ᠳᠤ ᠲᠥᠭᠰᠢᠭᠦᠷᠢᠲᠡᠢ᠂ ᠡᠰᠢ ᠮᠤᠷᠠᠯ | ᠶᠣᠰᠣ ᠰᠤᠷᠲᠠᠬᠤᠨ ᠠᠴᠠ ᠵᠥᠷᠢᠴᠡᠭᠰᠡᠨ ᠪᠠᠶᠢᠬᠤ︔ | ︵ᠬᠤᠶᠠᠷ︶ ᠰᠢᠨᠵᠢᠯᠡᠬᠦ ᠤᠬᠠᠭᠠᠨ ᠤ ᠰᠤᠳᠤᠯᠤᠯ ᠳᠤ ᠲᠥᠪ ᠪᠤᠰᠤ ᠦᠢᠯᠡ ᠠᠵᠢᠯᠯᠠᠭ᠎ᠠ ᠲᠠᠢ ᠪᠠᠶᠢᠵᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠵᠢᠯᠯᠠᠭ᠎ᠠ ᠳᠤ ᠣᠷᠣᠯᠴᠠᠬᠤ ᠶᠢ ᠨᠢ | ᠴᠠᠭᠠᠵᠠᠯᠠᠭᠰᠠᠨ ᠪᠠᠶᠢᠬᠤ︔ | ︵ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠤᠶᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠳᠤ ᠨᠢ ᠮᠠᠷᠭᠤᠭᠠᠨ ᠲᠠᠢ ᠪᠠᠶᠢᠬᠤ︔ | ︵ᠳᠥᠷᠪᠡ︶ ᠭᠤᠤᠯ ᠪᠣᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠨᠢ ᠨᠢᠭᠡᠨᠲᠡ | ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ | ᠭᠥᠷᠳᠡᠭᠰᠡᠨ ᠪᠠᠶᠢᠬᠤ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠲᠠᠢ ᠪᠠᠶᠢᠬᠤ᠃ | ᠠᠷᠪᠠ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠷ᠎ᠡ ᠳᠤᠷᠠᠳᠤᠭᠰᠠᠨ ᠮᠠᠲ᠋ᠧᠷᠢᠶᠠᠯ ᠳᠤ | ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠭᠥᠯᠢᠶᠡᠨ ᠠᠪᠴᠤ ᠭᠦᠢᠴᠡᠳᠭᠡᠬᠦ ᠨᠥᠬᠦᠴᠡᠯ ᠳᠤ | ᠨᠡᠶᠢᠴᠡᠭᠰᠡᠨ ᠵᠢᠱᠢᠭᠳᠡᠭᠰᠡᠳ᠂ ᠲᠥᠷᠥᠯ ᠵᠦᠢᠯ ᠤᠨ ᠨᠡᠷᠡᠶᠢᠳᠦᠯ ᠵᠡᠷᠭᠡ ᠵᠦᠢᠯᠡᠰ ᠢ ᠨᠢ ᠲᠣᠰ ᠰᠠᠯᠠᠭ᠎ᠠ ᠮᠥᠴᠢᠷ ᠤᠨ | ᠰᠦᠯᠵᠢᠶ᠎ᠡ ᠪᠠᠷ ᠢᠶᠠᠨ ᠨᠡᠶᠢᠭᠡᠮ ᠨᠡᠶᠢᠲᠡ ᠳᠤ ᠠᠷᠪᠠᠨ ᠲᠠᠪᠤᠨ ᠠᠵᠢᠯᠯᠠᠬᠤ ᠡᠳᠦᠷ ᠢᠯᠡ ᠨᠡᠶᠢᠲᠡᠯᠡᠨ᠎ᠡ︔ ᠬᠦᠯᠢᠶᠡᠨ | ᠠᠪᠴᠤ ᠭᠦᠢᠴᠡᠳᠭᠡᠬᠦ ᠨᠥᠬᠦᠴᠡᠯ ᠳᠤ ᠨᠡᠶᠢᠴᠡᠬᠦ ᠦᠭᠡᠶ ᠪᠣᠯ᠂ ᠬᠦᠯᠢᠶᠡᠨ ᠠᠪᠴᠤ ᠭᠦᠢᠴᠡᠳᠭᠡᠬᠦ ᠦᠭᠡᠶ ᠪᠥᠭᠡᠳ | ᠤᠴᠢᠷ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠶ᠃ | ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠰᠢᠨᠵᠢᠯᠡᠭᠡᠨ ᠤ ᠰᠠᠯᠠᠭ᠎ᠠ᠂ ᠡᠯ᠎ᠡ | ᠬᠦᠷᠢᠶ᠎ᠡ ᠴᠠᠷᠠᠭ᠎ᠠ ᠶᠢ ᠬᠠᠮᠤᠷᠤᠭᠰᠠᠨ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ | ᠪᠠᠶᠢᠭᠤᠯᠬᠤ ᠶᠢᠨ ᠬᠠᠮᠲᠤ᠂ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃ ᠰᠢᠯᠭᠠᠷᠠᠭᠤᠯᠤᠨ ᠲᠣᠭᠲᠠᠭᠠᠬᠤ | ᠮᠡᠷᠭᠡᠵᠢᠯᠲᠡᠳ ᠰᠢᠨᠵᠢᠯᠡᠭᠡᠨ ᠤ ᠰᠠᠯᠠᠭ᠎ᠠ᠂ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯ ᠤᠨ ᠮᠡᠳᠡᠯᠭᠡ ᠳᠤ | ᠴᠠᠭᠠᠷᠠᠭᠰᠠᠨ ᠪᠠᠶᠢᠵᠤ᠂ ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠬᠢᠷᠢ ᠲᠦᠪᠰᠢᠨ ᠪᠠ ᠰᠢᠨᠵᠢᠯᠡᠬᠦ ᠤᠬᠠᠭᠠᠨ ᠤ | ᠰᠠᠶᠢᠨ ᠰᠠᠶᠢᠬᠠᠨ ᠶᠣᠰᠣ ᠰᠤᠷᠲᠠᠬᠤᠨ ᠲᠠᠢ ᠪᠠᠶᠢᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠳᠤ ᠢᠯᠡ ᠪᠠᠶᠢᠯᠭᠠᠬᠤ᠂ ᠡᠷᠬᠡ | ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠰᠢᠯᠭᠠᠷᠠᠭᠤᠯᠤᠨ ᠲᠣᠭᠲᠠᠭᠠᠬᠤ ᠲᠤᠰᠬᠠᠶ | ᠮᠡᠷᠭᠡᠵᠢᠯᠲᠡᠨ ᠳᠤ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠰᠢᠯᠭᠠᠷᠠᠭᠤᠯᠤᠨ ᠲᠣᠭᠲᠠᠭᠠᠬᠤ ᠠᠵᠢᠯ ᠠᠴᠠ ᠵᠠᠶᠢᠯᠠᠬᠤ | ᠬᠡᠷᠡᠭᠲᠡᠶ᠄ | ︵ᠨᠢᠭᠡ︶ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠬᠦ ᠵᠢᠱᠢᠭᠳᠡᠭᠴᠢ ᠪᠣᠯᠣᠭᠰᠠᠨ ᠪᠠᠶᠢᠪᠠᠯ᠂ ᠲᠣᠰ ᠵᠢᠯ ᠤᠨ | ᠰᠢᠯᠭᠠᠷᠠᠭᠤᠯᠤᠨ ᠲᠣᠭᠲᠠᠭᠠᠬᠤ ᠳᠤ ᠣᠷᠣᠯᠴᠠᠵᠤ ᠪᠣᠯᠬᠤ ᠥᠬᠡᠶ︔ | ︵ᠬᠤᠶᠠᠷ︶ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠬᠦ ᠵᠢᠱᠢᠭᠳᠡᠭᠴᠢ ᠯᠦᠭᠡ ᠠᠰᠢᠭ ᠬᠤᠤᠷ ᠤᠨ | ᠬᠠᠷᠢᠴᠠᠭ᠎ᠠ ᠲᠠᠢ ᠪᠠᠶᠢᠵᠤ᠂ ᠰᠢᠯᠭᠠᠷᠠᠭᠤᠯᠤᠨ ᠲᠣᠭᠲᠠᠭᠠᠬᠤ ᠶᠢᠨ ᠲᠥᠪ ᠭᠤᠤᠯᠴᠢ ᠴᠢᠨᠠᠷ ᠢ ᠨᠥᠯᠥᠭᠡᠯᠡᠵᠦ ᠮᠡᠳᠡᠬᠦ | ᠪᠣᠯᠣᠯᠴᠠᠭ᠎ᠠ ᠲᠠᠢ ᠪᠠᠶᠢᠪᠠᠯ᠂ ᠲᠡᠷᠡ ᠬᠦ ᠵᠢᠱᠢᠭᠳᠡᠭᠴᠢ ᠶᠢᠨ ᠬᠤᠯᠪᠣᠭᠳᠠᠯ ᠪᠥᠬᠦᠶ ᠲᠥᠷᠥᠯ ᠵᠦᠢᠯ ᠢ ᠰᠢᠯᠭᠠᠷᠠᠭᠤᠯᠤᠨ | ᠲᠣᠭᠲᠠᠭᠠᠬᠤ ᠳᠤ ᠣᠷᠣᠯᠴᠠᠵᠤ ᠪᠣᠯᠬᠤ ᠥᠬᠡᠶ︔ | ︵ᠭᠤᠷᠪᠠ︶ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠲᠡᠭᠦᠨ ᠤ ᠨᠡᠷ᠎ᠡ ᠳᠤᠷᠠᠳᠤᠭᠰᠠᠨ | ᠲᠥᠷᠥᠯ ᠵᠦᠢᠯ ᠳᠤ ᠬᠠᠷᠢᠶᠠᠯᠠᠭᠳᠠᠬᠤ ᠲᠤᠰᠬᠠᠶ ᠮᠡᠷᠭᠡᠵᠢᠯ ︵ᠰᠢᠨᠵᠢᠯᠡᠭᠡᠨ ᠤ ᠰᠠᠯᠠᠭ᠎ᠠ︶ ᠤᠨ ᠰᠢᠯᠭᠠᠷᠠᠭᠤᠯᠤᠨ | ᠲᠣᠭᠲᠠᠭᠠᠬᠤ ᠳᠤᠭᠤᠶᠢᠯᠠᠩ ᠤᠨ ᠰᠢᠯᠭᠠᠷᠠᠭᠤᠯᠤᠨ ᠲᠣᠭᠲᠠᠭᠠᠬᠤ ᠳᠤ ᠣᠷᠣᠯᠴᠠᠵᠤ ᠪᠣᠯᠬᠤ ᠥᠬᠡᠶ︔ | ︵ᠳᠥᠷᠪᠡ︶ ᠵᠢᠱᠢᠭᠳᠡᠭᠰᠡᠨ ᠲᠥᠷᠥᠯ ᠵᠦᠢᠯ ᠢ ᠭᠤᠣᠯ ᠭᠦᠢᠴᠡᠳᠭᠡᠭᠰᠡᠨ ᠨᠢᠭᠡᠴᠢ ᠶᠢᠨ ᠠᠳᠠᠯᠢ ᠨᠢᠭᠡᠨ | ᠰᠢᠨᠵᠢᠯᠡᠭᠡᠨ ᠤ ᠰᠠᠯᠠᠭᠠᠨ ᠤ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠲᠣᠰ ᠵᠢᠱᠢᠭᠳᠡᠭᠰᠡᠨ ᠲᠥᠷᠥᠯ | ᠵᠦᠢᠯ ᠢ ᠬᠢᠨᠠᠨ ᠲᠣᠭᠲᠠᠭᠠᠬᠤ ᠠᠵᠢᠯ ᠳᠤ ᠣᠷᠣᠯᠴᠠᠵᠤ ᠪᠣᠯᠬᠤ ᠥᠬᠡᠶ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠶᠢᠯᠠᠬᠤ ᠴᠢᠬᠤᠯᠠᠲᠠᠢ ᠪᠤᠰᠤᠳ | ᠪᠠᠶᠢᠳᠠᠯ᠃ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠵᠠᠶᠢᠯᠠᠬᠤ ᠪᠠᠶᠢᠳᠠᠯ ᠳᠤ ᠲᠣᠬᠢᠶᠠᠯᠳᠤᠪᠠᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ ᠵᠠᠶᠢᠯᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠰᠢᠯᠭᠠᠷᠠᠭᠤᠯᠤᠨ ᠲᠣᠭᠲᠠᠭᠠᠬᠤ ᠭᠡᠰᠢᠭᠦᠨ ᠪᠠ ᠰᠢᠯᠭᠠᠷᠠᠭᠤᠯᠤᠨ ᠲᠣᠭᠲᠠᠭᠠᠬᠤ | ᠠᠵᠢᠯᠯᠠᠭ᠎ᠠ ᠳᠤ ᠣᠷᠣᠯᠴᠠᠭᠰᠠᠨ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠳ ᠰᠢᠯᠭᠠᠷᠠᠭᠤᠯᠤᠨ | ᠲᠣᠭᠲᠠᠭᠠᠬᠤ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠬᠡᠷᠡᠭᠲᠡᠢ᠂ ᠰᠢᠯᠭᠠᠷᠠᠭᠤᠯᠤᠨ ᠲᠣᠭᠲᠠᠭᠠᠬᠤ | ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠨᠡᠷ᠎ᠡ ᠶᠢ ᠠᠰᠢᠭᠯᠠᠨ ᠠᠰᠢᠭ ᠲᠤᠰᠠ | ᠬᠥᠭᠡᠭᠡᠴᠡᠯᠳᠦᠬᠦ ᠪᠤᠶᠤ ᠪᠤᠰᠤᠳ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ | ᠲᠤᠰᠬᠠᠶ ᠮᠡᠷᠭᠡᠵᠢᠯᠲᠡᠨ ᠲᠠᠢ ᠰᠦᠯᠪᠡᠭᠡᠯᠳᠦᠵᠦ ᠪᠠᠲᠤᠯᠠᠬᠤ ᠵᠡᠷᠭᠡ ᠰᠢᠯᠭᠠᠷᠠᠭᠤᠯᠤᠨ ᠲᠣᠭᠲᠠᠭᠠᠬᠤ ᠠᠵᠢᠯ ᠤᠨ ᠡᠷᠬᠡ | ᠲᠡᠭᠰᠢ᠂ ᠲᠥᠪ ᠭᠤᠤᠯᠴᠢ ᠪᠠᠶᠢᠬᠤ ᠶᠢ ᠨᠦᠯᠦᠭᠡᠯᠡᠵᠦ ᠮᠡᠳᠡᠬᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠠᠵᠢᠯ ᠳᠤ ᠣᠷᠣᠯᠴᠠᠭᠰᠠᠨ ᠰᠢᠯᠭᠠᠷᠠᠭᠤᠯᠤᠨ ᠲᠣᠭᠲᠠᠭᠠᠬᠤ | ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠪᠠ ᠠᠵᠢᠯᠲᠠᠳ ᠰᠢᠯᠭᠠᠷᠠᠭᠤᠯᠤᠨ | ᠲᠣᠭᠲᠠᠭᠠᠬᠤ ᠳᠤ ᠣᠯᠵᠤ ᠮᠡᠳᠡᠭᠰᠡᠨ ᠮᠡᠷᠭᠡᠵᠢᠯ ᠤᠨ ᠠᠭᠤᠯᠭ᠎ᠠ ᠵᠢᠴᠢ ᠰᠢᠯᠭᠠᠷᠠᠭᠤᠯᠤᠨ ᠲᠣᠭᠲᠠᠭᠠᠭᠰᠠᠨ ᠪᠠᠶᠢᠳᠠᠯ ᠤᠨ | ᠨᠢᠭᠤᠴᠠ ᠶᠢ ᠬᠠᠮᠠᠭᠠᠯᠠᠬᠤ ᠬᠡᠷᠡᠭᠲᠡᠶ᠂ ᠶᠠᠮᠠᠷᠪᠠ ᠠᠷᠭ᠎ᠠ ᠬᠡᠯᠪᠡᠷᠢ ᠪᠠᠷ ᠰᠢᠯᠭᠠᠷᠠᠭᠤᠯᠤᠨ ᠲᠣᠭᠲᠠᠭᠠᠭᠰᠠᠨ ᠪᠠᠶᠢᠳᠠᠯ᠂ | ᠮᠡᠷᠭᠡᠵᠢᠯ ᠤᠨ ᠨᠢᠭᠤᠴᠠ ᠶᠢ ᠵᠠᠳᠠᠷᠠᠭᠤᠯᠬᠤ ᠪᠤᠶᠤ ᠮᠡᠷᠭᠡᠵᠢᠯ ᠤᠨ ᠦᠷ᠎ᠡ ᠪᠦᠲᠦᠭᠡᠯ ᠢ ᠬᠤᠯᠠᠭᠠᠶᠢᠯᠠᠵᠤ ᠪᠣᠯᠬᠤ ᠦᠭᠡᠶ | ᠃ | ᠬᠤᠷᠢᠨ ᠳᠥᠷᠪᠡᠳᠦᠭᠡᠷ ᠵᠦᠢᠯ ᠰᠢᠯᠭᠠᠷᠠᠭᠤᠯᠤᠨ ᠲᠣᠭᠲᠠᠭᠠᠬᠤ ᠺᠣᠮᠢᠰ ᠲᠤ ᠰᠢᠯᠭᠠᠷᠠᠭᠤᠯᠤᠨ ᠲᠣᠭᠲᠠᠭᠠᠬᠤ | ᠳᠤᠭᠤᠶᠢᠯᠠᠩ ᠪᠠᠶᠢᠭᠤᠯᠵᠤ ᠠᠩᠬ᠎ᠠ ᠠᠯᠬᠤᠮ ᠰᠢᠯᠭᠠᠷᠠᠭᠤᠯᠤᠨ ᠲᠣᠭᠲᠠᠭᠠᠵᠦ᠂ ᠰᠢᠯᠭᠠᠷᠠᠭᠤᠯᠤᠨ ᠲᠣᠭᠲᠠᠭᠠᠬᠤ | ᠳᠤᠭᠤᠶᠢᠯᠠᠩ ᠠᠴᠠ ᠠᠩᠬ᠎ᠠ ᠠᠯᠬᠤᠮ ᠤᠨ ᠰᠢᠯᠭᠠᠷᠠᠭᠤᠯᠤᠨ ᠲᠣᠭᠲᠠᠭᠠᠭᠰᠠᠨ ᠰᠠᠨᠠᠭᠤᠯᠭ᠎ᠠ ᠳᠤᠷᠠᠳᠬᠤ ᠶᠢ | ᠬᠠᠷᠢᠭᠤᠴᠠᠬᠤ ᠶᠢᠨ ᠬᠠᠮᠲᠤ ᠰᠢᠯᠭᠠᠷᠠᠭᠤᠯᠤᠨ ᠲᠣᠭᠲᠠᠭᠠᠬᠤ ᠺᠣᠮᠢᠰ ᠲᠤ ᠳᠡᠪᠰᠢᠭᠦᠯᠦᠨ ᠲᠤᠰᠢᠶᠠᠨ᠎ᠠ᠃ | ᠠᠩᠬ᠎ᠠ ᠠᠯᠬᠤᠮ ᠤᠨ ᠰᠢᠯᠭᠠᠷᠠᠭᠤᠯᠤᠨ ᠲᠣᠭᠲᠠᠭᠠᠬᠤ ᠠᠵᠢᠯ ᠳᠤ ᠣᠷᠣᠯᠴᠠᠬᠤ ᠲᠤᠰᠬᠠᠶ ᠮᠡᠷᠭᠡᠵᠢᠯᠲᠡᠨ ᠢ | ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠰᠣᠩᠭᠤᠵᠤ ᠭᠠᠷᠭᠠᠨ᠎ᠠ᠃ | ᠬᠤᠷᠢᠨ ᠲᠠᠪᠤᠳᠤᠭᠠᠷ ᠵᠦᠢᠯ ᠰᠢᠯᠭᠠᠷᠠᠭᠤᠯᠤᠨ ᠲᠣᠭᠲᠠᠭᠠᠬᠤ ᠺᠣᠮᠢᠰ ᠨᠢ ᠬᠠᠮᠢᠶ᠎ᠠ ᠪᠦᠬᠦᠢ ᠠᠷᠭ᠎ᠠ ᠶᠢ | ᠦᠨᠳᠦᠰᠦᠯᠡᠨ ᠠᠩᠬ᠎ᠠ ᠠᠯᠬᠤᠮ ᠤᠨ ᠰᠢᠯᠭᠠᠷᠠᠭᠤᠯᠤᠨ ᠲᠣᠭᠲᠠᠭᠠᠭᠰᠠᠨ ᠰᠠᠨᠠᠭᠤᠯᠭ᠎ᠠ ᠶᠢ ᠰᠢᠯᠭᠠᠷᠠᠭᠤᠯᠤᠨ | ᠲᠣᠭᠲᠠᠭᠠᠬᠤ ᠶᠢᠨ ᠬᠠᠮᠲᠤ᠂ ᠱᠠᠩᠨᠠᠨ ᠬᠥᠬᠢᠭᠦᠯᠬᠦ ᠺᠣᠮᠢᠰ ᠲᠤ ᠱᠠᠩᠨᠠᠯ ᠬᠦᠷᠲᠡᠭᠴᠢ ᠪᠠ ᠱᠠᠩᠨᠠᠨ ᠬᠥᠬᠢᠭᠦᠯᠬᠦ ᠵᠡᠷᠭᠡ | ᠳᠡᠰ ᠤᠨ ᠰᠠᠨᠠᠭᠤᠯᠭ᠎ᠠ ᠳᠤᠷᠠᠳᠤᠨ᠎ᠠ᠃ | ᠬᠢᠨᠠᠯᠲᠠ ᠲᠠᠯᠪᠢᠬᠤ ᠵᠥᠪᠯᠡᠯ ᠨᠢ ᠬᠠᠮᠢᠶ᠎ᠠ ᠪᠥᠬᠦᠶ ᠠᠷᠭ᠎ᠠ ᠶᠢ ᠦᠨᠳᠦᠰᠦᠯᠡᠨ ᠱᠠᠩᠨᠠᠯ ᠬᠦᠷᠲᠡᠭᠡᠬᠦ ᠪᠠᠷ ᠨᠡᠷ᠎ᠡ | ᠳᠤᠷᠠᠳᠬᠤ᠂ ᠰᠢᠯᠭᠠᠷᠠᠭᠤᠯᠤᠨ ᠲᠣᠭᠲᠠᠭᠠᠬᠤ ᠪᠠ ᠤᠨᠳᠤᠤ ᠪᠠᠶᠢᠭ᠎ᠠ ᠰᠠᠨᠠᠯ ᠢ ᠰᠢᠢᠳᠪᠦᠷᠢᠯᠡᠬᠦ ᠠᠵᠢᠯ ᠤᠨ ᠪᠥᠬᠦ | ᠶᠠᠪᠤᠴᠠ ᠳᠤ ᠬᠢᠨᠠᠯᠲᠠ ᠲᠠᠯᠪᠢᠬᠤ ᠶᠢᠨ ᠬᠠᠮᠲᠤ᠂ ᠱᠠᠩᠨᠠᠨ ᠬᠦᠬᠢᠭᠦᠯᠬᠦ ᠺᠣᠮᠢᠰ ᠲᠤ ᠬᠢᠨᠠᠯᠲᠠ ᠲᠠᠯᠪᠢᠭᠰᠠᠨ | ᠪᠠᠶᠢᠳᠠᠯ ᠢᠶᠠᠨ ᠮᠡᠳᠡᠭᠦᠯᠦᠨ᠎ᠡ᠃ | ᠱᠠᠩᠨᠠᠨ ᠬᠦᠬᠢᠭᠦᠯᠬᠦ ᠺᠣᠮᠢᠰ ᠨᠢ ᠰᠢᠯᠭᠠᠷᠠᠭᠤᠯᠤᠨ ᠲᠣᠭᠲᠠᠭᠠᠬᠤ ᠺᠣᠮᠢᠰ ᠤᠨ ᠰᠠᠨᠠᠭᠤᠯᠭ᠎ᠠ ᠪᠠ ᠬᠢᠨᠠᠯᠲᠠ | ᠲᠠᠯᠪᠢᠬᠤ ᠺᠣᠮᠢᠰ ᠤᠨ ᠮᠡᠳᠡᠭᠦᠯᠦᠯᠲᠡ ᠶᠢ ᠦᠨᠳᠦᠰᠦᠯᠡᠨ᠂ ᠱᠠᠩᠨᠠᠯ ᠬᠦᠷᠲᠡᠭᠰᠡᠳ ᠪᠠ ᠱᠠᠩᠨᠠᠯ ᠤᠨ ᠵᠡᠷᠭᠡ ᠳᠡᠰ ᠤᠨ | ᠲᠠᠯ᠎ᠠ ᠪᠠᠷ ᠬᠢ ᠰᠢᠢᠳᠪᠦᠷᠢ ᠭᠠᠷᠭᠠᠨ᠎ᠠ᠃ | ᠬᠤᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠱᠠᠩᠨᠠᠯ ᠭᠥᠷᠳᠡᠭᠰᠡᠳ ᠪᠠ | ᠱᠠᠩᠨᠠᠯ ᠤᠨ ᠵᠡᠷᠭᠡ ᠳᠡᠰ ᠤᠨ ᠰᠢᠢᠳᠪᠦᠷᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠫᠤᠷᠲ᠋ᠤᠯ ᠰᠦᠯᠵᠢᠶ᠎ᠡ ᠪᠠ ᠲᠣᠰ ᠰᠠᠯᠠᠭ᠎ᠠ ᠮᠥᠴᠢᠷ ᠤᠨ ᠰᠦᠯᠵᠢᠶ᠎ᠡ ᠪᠠᠷ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠂ | ᠢᠯᠡ ᠨᠡᠶᠢᠲᠡᠯᠡᠬᠦ ᠬᠤᠭᠤᠴᠠᠭ᠎ᠠ ᠨᠢ ᠠᠷᠪᠠᠨ ᠲᠠᠪᠤᠨ ᠠᠵᠢᠯᠯᠠᠬᠤ ᠡᠳᠦᠷ ᠪᠣᠯᠤᠨ᠎ᠠ᠃ | ᠬᠤᠷᠢᠨ ᠳᠣᠯᠣᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠨᠢ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠡᠬᠦ ᠪᠠᠷ ᠨᠡᠷ᠎ᠡ ᠲᠤᠷᠠᠳᠤᠭᠰᠠᠳ᠂ | ᠰᠢᠯᠭᠠᠷᠠᠭᠤᠯᠤᠨ ᠲᠣᠭᠲᠠᠭᠠᠭᠰᠠᠨ ᠳᠤ ᠤᠨᠳᠤᠤ ᠰᠠᠨᠠᠯ ᠲᠠᠢ ᠪᠠᠶᠢᠪᠠᠯ᠂ ᠨᠡᠶᠢᠲᠡ ᠳᠤ ᠵᠠᠷᠯᠠᠵᠤ ᠪᠠᠶᠢᠬᠤ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠠᠨᠠᠯ ᠢᠶᠠᠨ ᠳᠤᠷᠠᠳᠴᠤ ᠪᠣᠯᠤᠨ᠎ᠠ᠃ ᠣᠨᠳᠣᠣ | ᠪᠠᠶᠢᠭ᠎ᠠ ᠰᠠᠨᠠᠯ ᠢ ᠨᠢ ᠰᠢᠢᠳᠪᠦᠷᠢᠯᠡᠬᠦ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠱᠠᠩᠨᠠᠨ ᠬᠦᠬᠢᠭᠦᠯᠬᠦ | ᠺᠣᠮᠢᠰ ᠤᠨ ᠭᠠᠷᠭᠠᠭᠰᠠᠨ ᠡᠯ᠎ᠡ ᠵᠦᠢᠯ ᠤᠨ ᠱᠠᠩᠨᠠᠯ ᠬᠦᠷᠲᠡᠭᠴᠢ ᠪᠠ ᠱᠠᠩᠨᠠᠯ ᠤᠨ ᠵᠡᠷᠭᠡ ᠲᠠᠰ ᠤᠨ ᠰᠢᠢᠳᠪᠦᠷᠢ ᠶᠢ | ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠨ᠎ᠡ᠃ | ᠬᠤᠷᠢ ᠶᠢᠰᠦᠳᠦᠭᠡᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ | ᠱᠠᠩᠨᠠᠯ ᠳᠤ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠱᠠᠩᠨᠠᠯ ᠤᠨ ᠲᠡᠮᠳᠡᠭ᠂ | ᠱᠠᠩᠨᠠᠯ ᠤᠨ ᠦᠨᠡᠮᠯᠡᠯ ᠪᠠ ᠱᠠᠩᠨᠠᠯ ᠤᠨ ᠮᠥᠩᠭᠦ ᠣᠯᠭᠤᠨ᠎ᠠ᠃ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠱᠠᠩᠨᠠᠯ ᠳᠤ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠱᠠᠩᠨᠠᠯ ᠤᠨ ᠦᠨᠡᠮᠯᠡᠯ ᠪᠠ ᠱᠠᠩᠨᠠᠯ ᠤᠨ ᠮᠥᠩᠭᠦ ᠣᠯᠭᠤᠨ᠎ᠠ᠃ | ᠭᠤᠴᠢᠳᠤᠭᠠᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠᠭᠠᠢ ᠬᠤᠪᠢ ᠨᠡᠮᠡᠷᠢ ᠶᠢᠨ | ᠱᠠᠩᠨᠠᠯ ᠤᠨ ᠮᠥᠩᠭᠦ ᠶᠢ ᠬᠥᠮᠦᠨ ᠪᠦᠷᠢ ᠳᠤ 200 ᠲᠦᠮᠡᠨ ᠲᠥᠭᠦᠷᠢᠭ ᠱᠠᠩᠨᠠᠬᠤ ᠪᠣᠯᠣᠨ᠎ᠠ︔ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠱᠠᠩᠨᠠᠯ ᠤᠨ ᠮᠦᠩᠭᠦᠨ ᠤ ᠲᠤᠭ᠎ᠠ ᠶᠢ ᠲᠤᠰ ᠲᠤᠰ ᠣᠨᠴᠠ ᠲᠠᠰ ᠤᠨ | ᠱᠠᠩᠨᠠᠯ ᠳᠤ 100 ᠲᠦᠮᠡᠨ ᠲᠥᠭᠦᠷᠢᠭ᠂ ᠨᠢᠭᠡᠳᠦᠭᠡᠷ ᠳᠡᠰ ᠤᠨ ᠱᠠᠩᠨᠠᠯ ᠳᠤ 20 ᠲᠦᠮᠡᠨ ᠲᠥᠭᠦᠷᠢᠭ᠂ | ᠬᠤᠶᠠᠳᠤᠭᠠᠷ ᠳᠡᠰ ᠤᠨ ᠱᠠᠩᠨᠠᠯ ᠳᠤ 10 ᠲᠦᠮᠡᠨ ᠲᠥᠭᠦᠷᠢᠭ ᠱᠠᠩᠨᠠᠬᠤ ᠪᠣᠯᠤᠨ᠎ᠠ︔ ᠵᠠᠯᠠᠭᠤᠴᠤᠳ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠤᠨ ᠱᠠᠩᠨᠠᠯ ᠤᠨ ᠮᠥᠩᠭᠦ ᠶᠢ ᠬᠥᠮᠦᠨ ᠪᠦᠷᠢ ᠳᠤ | 30 ᠲᠦᠮᠡᠨ ᠲᠥᠭᠦᠷᠢᠭ ᠱᠠᠩᠨᠠᠬᠤ ᠪᠣᠯᠤᠨ᠎ᠠ︔ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠲᠤᠷᠠᠯᠴᠠᠭᠠᠨ ᠤ ᠱᠠᠩᠨᠠᠯ ᠤᠨ ᠮᠥᠩᠭᠦ ᠶᠢ ᠬᠥᠮᠦᠨ ᠪᠦᠷᠢ ᠳᠤ 10 ᠲᠦᠮᠡᠨ ᠲᠥᠭᠦᠷᠢᠭ ᠱᠠᠩᠨᠠᠬᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ | ᠭᠤᠴᠢᠨ ᠨᠢᠭᠡᠳᠦᠭᠡᠷ ᠵᠦᠢᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ | ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠱᠠᠩᠨᠠᠯ ᠤᠨ | ᠮᠦᠩᠭᠦᠨ ᠤ ᠲᠤᠭ᠎ᠠ ᠶᠢᠨ ᠲᠠᠪᠤᠨ ᠳᠠᠬᠢᠨ ᠢᠶᠠᠷ ᠱᠠᠩᠨᠠᠯ ᠤᠨ ᠮᠥᠩᠭᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ | ᠵᠠᠷᠤᠳᠠᠯ ᠤᠨ ᠳᠡᠮᠵᠢᠯᠭᠡ ᠦᠵᠡᠭᠦᠯᠦᠨ᠎ᠡ᠂ ᠡᠭᠦᠨ ᠳᠤ 60% ᠶᠢ ᠨᠢ ᠱᠠᠩᠨᠠᠯ ᠣᠯᠤᠭᠰᠠᠨ ᠲᠥᠷᠥᠯ ᠵᠦᠢᠯ ᠤᠨ | ᠭᠤᠤᠯ ᠭᠦᠢᠴᠡᠳᠭᠡᠭᠴᠢ ᠶᠢ ᠱᠠᠩᠨᠠᠬᠤ ᠳᠤ ᠬᠡᠷᠡᠭᠯᠡᠵᠦ᠂ 40% ᠶᠢ ᠨᠢ ᠲᠥᠷᠥᠯ ᠵᠦᠢᠯ ᠢ ᠭᠦᠢᠴᠡᠳᠭᠡᠭᠰᠡᠨ | ᠨᠢᠭᠡᠴᠢ ᠶᠢᠨ ᠪᠡᠶ᠎ᠡ ᠪᠠᠨ ᠳᠠᠭᠠᠭᠠᠵᠤ ᠰᠡᠳᠦᠪ ᠰᠣᠩᠭᠤᠭᠰᠠᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠳᠤ | ᠬᠡᠷᠡᠭᠯᠡᠨ᠎ᠡ᠃ | ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ ᠲᠣᠭᠲᠠᠭᠠᠬᠤ ᠳᠦᠷᠢᠮ᠂ ᠳᠡᠰ | ᠳᠠᠷᠠᠭᠠᠯᠠᠯ ᠪᠠ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠨᠡᠶᠢᠭᠡᠮ ᠨᠡᠶᠢᠲᠡ ᠳᠤ ᠨᠡᠶᠢᠲᠡᠯᠡᠵᠦ᠂ ᠨᠡᠶᠢᠭᠡᠮ ᠤᠨ ᠬᠢᠨ ᠤ | ᠬᠢᠨᠠᠯᠲᠠ ᠲᠠᠯᠪᠢᠬᠤ ᠶᠢ ᠬᠦᠯᠢᠶᠡᠨ᠎ᠡ᠃ | ᠭᠤᠴᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠤᠨ ᠠᠵᠢᠯ ᠳᠤ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠲᠡᠭᠡᠮᠵᠢ ᠶᠢᠨ ᠬᠢᠨᠠᠨ | ᠬᠠᠷᠭᠤᠭᠤᠯᠬᠤ ᠲᠦᠷᠢᠮ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠷ᠎ᠡ | ᠳᠤᠷᠠᠳᠬᠤ ᠲᠤᠰᠬᠠᠶ ᠮᠡᠷᠭᠡᠵᠢᠯᠲᠡᠨ᠂ ᠡᠷᠳᠡᠮᠲᠡᠨ᠂ ᠵᠣᠬᠢᠶᠠᠨ ᠪᠠᠶᠢᠭᠤᠯᠤᠯᠲᠠ ᠪᠠᠶᠢᠭᠤᠯᠤᠮᠵᠢ ᠪᠠ ᠰᠢᠯᠭᠠᠷᠠᠭᠤᠯᠤᠨ | ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ᠂ ᠵᠢᠱᠢᠭᠳᠡᠭᠰᠡᠳ ᠢ ᠰᠢᠨᠵᠢᠯᠡᠬᠦ | ᠤᠬᠠᠭᠠᠨ ᠤ ᠰᠣᠳᠣᠯᠣᠯ ᠳᠤ ᠦᠨᠡᠨᠴᠢ ᠢᠲᠡᠭᠡᠮᠵᠢ ᠪᠠᠨ ᠬᠦᠨᠳᠦ ᠨᠣᠴᠢᠲᠠᠶ ᠠᠯᠳᠠᠭᠰᠠᠨ ᠠᠵᠢᠯᠯᠠᠭ᠎ᠠ ᠶᠢᠨ ᠳ᠋ᠠᠶᠢᠲ᠋ᠠ | ᠬᠥᠮᠥᠷᠭᠡ ᠪᠠᠶᠢᠭᠤᠯᠬᠤ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ | ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ ᠲᠣᠭᠲᠠᠭᠠᠬᠤ ᠳᠤ ᠡᠷᠬᠡ ᠲᠡᠭᠰᠢ᠂ ᠲᠥᠪ ᠭᠤᠤᠯᠴᠢ ᠪᠠᠶᠢᠬᠤ ᠶᠢ | ᠨᠥᠯᠥᠭᠡᠯᠡᠵᠦ ᠮᠡᠳᠡᠬᠦ ᠶᠠᠮᠠᠷᠪᠠ ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ | ᠬᠤᠷᠢᠭᠯᠠᠨ᠎ᠠ᠃ | ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠬᠦᠷᠲᠡᠭᠰᠡᠳ ᠤᠨ ᠲᠣᠪᠤᠶᠢᠮ᠎ᠠ ᠬᠤᠪᠢ ᠨᠡᠮᠡᠷᠢ ᠪᠠ ᠰᠢᠨ᠎ᠡ ᠶᠢ ᠡᠭᠦᠳᠬᠦ ᠵᠣᠷᠢᠭ | ᠰᠠᠨᠠᠭ᠎ᠠ ᠶᠢ ᠨᠢ ᠤᠬᠠᠭᠤᠯᠬᠤ ᠳᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ ᠰᠠᠬᠢᠵᠤ᠂ | ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠣᠬᠢᠮᠵᠢᠲᠠᠢ᠂ ᠴᠢᠩᠭ᠎ᠠ ᠨᠢᠮᠪᠠᠶ ᠪᠠᠶᠢᠬᠤ ᠬᠡᠷᠡᠭᠲᠡᠶ᠃ | ᠭᠤᠴᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠬᠦᠴᠦᠨ ᠢ | ᠵᠣᠷᠢᠭᠵᠢᠭᠤᠯᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠨᠡᠶᠢᠭᠡᠮ ᠤᠨ ᠬᠦᠴᠦᠨ ᠤ ᠪᠠᠶᠢᠭᠤᠯᠬᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠤᠨ ᠬᠤᠯᠪᠣᠭᠳᠠᠯ ᠪᠥᠬᠦᠶ ᠠᠵᠢᠯᠯᠠᠭ᠎ᠠ ᠶᠢ ᠵᠢᠭᠠᠨ ᠵᠢᠯᠣᠭᠤᠳᠴᠤ ᠦᠢᠯᠡᠴᠢᠯᠡᠬᠦ ᠪᠠ ᠬᠢᠨᠠᠯᠲᠠ | ᠲᠠᠯᠪᠢᠵᠤ ᠬᠠᠮᠢᠶᠠᠷᠬᠤ ᠬᠡᠷᠡᠭᠲᠡᠶ᠃ | ᠨᠡᠶᠢᠭᠡᠮ ᠤᠨ ᠬᠦᠴᠦᠨ ᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ | ᠱᠠᠩᠨᠠᠬᠤ ᠠᠵᠢᠯᠯᠠᠭ᠎ᠠ ᠠᠴᠠ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠶ᠃ | ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠨᠢ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠰᠢᠢᠳᠭᠡᠨ ᠲᠣᠷᠭᠠᠬᠤ | ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | ᠭᠤᠴᠢᠨ ᠳᠣᠯᠣᠳᠤᠭᠠᠷ ᠵᠦᠢᠯ ᠵᠢᠱᠢᠭᠳᠡᠭᠰᠡᠳ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ ᠲᠣᠭᠲᠠᠭᠠᠬᠤ ᠶᠢᠨ | ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠨᠥᠯᠥᠭᠡᠯᠡᠵᠦ ᠮᠡᠳᠡᠬᠦ ᠦᠢᠯᠡ ᠠᠵᠢᠯᠯᠠᠭ᠎ᠠ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠨᠡᠪᠲᠡᠷᠡᠭᠦᠯᠦᠨ ᠰᠢᠭᠦᠮᠵᠢᠯᠡᠵᠦ᠂ ᠰᠢᠯᠭᠠᠷᠠᠭᠤᠯᠬᠤ ᠳᠤ ᠣᠷᠣᠯᠴᠠᠬᠤ ᠬᠢᠷᠢ | ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃ | ᠪᠤᠰᠤᠳ ᠬᠤᠪᠢ ᠬᠥᠮᠦᠨ ᠪᠤᠶᠤ ᠵᠣᠬᠢᠶᠠᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠨᠡᠷ᠎ᠡ ᠶᠢ ᠳᠤᠷᠠᠳᠬᠤ ᠪᠠ ᠰᠢᠯᠭᠠᠷᠠᠭᠤᠯᠤᠨ | ᠲᠣᠭᠲᠠᠭᠠᠬᠤ ᠶᠢᠨ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠨᠥᠯᠥᠭᠡᠯᠡᠵᠦ ᠮᠡᠳᠡᠬᠦ ᠦᠢᠯᠡ ᠠᠵᠢᠯᠯᠠᠭ᠎ᠠ ᠪᠠᠶᠢᠪᠠᠯ | ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠪᠲᠡᠷᠡᠭᠦᠯᠦᠨ ᠰᠢᠭᠦᠮᠵᠢᠯᠡᠨ᠎ᠡ︔ ᠬᠠᠮᠢᠶ᠎ᠠ ᠪᠦᠬᠦᠢ | ᠵᠢᠱᠢᠭᠳᠡᠭᠰᠡᠳ ᠨᠢ ᠬᠠᠷᠢᠭᠤᠴᠠᠯᠭ᠎ᠠ ᠲᠠᠢ ᠪᠣᠯ᠂ ᠰᠢᠯᠭᠠᠷᠠᠭᠤᠯᠬᠤ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠶ | ᠪᠣᠯᠭᠠᠨ᠎ᠠ᠃ | ᠭᠤᠴᠢᠨ ᠨᠠᠢᠮᠠᠳᠤᠭᠠᠷ ᠵᠦᠢᠯ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ | ᠲᠤᠰᠬᠠᠶ ᠮᠡᠷᠭᠡᠵᠢᠯᠲᠡᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ | ᠰᠢᠯᠭᠠᠷᠠᠭᠤᠯᠤᠨ ᠲᠣᠭᠲᠠᠭᠠᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠣᠯ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠰᠢᠯᠭᠠᠷᠠᠭᠤᠯᠤᠨ ᠲᠣᠭᠲᠠᠭᠠᠬᠤ ᠭᠡᠰᠢᠭᠦᠨ᠂ ᠰᠢᠯᠭᠠᠷᠠᠭᠤᠯᠤᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠬᠢᠷᠢ ᠬᠡᠮ ᠢ ᠨᠢ ᠬᠦᠴᠦᠨ ᠦᠭᠡᠶ ᠪᠣᠯᠭᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃ | ᠭᠤᠴᠢ ᠶᠢᠰᠦᠳᠦᠭᠡᠷ ᠵᠦᠢᠯ ᠱᠠᠩᠨᠠᠯ ᠬᠦᠷᠲᠡᠭᠰᠡᠳ ᠪᠤᠰᠤᠳ ᠤᠨ ᠢᠯᠡᠷᠡᠭᠦᠯᠦᠭᠰᠡᠨ᠂ ᠡᠭᠦᠳᠦᠨ ᠪᠦᠲᠦᠭᠡᠭᠰᠡᠨ | ᠪᠤᠶᠤ ᠪᠤᠰᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠯᠠᠭᠠᠶᠢᠯᠠᠭᠰᠠᠨ᠂ ᠡᠵᠡᠯᠡᠭᠰᠡᠨ | ᠪᠤᠶᠤ ᠪᠤᠰᠤᠳ ᠵᠦᠶ ᠶᠣᠰᠣᠨ ᠤ ᠪᠤᠰᠤ ᠠᠷᠭ᠎ᠠ ᠪᠠᠷᠢᠯ ᠢᠶᠠᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠱᠠᠩᠨᠠᠯ ᠢ ᠮᠡᠬᠡᠯᠡᠨ ᠠᠪᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ ᠱᠠᠩᠨᠠᠯ ᠢ ᠨᠢ ᠬᠦᠴᠦᠨ ᠦᠭᠡᠶ ᠪᠣᠯᠭᠠᠵᠤ᠂ ᠱᠠᠩᠨᠠᠯ ᠤᠨ ᠲᠡᠮᠳᠡᠭ᠂ ᠱᠠᠩᠨᠠᠯ ᠤᠨ ᠦᠨᠡᠮᠯᠡᠯ ᠪᠠ ᠱᠠᠩᠨᠠᠯ ᠤᠨ | ᠮᠥᠩᠭᠦ ᠶᠢ ᠨᠢ ᠨᠡᠬᠡᠮᠵᠢᠯᠡᠨ ᠬᠤᠷᠢᠶᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃ | ᠳᠥᠴᠢᠳᠦᠭᠡᠷ ᠵᠦᠢᠯ ᠨᠡᠷ᠎ᠡ ᠳᠤᠷᠠᠳᠤᠭᠰᠠᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠵᠣᠬᠢᠶᠠᠨ ᠪᠠᠶᠢᠭᠤᠯᠤᠯᠲᠠ | ᠪᠠᠶᠢᠭᠤᠯᠤᠮᠵᠢ ᠨᠢ ᠬᠤᠳᠠᠯ ᠬᠠᠭᠤᠷᠮᠠᠭ ᠲᠤᠭ᠎ᠠ ᠪᠠᠷᠢᠮᠲᠠ᠂ ᠮᠠᠲ᠋ᠧᠷᠢᠶᠠᠯ ᠬᠠᠩᠭᠠᠵᠤ᠂ ᠪᠤᠰᠤᠳ ᠢ ᠬᠠᠮᠵᠢᠵᠤ | ᠪᠠᠶᠢᠭᠠᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠮᠡᠬᠡᠯᠡᠨ | ᠠᠪᠤᠭᠰᠠᠨ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠪᠲᠡᠷᠡᠭᠦᠯᠦᠨ ᠰᠢᠭᠦᠮᠵᠢᠯᠡᠨ᠎ᠡ︔ ᠦᠢᠯᠡ | ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠡᠳᠡᠨ ᠤ ᠨᠡᠷ᠎ᠡ ᠳᠤᠷᠠᠳᠬᠤ ᠬᠢᠷᠢ ᠬᠡᠮ ᠢ ᠨᠢ ᠲᠦᠷ ᠵᠣᠭᠰᠣᠭᠠᠬᠤ ᠪᠤᠶᠤ | ᠬᠦᠴᠦᠨ ᠦᠭᠡᠢ ᠪᠣᠯᠭᠠᠬᠤ ᠶᠢᠨ ᠬᠠᠮᠲᠤ᠂ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ᠃ | ᠳᠥᠴᠢᠨ ᠨᠢᠭᠡᠳᠦᠭᠡᠷ ᠵᠦᠢᠯ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠰᠢᠨᠵᠢᠯᠡᠬᠦ ᠤᠬᠠᠭᠠᠨ ᠤ | ᠰᠣᠳᠤᠯᠤᠯ ᠤᠨ ᠦᠨᠡᠨᠴᠢ ᠢᠲᠡᠭᠡᠮᠵᠢ ᠶᠢᠨ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠲᠠᠢ | ᠬᠤᠪᠢ ᠬᠥᠮᠦᠨ᠂ ᠵᠣᠬᠢᠶᠠᠨ ᠪᠠᠶᠢᠭᠤᠯᠤᠯᠲᠠ ᠶᠢ ᠰᠢᠨᠵᠢᠯᠡᠬᠦ ᠤᠬᠠᠭᠠᠨ ᠤ ᠰᠣᠳᠤᠯᠤᠯ ᠤᠨ ᠦᠨᠡᠨᠴᠢ ᠢᠲᠡᠭᠡᠮᠵᠢ ᠶᠢᠨ | ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠳ᠋ᠠᠶᠢᠲ᠋ᠠ ᠬᠥᠮᠥᠷᠭᠡ ᠳᠤ ᠲᠡᠮᠳᠡᠭᠯᠡᠨ | ᠣᠷᠣᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠳᠤ ᠬᠠᠤᠯᠢ ᠶᠣᠰᠣᠭᠠᠷ ᠴᠤᠭᠯᠠᠭᠤᠯᠤᠨ ᠨᠡᠶᠢᠯᠡᠭᠦᠯᠵᠦ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠬᠤᠯᠪᠣᠭᠠᠯᠠᠨ ᠵᠠᠯᠬᠠᠭᠠᠵᠤ ᠴᠡᠭᠡᠷᠯᠡᠭᠦᠯᠦᠨ᠎ᠡ᠃ | ᠳᠥᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ ᠢ ᠰᠢᠯᠭᠠᠷᠠᠭᠤᠯᠤᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢᠨ ᠠᠵᠢᠯ ᠳᠤ ᠣᠷᠣᠯᠴᠠᠭᠰᠠᠨ | ᠠᠵᠢᠯᠲᠠᠳ ᠰᠢᠯᠭᠠᠷᠠᠭᠤᠯᠤᠨ ᠲᠣᠭᠲᠠᠭᠠᠬᠤ ᠠᠵᠢᠯᠯᠠᠭ᠎ᠠ ᠳᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ | ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ | ᠵᠦᠷᠢᠴᠡᠭᠰᠡᠨ ᠪᠣᠯ ᠬᠠᠤᠯᠢ ᠶᠣᠰᠣᠭᠠᠷ ᠰᠢᠢᠳᠭᠡᠯ ᠥᠭᠬᠦ ᠬᠡᠷᠡᠭᠲᠡᠢ︔ ᠶᠠᠯ᠎ᠠ ᠬᠢᠭᠰᠡᠨ ᠳᠤ ᠲᠣᠭᠠᠴᠠᠭᠳᠠᠭᠰᠠᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠭᠤᠷᠪᠠᠳᠤᠭᠠᠷ ᠵᠦᠢᠯ ᠲᠤᠰ ᠠᠷᠭ᠎ᠠ ᠶᠢ 2022 ᠣᠨ ᠤ 4 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2007 ᠣᠨ ᠤ 5 ᠳ᠋ᠤᠭᠠᠷ ᠰᠠᠷ᠎ᠠ ᠶᠢᠨ 28 ᠤ ᠡᠳᠦᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠠᠷᠭ᠎ᠠ︾ | ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 148 | ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠶ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 2 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ |