ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠢᠴᠢᠭ ᠮᠠᠲ᠋ᠧᠷᠢᠶᠠᠯ | ᠦᠪᠦᠷ ᠵᠠᠰᠠᠭ ᠲᠠᠷᠬᠠᠭᠠᠭᠰᠠᠨ︹2022︺1 ᠳ᠋ᠦ᠋ᠭᠡᠷ ᠲᠣᠭᠠᠲᠤ | 2022 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠨ ᠶᠠᠪᠤᠭᠤᠯᠪᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | 2022 ᠣᠨ ᠤ 1 ᠳ᠋ᠦ᠋ᠭᠡᠷ ᠰᠠᠷ᠎ᠠ ᠶᠢᠨ 29 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | 2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠣᠬᠤ ᠪᠣᠯᠣᠨ᠎ᠠ᠂ ᠡᠨᠡ ᠪᠣᠯ ᠨᠠᠮ ᠪᠠ | ᠤᠯᠤᠰ ᠤᠨ ᠤᠯᠤᠰ ᠲᠦᠷᠦ ᠶᠢᠨ ᠠᠮᠢᠳᠤᠷᠠᠯ ᠳᠠᠬᠢ ᠶᠡᠭᠡ ᠶᠠᠪᠤᠳᠠᠯ ᠪᠣᠯᠬᠤᠷ᠂ ᠲᠣᠭᠲᠠᠭᠤᠨ ᠮᠥᠷᠲᠡᠭᠡᠨ ᠡᠷᠡᠭᠦᠯ | ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ | ᠲᠣᠭᠤᠷᠢᠨ᠂ ᠣᠪᠣᠷ ᠰᠤᠷᠲᠠᠯ ᠲᠥᠪ ᠴᠢᠬᠡᠴᠢ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠨᠢ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ | ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠᠶᠢᠭᠤᠯᠬᠤ | ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠲᠠᠭᠤᠨ ᠤ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ | ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠲᠡᠭᠦᠯᠳᠡᠷ᠂ ᠵᠥᠪ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ | ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠥᠭᠵᠢᠯᠲᠡ | ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠴᠥᠬᠦᠷᠡᠰᠢ ᠦᠭᠡᠢ ᠪᠠᠲᠤ ᠪᠠᠬᠢᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ | ᠪᠠᠬᠢᠯᠡᠯᠲᠡ︾ ᠶᠢ ᠲᠦᠷᠭᠡᠳᠬᠡᠨ ᠪᠠᠶᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ | ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ | ᠰᠠᠶᠢᠵᠢᠷᠠᠭᠤᠯᠤᠨ᠂ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠵᠠᠢ ᠳᠤ ᠪᠠᠶᠢᠯᠭᠠᠵᠤ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ | ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠭᠤᠣᠯ ᠪᠣᠯᠬᠤ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% | ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 20 ᠲᠦᠮᠡ ᠭᠠᠷᠤᠢ ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ | ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠥᠯᠲᠡ ᠶᠢ 3% ᠣᠷᠴᠢᠮ | ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ | ᠦᠨᠳᠦᠰᠦᠨ ᠳᠤ ᠪᠠᠨ ᠠᠳᠠᠯᠢ ᠠᠯᠬᠤᠮ ᠲᠠᠢ ᠪᠠᠶᠢᠯᠭᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ | ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠡᠷᠬᠡᠪᠰᠢ ᠴᠢᠨᠠᠷ ᠰᠠᠶᠢᠲᠠᠶ ᠬᠥᠭᠵᠢᠯᠲᠡ ᠶᠢ | ᠪᠠᠷᠢᠮᠲᠠᠯᠠᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠠᠮᠢ | ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠨ᠎ᠠ᠃ ᠡᠷᠬᠡᠪᠰᠢ ᠲᠣᠭᠲᠠᠭᠤᠨ ᠤ | ᠳᠠᠭᠠᠤ ᠤᠷᠤᠭᠰᠢᠯᠠᠬᠤ ᠶᠢ ᠪᠠᠷᠢᠮᠲᠠᠯᠠᠵᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ | ᠲᠠᠶᠠᠭᠳᠠᠬᠤ᠂ ᠯᠠᠪᠳᠠᠭᠤᠨ ᠪᠠᠲᠤᠲᠠᠢ ᠬᠢᠬᠦ ᠶᠢ ᠪᠠᠷᠢᠮᠲᠠᠯᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ | ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠤᠨ᠎ᠠ᠃ ᠡᠷᠬᠡᠪᠰᠢ ᠨᠢᠭᠡᠳᠦᠯᠲᠡᠶ | ᠲᠥᠯᠥᠪᠯᠡᠵᠦ ᠵᠣᠬᠢᠴᠠᠭᠤᠯᠬᠤ ᠶᠢ ᠴᠢᠩᠭᠠᠳᠬᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠣᠨ ᠤ ᠲᠥᠯᠥᠪᠯᠡᠭᠡ ᠬᠡᠷᠡᠭᠵᠢᠭᠦᠯᠬᠦ ᠶᠢ ᠨᠢᠭᠡᠳᠦᠯᠲᠡᠶ | ᠲᠥᠯᠥᠪᠯᠡᠵᠦ᠂ ᠠᠵᠤ ᠠᠬᠤᠶ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠪᠠ ᠲᠤᠭ᠎ᠠ ᠬᠡᠮᠵᠢᠶᠡᠨ ᠤ | ᠵᠣᠬᠢᠰᠲᠠᠶ ᠪᠠᠷ ᠨᠡᠮᠡᠭᠳᠡᠬᠦ ᠶᠢ ᠠᠬᠢᠭᠤᠯᠤᠨ᠎ᠠ᠃ | ᠨᠢᠭᠡ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠬᠤ ᠶᠢ | ᠪᠠᠷᠢᠮᠲᠠᠯᠠᠨ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠵᠠᠢ ᠳᠤ | ᠪᠠᠶᠢᠯᠭᠠᠨ᠎ᠠ | ᠤᠯᠤᠰ ᠤᠨ ᠲᠥᠷᠥ ᠶᠢᠨ ᠪᠣᠳᠣᠯᠭ᠎ᠠ ᠪᠠᠷ ᠬᠦᠴᠦᠯᠡᠨ ᠡᠷᠴᠢᠯᠡᠵᠦ ᠲᠣᠬᠢᠷᠠᠮᠵᠢᠲᠠᠢ ᠤᠷᠤᠭᠰᠢ ᠠᠬᠢᠭᠤᠯᠬᠤ | ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠪᠠ ᠵᠣᠭᠤᠰᠣᠨ ᠤ ᠯᠠᠪᠳᠠᠭᠤᠨ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠴᠤ ᠪᠠᠶᠢᠭᠠᠳ ᠳᠠᠷᠤᠭᠠᠰᠤ ᠶᠢ ᠨᠢ ᠬᠥᠩᠭᠡᠷᠡᠭᠦᠯᠵᠦ | ᠬᠦᠴᠢᠷᠳᠡᠯ ᠢ ᠨᠢ ᠲᠠᠶᠢᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ | ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | ︵ᠨᠢᠭᠡ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠡᠳ᠋ ᠤᠨ | ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠶᠢ ᠣᠨᠣᠴᠠᠲᠠᠢ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠭᠠᠶᠢᠯᠢ ᠶᠢ | ᠬᠥᠩᠭᠡᠯᠡᠵᠦ ᠰᠦᠢᠳᠬᠡᠯ ᠢ ᠨᠢ ᠪᠠᠭᠤᠷᠠᠭᠤᠯᠬᠤ ᠨᠡᠶᠢᠯᠡᠯ ᠮᠠᠶ᠋ᠢᠭ ᠤᠨ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠭᠠᠶᠢᠯᠢ ᠰᠦᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠪᠠᠯᠠ ᠮᠥᠩᠭᠦ ᠶᠢ | ᠰᠢᠭᠤᠳ ᠪᠠᠭᠤᠯᠭᠠᠬᠤ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠳᠤ ᠰᠢᠯᠵᠢᠭᠦᠯᠦᠨ ᠲᠥᠯᠥᠬᠦ ᠢᠯᠠᠩᠭᠤᠶ᠎ᠠ ᠡᠩ ᠤᠨ ᠰᠢᠯᠵᠢᠭᠦᠯᠦᠨ ᠲᠥᠯᠥᠬᠦ | ᠬᠡᠪᠴᠢᠶ᠎ᠡ ᠶᠢ ᠨᠡᠮᠡᠭᠳᠡᠭᠦᠯᠦᠨ᠂ ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ | ᠵᠣᠭᠤᠰᠣᠨ ᠤ ᠲᠠᠯ᠎ᠠ ᠶᠢᠨ ᠠᠮᠢᠳᠤᠯᠢᠭ ᠪᠥᠭᠡᠳ ᠲᠣᠬᠢᠷᠠᠮᠵᠢᠲᠠᠢ᠂ ᠵᠦᠢ ᠵᠣᠬᠢᠰᠲᠠᠢ ᠪᠥᠭᠡᠳ ᠪᠦᠷᠢᠨ ᠭᠦᠢᠴᠡᠳ | ᠪᠠᠶᠢᠬᠤ ᠯᠠᠪᠳᠠᠭᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠲᠦᠭᠡᠮᠡᠯ ᠬᠠᠷᠠᠭᠠᠯᠵᠠᠯ ᠲᠠᠢ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠦᠲᠦᠯᠦᠨ ᠵᠢᠯᠣᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠢᠯᠠᠩᠭᠤᠶ᠎ᠠ ᠳᠤᠮᠳᠠ ᠵᠢᠵᠢᠭ ᠪᠢᠴᠢᠯ | ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ | ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ︽ᠲᠥᠷᠥᠯ ᠵᠦᠢᠯ ᠢ ᠨᠢ | ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠬᠦᠷᠭᠡᠬᠦ᠂ ᠬᠥᠳᠡᠭᠡ | ᠲᠣᠰᠬᠤᠨ ᠳᠤ ᠪᠠᠭᠤᠯᠭᠠᠬᠤ︾ ᠠᠵᠢᠯᠯᠠᠭᠠᠨ ᠢ ᠭᠦᠨᠵᠡᠭᠡᠶᠢᠷᠡᠭᠦᠯᠵᠦ᠂ ᠲᠦᠭᠡᠮᠡᠯ ᠬᠠᠷᠠᠭᠠᠯᠵᠠᠯ ᠲᠠᠢ ᠵᠢᠵᠢᠭ ᠪᠢᠴᠢᠯ | ᠵᠢᠭᠡᠯᠡᠯᠭᠡ ᠪᠠᠷ ᠳᠡᠮᠵᠢᠬᠦ ᠪᠠᠭᠠᠵᠢ ᠪᠠ ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨᠲᠠ | ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠤᠨ᠂ ᠵᠢᠵᠢᠭ ᠪᠢᠴᠢᠯ ᠠᠵᠤ ᠠᠬᠤᠶᠢᠯᠠᠯ ᠳᠤ | ᠬᠠᠨᠳᠤᠭᠤᠯᠤᠭᠰᠠᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠤᠬᠢᠷᠠᠭᠤᠯᠭ᠎ᠠ ᠳᠠᠭᠠᠭᠠᠯᠲᠠ ᠬᠢᠬᠦ ᠲᠤᠬᠠᠶᠢᠯᠠᠭᠰᠠᠨ | ᠠᠵᠢᠯ ᠤᠨ ᠬᠡᠪᠴᠢᠶ᠎ᠡ ᠶᠢ ᠥᠷᠭᠡᠳᠬᠡᠵᠦ᠂ ᠳᠠᠭᠠᠭᠠᠯᠲᠠ ᠬᠢᠬᠦ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ | ᠬᠥᠭᠵᠢᠭᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠪᠠᠷᠯᠠᠯ ᠤᠨ | ᠲᠥᠰᠦᠯ ᠢ ᠬᠡᠷᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠶ | ᠬᠠᠮᠢᠶᠠᠷᠬᠤ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠲᠠᠨ ᠳᠤ | ᠬᠠᠪᠰᠤᠷᠤᠨ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ | ᠴᠣᠩᠬᠤᠪᠴᠢ ᠶᠢᠨ ᠦᠢᠯᠡᠴᠢᠯᠡᠬᠦ ᠬᠢᠷᠢ ᠲᠦᠪᠰᠢᠨ ᠪᠠ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠠᠵᠤ ᠠᠬᠤᠢᠯᠠᠯ ᠳᠤ ᠬᠤᠯᠪᠣᠭᠳᠠᠬᠤ ᠭᠡᠷᠡᠴᠢ ᠪᠠ ᠦᠨᠡᠮᠯᠡᠯ ᠢ ᠡᠯᠧᠺᠳ᠋ᠷᠣᠨᠴᠢᠯᠡᠬᠦ ᠪᠠᠨ | ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠮᠴᠢᠯᠡᠬᠦ | ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠᠨ ᠠᠬᠢᠭᠤᠯᠤᠨ᠂ ᠠᠵᠤ ᠠᠬᠤᠶᠢᠯᠠᠯ ᠳᠤ | ᠬᠤᠯᠪᠣᠭᠳᠠᠭᠰᠠᠨ ᠬᠤᠷᠢᠶᠠᠬᠤ ᠰᠦᠢᠳᠬᠡᠯ ᠢ ᠴᠢᠩᠭ᠎ᠠ ᠬᠢᠵᠠᠭᠠᠷᠯᠠᠵᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠵᠤ | ᠪᠠᠶᠢᠭ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢᠶᠠᠨ | ᠲᠦᠯᠦᠵᠦ ᠳᠠᠭᠤᠰᠬᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠵᠤ᠂ ᠮᠠᠭᠤ | ᠰᠠᠨᠠᠭ᠎ᠠ ᠲᠠᠢ ᠪᠠᠷ ᠵᠣᠭᠤᠰ ᠥᠷᠢᠲᠦᠬᠦ ᠪᠠ ᠥᠷᠢ ᠠᠴᠠ ᠵᠠᠶᠢᠯᠠᠬᠤ ᠦᠢᠯᠡ ᠠᠵᠢᠯᠯᠠᠭ᠎ᠠ ᠶᠢ ᠪᠦᠲᠦᠮᠵᠢᠲᠡᠢ ᠵᠠᠰᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠢᠭᠲᠠ ᠮᠥᠷᠳᠡᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤ ᠨᠢ ᠮᠡᠳᠡᠵᠦ ᠢᠯᠡᠷᠡᠭᠦᠯᠬᠦ ᠪᠠ | ᠵᠣᠬᠢᠴᠠᠭᠤᠯᠵᠤ ᠰᠢᠢᠳᠪᠦᠷᠢᠯᠡᠨ᠎ᠡ᠃ | ︵ᠭᠤᠷᠪᠠ︶ ᠠᠵᠢᠯ ᠣᠯᠭᠤᠯᠲᠠ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠤᠳᠤᠷᠢᠳᠤᠮᠵᠢ ᠶᠢ ᠴᠢᠩᠭᠠᠷᠠᠭᠤᠯᠵᠤ᠂ ᠠᠵᠢᠯ ᠣᠯᠭᠤᠬᠤ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠳᠠᠲᠠᠶ | ᠨᠠᠶᠢᠳᠠᠪᠤᠷᠢᠵᠢᠭᠤᠯᠵᠤ ᠨᠠᠷᠢᠯᠢᠭᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ | ᠠᠯᠪᠠ ᠠᠴᠠ ᠬᠠᠯᠠᠭᠳᠠᠭᠰᠠᠳ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ᠂ ᠠᠵᠢᠯ ᠤᠯᠬᠤ ᠳᠤ | ᠬᠦᠴᠢᠷᠲᠡᠶ ᠬᠥᠮᠦᠰ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠤᠯᠳᠠᠯᠭ᠎ᠠ ᠪᠣᠯᠬᠤ ᠬᠥᠮᠦᠰ ᠲᠤ ᠠᠵᠢᠯ | ᠣᠯᠭᠤᠬᠤ ᠶᠢ ᠲᠥᠷᠥᠯ ᠬᠤᠪᠢᠶᠠᠵᠤ ᠪᠠᠲᠤᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠵᠤ᠂ ︽ᠠᠳᠠᠯ ᠪᠣᠰᠬᠠᠬᠤ ᠥᠪᠥᠷ ᠮᠣᠩᠭᠤᠯ︾ ᠠᠵᠢᠯᠯᠠᠭᠠᠨ ᠢ ᠭᠦᠨᠵᠡᠭᠡᠶᠢᠷᠡᠭᠦᠯᠦᠨ᠂ ᠠᠮᠢᠳᠤᠯᠢᠭ ᠢᠶᠠᠷ | ᠠᠵᠢᠯ ᠣᠯᠭᠤᠬᠤ ᠶᠢ ᠵᠣᠷᠢᠭᠵᠢᠭᠤᠯᠤᠨ ᠳᠡᠮᠵᠢᠵᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠪᠠᠷᠢᠮᠵᠢᠶᠠᠵᠢᠯ ᠢ ᠠᠬᠢᠭᠤᠯᠤᠨ᠂ ᠠᠵᠢᠯ ᠣᠯᠭᠤᠯᠲᠠ ᠶᠢ ᠬᠢᠨᠠᠨ ᠰᠢᠨᠵᠢᠬᠦ ᠪᠠ ᠠᠵᠢᠯ ᠠᠯᠳᠠᠯᠲᠠ ᠶᠢ | ᠰᠡᠷᠡᠮᠵᠢᠯᠡᠭᠦᠯᠬᠦ ᠶᠢ ᠴᠢᠩᠭᠠᠳᠬᠠᠵᠤ᠂ ᠨᠠᠩ ᠴᠢᠨᠠᠷ ᠰᠠᠶᠢᠲᠠᠶ ᠨᠠᠩ ᠭᠦᠢᠴᠡᠳ ᠠᠵᠢᠯ ᠣᠯᠭᠤᠬᠤ ᠶᠢ ᠠᠬᠢᠭᠤᠯᠤᠨ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠂ | ᠣᠷᠣᠯᠭ᠎ᠠ ᠶᠢᠨ ᠬᠤᠪᠢᠶᠠᠷᠢᠯᠠᠯᠲᠠ ᠶᠢᠨ ᠭᠤᠤᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠤᠨ᠎ᠠ᠃ | ᠬᠤᠶᠠᠷ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠵᠤ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠬᠤ ᠲᠦᠪᠰᠢᠨ ᠢ ᠳᠡᠭᠡᠭᠰᠢᠯᠡᠭᠦᠯᠦᠨ᠎ᠡ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ︽ᠬᠤᠶᠠᠷ ᠰᠠᠭᠤᠷᠢᠨ ᠭᠠᠵᠠᠷ︾ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ | ᠠᠬᠢᠭᠤᠯᠵᠤ᠂ ᠨᠠᠩ ᠴᠢᠩᠭ᠎ᠠ ᠰᠢᠨ᠎ᠡ ᠶᠢ ᠡᠭᠦᠳᠬᠦ ᠬᠦᠴᠦᠨ ᠲᠠᠢ᠂ ᠨᠠᠩ ᠥᠨᠳᠥᠷ ᠨᠡᠮᠡᠯᠲᠡ ᠥᠷᠲᠡᠭ ᠲᠠᠢ᠂ ᠨᠠᠩ | ᠠᠮᠤᠷ ᠲᠦᠪᠰᠢᠨ ᠨᠠᠶᠢᠳᠠᠪᠤᠷᠢᠲᠠᠶ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠦᠨ᠎ᠡ᠃ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠲᠤᠯᠭᠠᠭᠤᠷᠢᠯᠠᠬᠤ | ᠦᠢᠯᠡᠳᠦᠯ ᠢ ᠨᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠬᠦ ᠬᠡᠯᠪᠡᠷᠢ ᠪᠦᠬᠦᠢ ᠥᠪᠥᠷ ᠮᠣᠩᠭᠤᠯ ᠢ ᠲᠦᠷᠭᠡᠳᠬᠡᠨ | ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ | ᠬᠡᠷᠡᠭᠵᠢᠭᠦᠯᠬᠦ ᠶᠢ ᠠᠬᠢᠭᠤᠯᠤᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ | ᠴᠢᠩᠭᠠᠷᠠᠭᠤᠯᠤᠨ᠂ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠦᠷ᠎ᠡ ᠶᠢᠨ ᠦᠢᠯᠡᠰ ᠵᠡᠷᠭᠡ | ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ | ᠬᠡᠷᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠰᠦ ᠶᠢᠨ ᠦᠢᠯᠡᠰ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠤᠯᠤᠰ ᠤᠨ ᠮᠡᠷᠭᠡᠵᠢᠯ ᠤᠨ ᠰᠢᠨ᠎ᠡ | ᠡᠭᠦᠳᠦᠯᠲᠡ ᠶᠢᠨ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ ᠬᠥᠬᠡᠬᠤᠲᠠ ᠪᠤᠭᠤᠲᠤ ᠣᠷᠳᠣᠰ ᠤᠨ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠲᠣᠭᠤᠷᠢᠭ᠂ ᠪᠠᠶᠠᠨᠨᠠᠭᠤᠷ ᠤᠨ | ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ | ᠵᠡᠷᠭᠡ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠣᠭᠤᠷᠢᠭ ᠢ ᠴᠢᠨᠠᠷ ᠰᠠᠶᠢᠲᠠᠶ ᠪᠥᠲᠥᠭᠡᠨ ᠪᠠᠶᠢᠭᠤᠯᠤᠨ᠎ᠠ᠃ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠤᠨ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭᠠᠨ ᠢ ᠲᠦᠷᠭᠡᠳᠬᠡᠨ ᠬᠡᠷᠡᠭᠵᠢᠭᠦᠯᠵᠦ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 200 ᠰᠢᠨ᠎ᠡ ᠪᠠᠷ ᠨᠡᠮᠡᠭᠳᠡᠭᠦᠯᠦᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 1000 ᠭᠠᠷᠤᠢ ᠪᠣᠯᠭᠠᠨ᠎ᠠ᠃ ︽ | ᠰᠢᠨ᠎ᠡ ᠶᠢ ᠡᠭᠦᠳᠴᠦ ᠦᠢᠯᠡᠰ ᠪᠣᠰᠬᠠᠬᠤ︾ ᠲᠠᠯ᠎ᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠴᠦ | ᠦᠢᠯᠡᠰ ᠪᠣᠰᠬᠠᠬᠤ ᠣᠷᠣᠨ ᠵᠠᠶ ᠵᠡᠷᠭᠡ ᠰᠢᠨ᠎ᠡ ᠶᠢ ᠡᠭᠦᠳᠴᠦ ᠦᠢᠯᠡᠰ ᠪᠣᠰᠬᠠᠬᠤ ᠠᠴᠢᠶᠠᠯᠠᠪᠤᠷᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠢᠳᠠᠪᠤᠷᠢᠲᠠᠨ ᠢ | ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠣᠷᠣᠭᠤᠯᠤᠨ ᠠᠪᠴᠢᠷᠠᠬᠤ ᠵᠡᠷᠭᠡ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ | ︵ᠬᠤᠶᠠᠷ︶ ᠪᠣᠬᠢᠷᠲᠤᠯ ᠦᠭᠡᠢ ᠳᠠᠪᠠᠭᠤᠯᠢᠭ ᠣᠨᠴᠠᠯᠢᠭ ᠲᠠᠢ ᠠᠵᠤ ᠦᠢᠯᠡᠰ ᠤᠨ ᠲᠣᠭᠲᠠᠯᠴᠠᠭ᠎ᠠ ᠶᠢ | ᠪᠠᠶᠢᠭᠤᠯᠤᠨ᠎ᠠ᠃ ᠲᠦᠷᠦᠭᠦᠦ ᠪᠦᠯᠦᠭ ᠤᠨ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠠᠵᠢᠯ ᠢ | ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ | ᠳᠠᠷᠤᠭ᠎ᠠ ᠶᠢᠨ ᠲᠦᠷᠢᠮ︾ ᠢ ᠨᠠᠶᠢᠳᠠᠪᠤᠷᠢᠵᠢᠭᠤᠯᠤᠨ᠂ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ | ᠬᠢᠮᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ | ᠡᠮᠨᠡᠯᠭᠡ᠂ ᠲᠣᠭᠠᠵᠢᠯᠲᠤ ᠠᠵᠤ ᠠᠬᠤᠶ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ | ᠪᠦᠯᠦᠭᠵᠢᠯ ᠢ ᠶᠡᠭᠡ ᠪᠠᠷ ᠬᠥᠭᠵᠢᠭᠦᠯᠦᠨ᠎ᠡ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ | ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠲᠠᠶᠠᠭᠳᠠᠬᠤ ᠶᠢ ᠪᠠᠷᠢᠮᠲᠠᠯᠠᠨ᠂ ᠨᠡᠭᠦᠷᠡᠰᠦ ᠶᠢ | ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠪᠠᠨ ᠬᠦᠴᠦᠯᠡᠨ ᠠᠬᠢᠭᠤᠯᠵᠤ᠂ ᠰᠢᠨ᠎ᠡ ᠡᠨᠧᠷᠭᠢ ᠪᠠ | ᠨᠡᠭᠦᠷᠡᠰᠦ ᠶᠢ ᠰᠢᠯᠢᠳᠡᠭᠵᠢᠭᠦᠯᠦᠨ ᠨᠢᠭᠡᠳᠬᠡᠬᠦ ᠶᠢ ᠨᠢ ᠠᠬᠢᠭᠤᠯᠤᠨ᠂ ︽ᠬᠤᠶᠠᠷ ᠢ ᠤᠷᠢᠳ ᠢᠶᠠᠷ ᠬᠢᠬᠦ︾ ︽ | ᠬᠤᠶᠠᠷ ᠢ ᠳᠠᠪᠠᠭᠤᠯᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠡᠨᠧᠷᠭᠢ ᠶᠢ ᠰᠢᠩᠭᠡᠭᠡᠨ ᠠᠪᠬᠤ ᠴᠢᠳᠠᠪᠤᠷᠢ ᠪᠠᠨ | ᠴᠢᠩᠭᠠᠷᠠᠭᠤᠯᠵᠤ᠂ ᠰᠢᠨ᠎ᠡ ᠡᠨᠧᠷᠭᠢ ᠶᠢᠨ ᠲᠤᠤᠷ ᠲᠤ ᠨᠡᠶᠢᠯᠡᠭᠦᠯᠬᠦ ᠬᠡᠪᠴᠢᠶ᠎ᠡ ᠶᠢ ᠨᠢ 2000 ᠲᠦᠮᠡᠨ | ᠺᠢᠯᠤᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠳᠠᠬᠢᠨ ᠡᠭᠦᠰᠴᠦ ᠪᠣᠯᠬᠤ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠬᠤᠪᠢ ᠶᠢᠨ ᠵᠢᠩ ᠢ 40% ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠣᠬᠢᠷᠲᠤᠯ ᠥᠬᠡᠶ ᠴᠢᠨᠠᠷ | ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠢᠶᠠᠷ | ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠥᠬᠡᠶ ᠪᠠᠷ ᠲᠠᠷᠢᠶᠠᠯᠠᠩ ᠢ ᠬᠥᠭᠵᠢᠭᠦᠯᠬᠦ᠂ ᠨᠠᠷᠠᠲᠤ ᠲᠡᠮᠳᠡᠭ ᠢᠶᠠᠷ | ᠲᠠᠷᠢᠶᠠᠯᠠᠩ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠨ᠂ ︽ᠭᠤᠷᠪᠠᠨ ᠵᠦᠢᠯ ᠤᠨ ᠪᠦᠲᠦᠭᠡᠭᠳᠡᠬᠦᠨ ᠬᠢᠭᠡᠳ ᠨᠢᠭᠡ | ᠲᠡᠮᠳᠡᠭ︾ ᠢᠶᠠᠨ ᠳᠡᠭᠡᠭᠰᠢᠯᠡᠭᠦᠯᠬᠦ ᠠᠵᠢᠯᠯᠠᠭᠠᠨ ᠢ ᠭᠦᠨᠵᠡᠭᠡᠶ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ | ᠥᠷᠭᠡᠳᠬᠡᠨ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠬᠠᠩᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠵᠢᠯᠲᠤ ᠠᠵᠤ ᠠᠬᠤᠶ ᠶᠢ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠠᠵᠢᠯ ᠤᠨ | ᠱᠤᠭᠤᠮ ᠤᠨ ᠵᠢᠷᠤᠭ ᠢ ᠠᠵᠢᠯ ᠲᠥᠷᠥᠯ ᠢᠶᠠᠷ ᠨᠢ ᠬᠤᠪᠢᠶᠠᠵᠤ ᠲᠣᠭᠲᠠᠭᠠᠨ᠂ ᠪᠣᠬᠢᠷᠲᠤᠯ ᠥᠬᠡᠶ ᠣᠷᠴᠢᠨ | ᠲᠣᠭᠤᠷᠢᠨ ᠤ ᠬᠠᠮᠠᠭᠠᠯᠠᠯᠲᠠ᠂ ᠠᠮᠢᠳᠤ ᠪᠣᠳᠠᠰ ᠤᠨ ᠡᠮ ᠡᠮᠨᠡᠯᠭᠡ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ | ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ᠂ ᠴᠡᠷᠢᠭ ᠠᠷᠠᠳ ᠤᠨ ᠬᠡᠷᠡᠭᠴᠡᠭᠡᠨ ᠤ ᠠᠭᠤᠰᠤᠯᠴᠠᠭᠰᠠᠨ ᠠᠵᠤ | ᠦᠢᠯᠡᠰ ᠢ ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠳᠤᠲᠠᠭᠤᠳᠠᠯ ᠢᠶᠠᠨ ᠨᠥᠬᠦᠪᠥᠷᠢᠯᠡᠬᠦ ᠶᠢ ᠲᠦᠷᠭᠡᠳᠬᠡᠨ | ᠠᠬᠢᠭᠤᠯᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠨ ᠲᠡᠷᠢᠭᠦᠨ ᠤ ᠦᠢᠯᠡᠳᠬᠦ ᠦᠢᠯᠡᠰ᠂ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠶ ᠯᠤᠭ᠎ᠠ ᠭᠦᠨ ᠠᠭᠤᠰᠤᠯᠴᠠᠭᠤᠯᠬᠤ ᠶᠢ ᠠᠬᠢᠭᠤᠯᠤᠨ᠂ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢᠶᠠᠨ ᠲᠤᠰᠬᠠᠶᠢᠵᠢᠭᠰᠠᠨ ᠪᠠ ᠥᠷᠲᠡᠭ ᠤᠨ ᠬᠡᠯᠬᠢᠶ᠎ᠡ ᠶᠢᠨ | ᠳᠡᠭᠡᠳᠦ ᠲᠠᠰ ᠲᠡᠶᠢᠰᠢ ᠤᠷᠲᠤᠳᠬᠠᠬᠤ ᠶᠢ ᠠᠬᠢᠭᠤᠯᠵᠤ᠂ ᠠᠮᠢᠳᠤᠷᠠᠯ ᠤᠨ ᠬᠡᠷᠡᠭᠴᠡᠭᠡᠨ ᠤ ᠴᠢᠨᠠᠷᠲᠠᠶ | ᠦᠢᠯᠡᠴᠢᠯᠡᠭᠡᠨ ᠤ ᠦᠢᠯᠡᠰ ᠢᠶᠠᠨ ᠴᠢᠨᠠᠷ ᠰᠠᠶᠢᠲᠠᠶ ᠪᠠ ᠣᠯᠠᠨ ᠶᠠᠩᠵᠤᠴᠢᠯᠬᠠᠰᠠᠨ ᠲᠡᠶᠢᠰᠢ ᠲᠠᠰ ᠳᠡᠪᠰᠢᠭᠦᠯᠬᠦ ᠶᠢ | ᠠᠬᠢᠭᠤᠯᠤᠨ᠂ ᠡᠨᠧᠷᠭᠢ ᠠᠷᠪᠢᠯᠠᠬᠤ ᠦᠢᠯᠡᠴᠢᠯᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠵᠡᠷᠭᠡ ᠦᠢᠯᠡᠳᠬᠦ | ᠦᠢᠯᠡᠰ ᠤᠨ ᠦᠢᠯᠡᠴᠢᠯᠡᠭᠡᠨ ᠢ ᠪᠣᠶ ᠪᠣᠯᠭᠠᠨ ᠬᠥᠭᠵᠢᠭᠦᠯᠵᠦ᠂ ᠭᠤᠤᠯᠳᠠᠯᠭ᠎ᠠ ᠪᠣᠯᠬᠤ ᠦᠵᠡᠮᠵᠢ ᠶᠢᠨ ᠣᠷᠣᠨ ᠤ | ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠠᠵᠢᠯᠯᠠᠭᠠᠨ ᠪᠠ ᠰᠣᠶᠣᠯ ᠵᠢᠭᠤᠯᠴᠢᠯᠠᠯ ᠤᠨ ᠲᠣᠭᠠᠵᠢᠭᠤᠯᠤᠭᠰᠠᠨ | ᠢᠨᠵᠧᠨᠧᠷᠢᠩ ᠢ ᠬᠡᠷᠡᠭᠵᠢᠭᠦᠯᠦᠨ᠂ ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠵᠢᠭᠤᠯᠴᠢᠯᠠᠯ᠂ ᠰᠣᠶᠣᠯ ᠵᠡᠷᠭᠡ ᠬᠦᠷᠢᠶ᠎ᠡ ᠪᠠᠷ ᠭᠤᠤᠯᠳᠠᠯᠭ᠎ᠠ ᠪᠣᠯᠭᠠᠵᠤ᠂ ᠨᠢᠭᠡ ᠪᠦᠯᠦᠭ | ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠲᠣᠭᠤᠷᠢᠭ ᠢ ᠪᠠᠶᠢᠭᠤᠯᠤᠨ᠂ ᠴᠢᠨᠠᠷ ᠰᠠᠶᠢᠲᠠᠶ ᠦᠢᠯᠡᠴᠢᠯᠡᠭᠡ | ᠬᠠᠩᠭᠠᠬᠤ ᠶᠢ ᠴᠢᠩᠭᠠᠷᠠᠭᠤᠯᠤᠨ᠎ᠠ᠃ | ᠲᠤᠰᠬᠠᠶ ᠪᠤᠯᠤᠩ 1᠄ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠠᠵᠢᠯ ᠢ ᠲᠦᠷᠭᠡᠳᠬᠡᠨ | ᠠᠬᠢᠭᠤᠯᠤᠨ᠎ᠠ | ︵ᠨᠢᠭᠡ︶ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠃ | ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠲᠥᠯᠥᠪᠵᠢᠭᠦᠯᠦᠨ ᠪᠠᠶᠢᠷᠢᠰᠢᠭᠤᠯᠤᠭᠰᠠᠨ ᠣᠳᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠪᠣᠳᠠᠲᠠᠶᠢᠵᠢᠭᠤᠯᠬᠤ ᠪᠠᠷ ᠢᠳᠡᠪᠬᠢᠲᠡᠶ | ᠴᠢᠷᠮᠠᠶᠢᠵᠤ᠂ ᠳᠡᠭᠡᠳᠦ ᠲᠠᠰ ᠤᠨ ᠰᠠᠭᠤᠷᠢ ᠪᠣᠯᠬᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠶᠡᠭᠡ ᠪᠠᠷ | ᠬᠥᠭᠵᠢᠭᠦᠯᠦᠨ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠨᠢ ᠴᠢᠩᠭᠠᠷᠠᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠵᠦ ᠤᠯᠠᠷᠢᠭᠤᠯᠬᠤ ᠶᠢ ᠠᠬᠢᠭᠤᠯᠤᠨ᠂ ᠪᠣᠬᠢᠷᠲᠤᠯ | ᠦᠭᠡᠶ ᠪᠠᠶᠢᠯᠭᠠᠬᠤ ᠪᠠ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | | ︵ᠬᠤᠶᠠᠷ︶ ᠰᠠᠯᠬᠢᠨ ᠤ ᠬᠦᠴᠦ ᠪᠠᠷ ᠴᠠᠬᠢᠯᠭᠠᠨ ᠡᠭᠦᠰᠬᠡᠬᠦ ᠲᠣᠨᠤᠭ ᠲᠥᠬᠦᠭᠡᠷᠦᠮᠵᠢ ᠶᠢᠨ ᠠᠵᠤ | ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ | ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠬᠡᠯᠬᠢᠶ᠎ᠡ ᠶᠢᠨ ᠭᠤᠣᠯᠯᠠᠬᠤ | ᠠᠵᠤ ᠠᠬᠤᠶᠢᠯᠠᠯ ᠢ ᠢᠳᠡᠪᠬᠢᠲᠡᠶ ᠪᠣᠢ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠢ | ᠨᠥᠬᠦᠪᠥᠷᠢᠯᠡᠬᠦ ᠠᠵᠢᠯᠯᠠᠭᠠᠨ ᠢ ᠬᠦᠴᠦᠲᠡᠢ ᠬᠡᠷᠡᠭᠵᠢᠭᠦᠯᠵᠦ᠂ ᠠᠵᠤ ᠦᠢᠯᠡᠰ ᠢ ᠲᠡᠳᠬᠦᠬᠦ ᠲᠥᠷᠥ ᠶᠢᠨ | ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃ | ︵ᠭᠤᠷᠪᠠ︶ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ᠃ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ | ᠠᠬᠢᠭᠤᠯᠵᠤ᠂ ᠣᠳᠣ ᠪᠠᠶᠢᠭ᠎ᠠ ᠲᠦᠭᠦᠬᠡᠢ ᠮᠠᠲ᠋ᠧᠷᠢᠶᠠᠯ ᠤᠨ ᠠᠵᠤ ᠠᠬᠤᠶᠢᠯᠠᠯ ᠢ ᠳᠠᠮᠵᠢᠵᠤ ᠪᠠᠶᠢᠭᠠᠳ ᠳᠤᠮᠳᠠ | ᠬᠡᠯᠬᠢᠶᠡᠨ ᠳᠠᠬᠢ ᠭᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠲᠡᠶᠢᠰᠢ ᠤᠷᠲᠤᠳᠬᠠᠨ᠂ | ᠣᠷᠣᠨ ᠤ ᠭᠠᠳᠠᠨᠠᠬᠢ ᠬᠥᠲᠥᠴᠢ ᠠᠵᠤ ᠠᠬᠤᠶᠢᠯᠠᠯ ᠯᠤᠭ᠎ᠠ ᠢᠳᠡᠪᠬᠢᠲᠡᠢ ᠵᠣᠯᠭᠠᠭᠤᠯᠵᠤ᠂ ᠠᠵᠤ ᠦᠢᠯᠡᠰ ᠢ ᠲᠡᠳᠬᠦᠬᠦ | ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃ | ︵ᠳᠥᠷᠪᠡ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ᠃ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ | ᠡᠭᠦᠳᠦᠯᠲᠡ ᠶᠢ ᠳᠡᠮᠵᠢᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠲᠥᠴᠢ ᠠᠵᠤ | ᠠᠬᠤᠶᠢᠯᠠᠯ ᠢ ᠪᠣᠶ ᠪᠣᠯᠭᠠᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠦᠬᠦᠷᠵᠢᠬᠦ ᠠᠵᠤ | ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠡᠨᠧᠷᠭᠢ ᠶᠢᠨ ᠮᠠᠰᠢᠨ | ᠲᠡᠷᠭᠡ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ | ︵ᠲᠠᠪᠤ︶ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ | ᠲᠥᠪᠯᠡᠷᠡᠵᠦ ᠪᠥᠭᠡᠮᠨᠡᠷᠡᠭᠰᠡᠨ ᠪᠠ ᠵᠦᠷᠢᠶᠡᠵᠢᠭᠰᠡᠨ ᠬᠥᠭᠵᠢᠯᠲᠡ ᠶᠢ ᠠᠬᠢᠭᠤᠯᠤᠨ᠂ ᠬᠡᠯᠬᠢᠶ᠎ᠡ ᠶᠢᠨ ᠭᠤᠣᠯᠯᠠᠬᠤ ᠠᠵᠤ | ᠠᠬᠤᠶᠢᠯᠠᠯ᠂ ᠲᠣᠯᠣᠭᠠᠶᠢᠯᠠᠬᠤ ᠠᠵᠤ ᠠᠬᠤᠶᠢᠯᠠᠯ ᠢ ᠪᠣᠶ ᠪᠣᠯᠭᠠᠨ ᠪᠦᠷᠢᠯᠳᠦᠭᠦᠯᠵᠦ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠵᠤ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠥᠷᠢᠯᠡᠬᠦ ᠶᠢ ᠴᠢᠩᠭᠠᠳᠬᠠᠨ᠂ ᠴᠢᠬᠤᠯᠠ ᠶᠡᠭᠡ ᠰᠢᠨ᠎ᠡ | ᠡᠭᠦᠳᠦᠯᠲᠡ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠪᠣᠲᠠᠲᠠᠶᠢᠵᠢᠭᠤᠯᠵᠤ ᠤᠯᠠᠷᠢᠭᠤᠯᠬᠤ ᠪᠠᠨ ᠠᠬᠢᠭᠤᠯᠤᠨ᠎ᠠ᠃ | ︵ᠵᠢᠷᠭᠤᠭ᠎ᠠ︶ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠪᠣᠷ ᠰᠢᠷᠣᠶ ᠶᠢᠨ ᠠᠵᠤ ᠦᠢᠯᠡᠰ ᠤᠨ | ᠪᠦᠯᠦᠭᠵᠢᠯ ᠢ ᠤᠯᠠᠮ ᠨᠢᠭᠡ ᠠᠯᠬᠤᠮ ᠬᠥᠭᠵᠢᠭᠦᠯᠵᠦ᠂ ᠤᠯᠤᠰ ᠤᠨ ᠬᠤᠪᠣᠷ ᠰᠢᠷᠣᠶ ᠶᠢᠨ ᠴᠢᠳᠠᠮᠵᠢᠲᠤ | ᠮᠠᠲ᠋ᠧᠷᠢᠶᠠᠯ ᠤᠨ ᠰᠢᠨ᠎ᠡ ᠡᠭᠦᠳᠦᠯᠲᠡ ᠶᠢᠨ ᠲᠥᠪ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠢᠨ᠎ᠡ | ᠡᠭᠦᠳᠦᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ ᠰᠢᠷᠣᠶ ᠶᠢᠨ ᠬᠡᠷᠡᠭᠯᠡᠭᠡᠨ ᠤ | ᠠᠵᠤ ᠦᠢᠯᠡᠰ ᠢ ᠪᠣᠢ ᠪᠣᠯᠭᠠᠨ ᠪᠤᠵᠠᠭᠠᠶᠢᠷᠠᠭᠤᠯᠵᠤ᠂ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ | ᠪᠦᠷᠢᠨᠰᠢᠭᠦᠯᠦᠨ᠎ᠡ᠃ | ︵ᠳᠣᠯᠤᠭ᠎ᠠ︶ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠮᠡᠷᠭᠡᠵᠢᠯ ᠣᠷᠣᠭᠤᠯᠵᠤ ᠢᠷᠡᠬᠦ ᠪᠠ ᠡᠭᠦᠳᠦᠨ | ᠪᠦᠲᠦᠭᠡᠵᠦ ᠰᠤᠳᠤᠯᠤᠨ ᠨᠡᠭᠡᠭᠡᠬᠦ ᠶᠢ ᠳᠡᠮᠵᠢᠨ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠬᠦᠴᠦᠲᠡᠢ | ᠠᠬᠢᠭᠤᠯᠵᠤ᠂ ᠣᠳᠣ ᠪᠠᠶᠢᠭ᠎ᠠ ᠴᠠᠬᠢᠯᠭᠠᠨ ᠢᠶᠠᠷ ᠵᠠᠳᠠᠯᠤᠭᠰᠠᠨ ᠬᠥᠩᠭᠡᠨ ᠴᠠᠭᠠᠨ ᠤ ᠬᠡᠯᠬᠢᠶ᠎ᠡ ᠶᠢᠨ ᠭᠤᠣᠯᠯᠠᠬᠤ ᠠᠵᠤ | ᠠᠬᠤᠶᠢᠯᠠᠯ ᠢᠶᠠᠨ ᠬᠥᠩᠭᠡᠨ ᠴᠠᠭᠠᠨ ᠤ ᠳᠠᠷᠠᠭᠠᠴᠢ ᠪᠠᠷ ᠬᠢ ᠡᠳ᠋ᠰᠢᠭᠦᠯᠬᠦ ᠠᠵᠤ ᠦᠢᠯᠡᠰ ᠲᠡᠶᠢᠰᠢ ᠤᠷᠲᠤᠳᠬᠠᠬᠤ ᠶᠢ | ᠳᠡᠮᠵᠢᠵᠦ᠂ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃ | ︵ᠨᠠᠢᠮᠠ︶ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ᠃ ᠰᠠᠭᠠᠯᠢ ᠶᠢᠨ ᠦᠨᠢᠶᠡᠨ ᠤ | ᠤᠳᠤᠮᠰᠢᠯ ᠤᠨ ᠡᠭᠦᠯᠳᠡᠷ ᠰᠠᠶᠢᠵᠢᠷᠠᠭᠤᠯᠬᠤ ᠲᠥᠯᠥᠪᠯᠡᠭᠡ ᠪᠠ ᠲᠡᠵᠢᠭᠡᠯ ᠡᠪᠡᠰᠦ ᠪᠣᠷᠳᠣᠭᠠᠨ ᠤ ᠪᠠᠲᠤᠯᠠᠬᠤ | ᠴᠢᠳᠠᠪᠤᠷᠢ ᠶᠢ ᠨᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠠᠭᠠᠯᠢ ᠶᠢᠨ ᠦᠨᠢᠶᠡᠨ ᠤ ᠰᠦᠷᠦᠭ ᠢᠶᠠᠨ | ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠪᠠᠨ | ᠤᠯᠠᠮ ᠨᠢᠭᠡ ᠠᠯᠬᠤᠮ ᠨᠢᠭᠲᠠᠷᠠᠭᠤᠯᠤᠨ᠎ᠠ᠃ | ︵ᠶᠢᠰᠦ︶ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ᠃ ᠦᠷ᠎ᠡ ᠡᠭᠦᠯᠳᠡᠷ ᠤᠨ ᠦᠢᠯᠡᠰ ᠢᠶᠠᠨ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ | ᠲᠣᠭᠲᠠᠯᠴᠠᠭ᠎ᠠ ᠶᠢ ᠪᠦᠷᠢᠨᠰᠢᠭᠦᠯᠵᠦ᠂ ᠣᠲᠣ ᠦᠶ᠎ᠡ ᠶᠢᠨ ᠡᠳ᠋ᠰᠢᠭᠦᠯᠦᠨ ᠪᠣᠯᠪᠠᠰᠤᠷᠠᠭᠤᠯᠬᠤ ᠲᠣᠭᠲᠠᠯᠴᠠᠭ᠎ᠠ ᠶᠢ | ᠪᠠᠶᠢᠭᠤᠯᠤᠨ᠂ ᠪᠣᠬᠢᠷᠲᠤᠯ ᠥᠬᠡᠶ ᠨᠠᠷᠠᠲᠤ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠡᠭᠦᠳᠦᠨ ᠪᠠᠶᠢᠭᠤᠯᠬᠤ ᠶᠢ ᠳᠡᠮᠵᠢᠨ᠂ ᠠᠯᠠᠰᠢᠨ ᠦᠬᠡᠷ ᠤᠨ ᠠᠵᠤ | ᠦᠢᠯᠡᠰ ᠤᠨ ᠪᠦᠯᠦᠭᠵᠢᠯ ᠢ ᠪᠣᠶ ᠪᠣᠯᠭᠠᠨ ᠪᠤᠵᠠᠭᠠᠶᠢᠷᠠᠭᠤᠯᠵᠤ᠂ ᠠᠵᠤ ᠦᠢᠯᠡᠰ ᠤᠨ ᠮᠡᠳᠡᠭᠡ ᠵᠠᠩᠭᠢᠴᠢᠯᠠᠬᠤ ᠬᠢᠷᠢ | ᠲᠦᠪᠰᠢᠨ ᠢᠶᠠᠨ ᠳᠡᠭᠡᠭᠰᠢᠯᠡᠭᠦᠯᠦᠨ᠎ᠡ᠃ | ︵ᠠᠷᠪᠠ︶ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ᠃ ᠰᠠᠶᠢᠨ ᠡᠭᠦᠯᠳᠡᠷ ᠢ ᠦᠷᠡᠵᠢᠭᠦᠯᠦᠨ | ᠪᠤᠶᠢᠵᠢᠭᠤᠯᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠠᠯᠠᠰᠢᠨ ᠬᠤᠨᠢᠨ ᠤ ᠤᠳᠤᠮᠰᠢᠯ ᠤᠨ | ᠡᠭᠦᠯᠳᠡᠷ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠠᠯᠠᠰᠢᠨ ᠬᠤᠨᠢᠨ ᠤ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠠᠯᠠᠰᠢᠨ ᠬᠤᠨᠢᠨ ᠤ | ᠨᠠᠷᠠᠲᠤ ᠲᠡᠮᠳᠡᠭ ᠤᠨ ᠪᠠᠶᠢᠭᠤᠯᠤᠯᠲᠠ ᠶᠢ ᠠᠬᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ | ᠣᠯᠠᠨ ᠵᠦᠢᠯ ᠤᠨ ᠪᠣᠷᠣᠯᠠᠭᠤᠯᠤᠨ ᠬᠤᠳᠠᠯᠳᠤᠬᠤ ᠵᠠᠮ ᠮᠥᠷ ᠢᠶᠠᠨ ᠢᠳᠡᠪᠬᠢᠲᠡᠶ ᠥᠷᠭᠡᠳᠬᠡᠨ᠎ᠡ᠃ | ︵ᠠᠷᠪᠠᠨ ᠨᠢᠭᠡ︶ ᠲᠥᠮᠥᠰᠥᠨ ᠤ ᠠᠵᠤ ᠦᠢᠯᠡᠰ ᠤᠨ ᠬᠡᠯᠬᠢᠶ᠎ᠡ᠃ ᠤᠯᠤᠰ ᠤᠨ ᠲᠡᠰ ᠤᠨ ᠲᠥᠮᠥᠰᠥᠨ ᠤ | ᠰᠠᠶᠢᠨ ᠦᠷ᠎ᠡ ᠶᠢ ᠦᠷᠡᠵᠢᠭᠦᠯᠬᠦ ᠰᠠᠭᠤᠷᠢᠨ ᠭᠠᠵᠠᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢ ᠨᠢ ᠪᠠᠳᠠᠷᠠᠭᠤᠯᠤᠨ᠂ ᠲᠥᠮᠥᠰᠥᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ | ︽ᠥᠪᠥᠷ ᠮᠣᠩᠭᠤᠯ ᠲᠥᠮᠥᠰᠥ︾ ᠶᠢᠨ ᠨᠡᠷᠡᠲᠦ ᠲᠡᠮᠳᠡᠭ ᠢᠶᠠᠨ ᠪᠣᠶ ᠪᠣᠯᠭᠠᠨ᠎ᠠ᠃ | ︵ᠠᠷᠪᠠᠨ ᠬᠤᠶᠠᠷ︶ ᠬᠤᠨᠢ ᠢᠮᠠᠭᠠᠨ ᠤ ᠨᠣᠣᠰᠣ ᠨᠤᠯᠤᠭᠤᠤᠷ ᠤᠨ ᠠᠵᠤ ᠦᠢᠯᠡᠰ ᠤᠨ ᠬᠡᠯᠬᠢᠶ᠎ᠡ᠃ ᠨᠣᠣᠰᠣ | ᠨᠤᠯᠤᠭᠤᠤᠷ ᠤᠨ ᠨᠥᠭᠡᠴᠡᠯᠡᠨ ᠬᠠᠳᠠᠭᠠᠯᠠᠬᠤ ᠳᠤ ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠨᠤᠯᠤᠭᠤᠤᠷ ᠤᠨ ᠢᠮᠠᠭᠠᠨ ᠤ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ | ᠴᠢᠨᠠᠷ ᠰᠠᠶᠢᠲᠠᠶ ᠮᠥᠷᠲᠡᠭᠡᠨ ᠦᠨ᠎ᠡ ᠰᠠᠶᠢᠲᠠᠢ ᠪᠠᠶᠢᠬᠤ ᠲᠣᠭᠲᠠᠴᠠ ᠶᠢ ᠪᠦᠷᠢᠨᠰᠢᠭᠦᠯᠵᠦ᠂ ᠨᠣᠣᠰᠣ ᠨᠤᠯᠤᠭᠤᠤᠷ ᠤᠨ | ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠮᠡᠷᠭᠡᠵᠢᠯ ᠪᠠ ᠵᠠᠬ᠎ᠠ ᠳᠡᠯᠭᠡᠭᠦᠷ ᠤᠨ | ᠳᠠᠪᠠᠭᠤᠯᠢᠭ ᠲᠠᠢ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢ ᠪᠣᠢ ᠪᠣᠯᠭᠠᠵᠤ᠂ ᠨᠣᠣᠰᠣ ᠨᠤᠯᠤᠭᠤᠤᠷ ᠤᠨ | ᠰᠢᠷᠬᠡᠭ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠲᠣᠭᠲᠠᠯᠴᠠᠭ᠎ᠠ ᠪᠠᠨ ᠲᠡᠭᠦᠯᠳᠡᠷᠵᠢᠭᠦᠯᠦᠨ᠎ᠡ᠃ | ︵ᠭᠤᠷᠪᠠ︶ ᠦᠢᠯᠡᠳᠬᠦ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠦᠢᠯᠡᠳᠬᠦ ᠦᠢᠯᠡᠰ᠂ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ᠎ᠠ᠃ ᠦᠢᠯᠡᠳᠬᠦ ᠦᠢᠯᠡᠰ ᠤᠨ ᠭᠤᠣᠯᠯᠠᠭᠴᠢ | ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ | ᠦᠢᠯᠡᠳᠬᠦ ᠦᠢᠯᠡᠰ ᠤᠨ ᠬᠡᠯᠬᠢᠶ᠎ᠡ ᠶᠢ ᠨᠢ ᠤᠷᠲᠤᠳᠬᠠᠬᠤ᠂ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠥᠷᠢᠯᠡᠬᠦ᠂ | ᠬᠡᠯᠬᠢᠶ᠎ᠡ ᠶᠢ ᠨᠢ ᠬᠦᠴᠦᠷᠬᠡᠭᠵᠢᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠲᠣᠨᠤᠭ ᠲᠥᠬᠦᠭᠡᠷᠦᠮᠵᠢ | ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ | ᠬᠤᠪᠣᠷ ᠰᠢᠷᠣᠶ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠬᠥᠮᠥᠷᠭᠡ ᠳᠤ | ᠣᠷᠣᠭᠤᠯᠤᠭᠰᠠᠨ ᠲᠥᠷᠥᠯ ᠵᠦᠢᠯ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢ ᠨᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠯᠠᠮᠵᠢᠯᠠᠯᠲᠤ ᠠᠵᠤ | ᠦᠢᠯᠡᠰ ᠤᠨ ᠲᠣᠭᠠᠵᠢᠭᠤᠯᠤᠨ ᠥᠭᠡᠷᠡᠴᠢᠯᠡᠵᠦ ᠰᠢᠨᠡᠳᠬᠡᠬᠦ ᠶᠢ ᠲᠦᠷᠭᠡᠳᠬᠡᠨ᠂ ᠲᠣᠭᠠᠵᠢᠭᠤᠯᠤᠭᠰᠠᠨ | ᠦᠢᠯᠡᠳᠪᠦᠷᠢ ᠶᠢᠨ ᠲᠠᠰᠤᠭ ᠪᠠ ᠣᠶᠤᠨᠴᠢ ᠦᠢᠯᠡᠳᠪᠦᠷᠢ ᠶᠢᠨ ᠲᠥᠷᠥᠯ ᠵᠦᠢᠯ ᠢ ᠠᠬᠢᠭᠤᠯᠵᠤ᠂ ᠭᠤᠤᠯᠳᠠᠯᠭ᠎ᠠ | ᠪᠣᠯᠬᠤ ᠠᠵᠢᠯ ᠲᠥᠷᠥᠯ ᠤᠨ ᠠᠵᠤ ᠦᠢᠯᠡᠳᠪᠦᠷᠢ ᠶᠢᠨ ᠬᠥᠮᠦᠨ ᠮᠠᠰᠢᠨ ᠢ ᠳᠡᠯᠭᠡᠷᠡᠭᠦᠯᠦᠨ᠂ ᠲᠤᠰᠬᠠᠶ ᠨᠠᠷᠢᠯᠢᠭ | ᠣᠨᠴᠠ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠴᠢᠯᠠᠬᠤ ᠪᠠᠶᠢᠭᠤᠯᠤᠯᠲᠠ ᠶᠢ ᠦᠨᠳᠦᠰᠦᠨ ᠳᠤ ᠪᠠᠨ | ᠪᠡᠶᠡᠯᠡᠭᠦᠯᠦᠨ᠎ᠡ᠃ | ᠭᠤᠷᠪᠠ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ | ᠂ ᠠᠵᠤ ᠠᠬᠤᠶ ᠶᠢᠨ ᠬᠥᠭᠵᠢᠯᠲᠡ ᠶᠢᠨ ᠳᠣᠲᠣᠭᠠᠳᠤ ᠳᠠᠬᠢ ᠬᠥᠳᠡᠯᠭᠡᠬᠦ ᠬᠦᠴᠦᠨ ᠢ ᠲᠠᠰᠤᠷᠠᠯᠲᠠ ᠦᠭᠡᠢ | ᠴᠢᠩᠭᠠᠷᠠᠭᠤᠯᠤᠨ᠎ᠠ | ᠬᠡᠷᠡᠭᠯᠡᠭᠡ ᠪᠠ ᠪᠡᠯᠡ ᠣᠷᠣᠭᠤᠯᠤᠯᠲᠠ ᠶᠢ ᠪᠦᠲᠦᠮᠵᠢᠲᠡᠢ ᠥᠷᠭᠡᠳᠬᠡᠵᠦ᠂ ᠬᠡᠷᠡᠭᠴᠡᠭᠡ ᠱᠠᠭᠠᠷᠳᠠᠯᠭ᠎ᠠ ᠪᠠᠷ | ᠬᠦᠲᠦᠯᠦᠨ ᠳᠠᠭᠠᠭᠤᠯᠬᠤ ᠪᠠ ᠬᠠᠩᠭᠠᠯᠭ᠎ᠠ ᠪᠠᠷ ᠡᠭᠦᠳᠦᠨ ᠪᠦᠲᠦᠭᠡᠬᠦ ᠶᠢ ᠣᠷᠭᠠᠨᠢᠭ ᠢᠶᠠᠷ ᠤᠶᠠᠯᠳᠤᠭᠤᠯᠤᠨ᠂ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠰᠠᠭᠤᠷᠢ ᠴᠡᠭ ᠪᠣᠯᠭᠠᠵᠤ ᠪᠠᠶᠢᠭᠠᠳ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠎ᠠ᠃ | ︵ᠨᠢᠭᠡ︶ ᠬᠡᠷᠡᠭᠯᠡᠭᠡ ᠪᠠᠨ ᠦᠷᠭᠦᠯᠵᠢᠯᠡᠨ ᠰᠡᠷᠭᠦᠭᠡᠬᠦ ᠶᠢ ᠠᠬᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢᠨ | ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ ᠬᠡᠪᠴᠢᠶ᠎ᠡ ᠪᠠᠭᠲᠠᠭᠠᠮᠵᠢ ᠶᠢ ᠨᠢ ᠥᠷᠭᠡᠳᠬᠡᠬᠦ ᠶᠢ ᠲᠦᠷᠭᠡᠳᠬᠡᠨ᠂ ︽ | ᠥᠪᠥᠷ ᠮᠣᠩᠭᠤᠯ︾ ᠦᠰᠦᠭᠲᠦ ᠲᠡᠮᠳᠡᠭ ᠲᠠᠢ ᠨᠡᠷᠡᠲᠦ ᠲᠡᠮᠳᠡᠭ ᠢᠶᠠᠨ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ | ᠬᠤᠳᠠᠯᠳᠤᠭᠠᠨ ᠤ ᠪᠣᠳᠠᠲᠤ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠪᠠ ᠵᠠᠭᠪᠤᠷ ᠲᠤ ᠪᠠᠨ ᠰᠢᠨ᠎ᠡ ᠶᠢ | ᠡᠭᠦᠳᠬᠦ ᠶᠢ ᠨᠢ ᠠᠬᠢᠭᠤᠯᠤᠨ᠂ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠠᠢ ᠶᠢ ᠡᠭᠦᠳᠦᠨ ᠪᠠᠶᠢᠭᠤᠯᠬᠤ ᠪᠠ ᠨᠡᠷᠡᠲᠦ | ᠲᠡᠮᠳᠡᠭ ᠢ ᠬᠡᠯᠬᠢᠶᠡᠵᠢᠭᠦᠯᠦᠨ ᠬᠥᠭᠵᠢᠭᠦᠯᠬᠦ ᠶᠢ ᠨᠢ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠳᠡᠯᠭᠡᠭᠦᠷ ᠤᠨ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠢ ᠬᠡᠷᠡᠭᠯᠡᠨ ᠵᠠᠬ᠎ᠠ | ᠳᠡᠯᠭᠡᠭᠦᠷ ᠢᠶᠠᠨ ᠥᠷᠭᠡᠳᠬᠡᠬᠦ ᠶᠢ ᠨᠢ ᠠᠬᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠴᠠᠬᠢᠯᠭᠠᠨ ᠴᠡᠨᠡᠭᠯᠡᠵᠦ | ᠰᠣᠯᠢᠬᠤ ᠪᠡᠯᠡᠳᠬᠡᠮᠵᠢ ᠶᠢ ᠨᠢ ᠲᠦᠷᠭᠡᠳᠬᠡᠨ ᠲᠡᠭᠦᠯᠳᠡᠷᠵᠢᠭᠦᠯᠵᠦ᠂ ᠭᠡᠷ ᠤᠨ ᠴᠠᠬᠢᠯᠭᠠᠨ ᠬᠡᠷᠡᠭᠰᠡᠯ ᠢ ᠡᠭᠡᠭᠦᠯᠦᠨ | ᠠᠪᠴᠤ ᠰᠢᠢᠳᠪᠦᠷᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠨᠥᠬᠦᠴᠡᠯ ᠲᠠᠢ ᠭᠠᠵᠠᠷ ᠣᠷᠣᠨ ᠢ | ᠵᠣᠷᠢᠭᠵᠢᠭᠤᠯᠵᠤ ᠪᠠᠶᠢᠭᠠᠳ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠲᠣᠰᠬᠤᠨ ᠳᠤ | ᠪᠠᠭᠤᠯᠭᠠᠨ᠎ᠠ᠃ ᠰᠢᠨ᠎ᠡ ᠬᠡᠯᠪᠡᠷᠢ ᠪᠦᠬᠦᠢ ᠬᠡᠷᠡᠭᠯᠡᠭᠡ ᠶᠢ ᠢᠳᠡᠪᠬᠢᠲᠡᠶ ᠪᠣᠶ ᠪᠣᠯᠭᠠᠵᠤ᠂ ᠥᠯᠥ ᠣᠶᠢᠷᠠᠳᠬᠤ ᠬᠡᠯᠪᠡᠷᠢ | ᠪᠦᠬᠦᠢ ᠬᠡᠷᠡᠭᠯᠡᠭᠡ ᠶᠢᠨ ᠪᠡᠶᠡᠴᠢᠯᠡᠨ ᠣᠶᠢᠯᠠᠭᠠᠬᠤ ᠶᠢ ᠥᠷᠭᠡᠳᠬᠡᠵᠦ᠂ ᠣᠶᠣᠨᠯᠢᠭ ᠬᠡᠲᠦ ᠳᠡᠯᠭᠡᠭᠦᠷ᠂ ᠣᠶᠣᠨᠯᠢᠭ | ᠬᠤᠳᠠᠯᠳᠤᠭ᠎ᠠ ᠳᠡᠯᠭᠡᠭᠦᠷ᠂ ᠣᠶᠣᠨᠯᠢᠭ ᠬᠤᠭᠤᠯᠠᠨ ᠬᠡᠷ᠂ ᠣᠶᠣᠨᠯᠢᠭ ᠤᠯᠠᠭ᠎ᠠ ᠥᠷᠲᠡᠭᠡ᠂ ᠣᠶᠣᠨᠯᠢᠭ ᠨᠣᠮ ᠤᠨ | ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠤᠨ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ ᠶᠢ | ᠠᠭᠤᠰᠤᠯᠴᠠᠭᠤᠯᠤᠭᠰᠠᠨ ᠪᠡᠶᠡᠴᠢᠯᠡᠨ ᠣᠶᠢᠯᠠᠭᠠᠬᠤ ᠪᠠ ᠪᠣᠷᠣᠯᠠᠭᠤᠯᠵᠤ ᠬᠤᠳᠠᠯᠳᠤᠬᠤ ᠲᠤᠰᠬᠠᠶ ᠭᠠᠵᠠᠷ | ᠪᠠᠶᠢᠭᠤᠯᠬᠤ ᠶᠢ ᠨᠢ ᠳᠡᠮᠵᠢᠵᠦ᠂ ᠰᠢᠨ᠎ᠡ ᠬᠡᠯᠪᠡᠷᠢ ᠪᠦᠬᠦᠢ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ | ᠲᠥᠪᠯᠡᠷᠡᠩᠭᠦᠢ ᠪᠠᠶᠢᠬᠤ ᠭᠠᠵᠠᠷ ᠢ ᠪᠠᠶᠢᠭᠤᠯᠤᠨ᠎ᠠ᠃ ᠬᠤᠲᠠ ᠬᠥᠳᠡᠭᠡ ᠶᠢᠨ ᠬᠡᠷᠡᠭᠯᠡᠭᠡ ᠶᠢᠨ ᠠᠭᠤᠰᠤᠯᠴᠠᠭᠰᠠᠨ ᠲᠤᠤᠷ | ᠰᠦᠯᠵᠢᠶ᠎ᠡ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠬᠡᠷᠡᠭᠯᠡᠭᠡ ᠶᠢᠨ ᠲᠥᠪ ᠪᠠ ᠰᠢᠶᠠᠨ ᠤ ᠬᠡᠪᠴᠢᠶᠡᠨ ᠤ | ᠬᠡᠷᠡᠭᠯᠡᠭᠡ ᠶᠢᠨ ᠲᠥᠪᠯᠡᠷᠡᠩᠭᠦᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ | ᠬᠤᠳᠠᠯᠳᠤᠭᠠᠨ ᠤ ᠲᠤᠤᠷ ᠴᠡᠭ ᠤᠨ ᠪᠠᠶᠢᠷᠢᠰᠢᠭᠤᠯᠤᠯᠲᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠲᠠᠷᠢᠶᠠᠯᠠᠩ | ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠵᠢᠵᠢᠭᠯᠡᠨ ᠬᠤᠳᠠᠯᠳᠤᠬᠤ ᠲᠤᠤᠷ ᠴᠡᠭ ᠢ ᠲᠠᠰ ᠳᠡᠪᠰᠢᠭᠦᠯᠵᠦ ᠥᠭᠡᠷᠡᠴᠢᠯᠡᠨ | ᠰᠢᠨᠡᠳᠬᠡᠵᠦ᠂ ᠨᠡᠶᠢᠭᠡᠮ ᠲᠣᠭᠤᠷᠢᠭ ᠲᠠᠬᠢ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠦᠢᠯᠡᠴᠢᠯᠡᠭᠡᠨ ᠤ ᠭᠠᠵᠠᠷ ᠢ | ᠲᠡᠭᠦᠯᠳᠡᠷᠵᠢᠭᠦᠯᠦᠨ᠂ ᠡᠯᠧᠺᠳ᠋ᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠨᠡᠪᠲᠡᠷᠡᠭᠦᠯᠵᠦ ᠪᠠᠶᠢᠭ᠎ᠠ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ︵ᠬᠤᠶᠠᠷ︶ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠤᠯᠤᠰ ᠠᠴᠠ | ᠪᠣᠬᠢᠷᠲᠤᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠰᠢᠨ᠎ᠡ ᠡᠨᠧᠷᠭᠢ᠂ ᠰᠢᠨ᠎ᠡ ᠮᠡᠷᠭᠡᠵᠢᠯ᠂ | ᠰᠢᠨ᠎ᠡ ᠠᠵᠤ ᠦᠢᠯᠡᠰ ᠤᠨ ᠪᠦᠯᠦᠭᠵᠢᠯ᠂ ᠬᠤᠲᠠ ᠶᠢᠨ ᠬᠤᠭᠤᠯᠠᠢ ᠭᠤᠤᠷᠰᠤ ᠶᠢᠨ ᠲᠣᠣᠷ ᠤᠨ ᠥᠭᠡᠷᠡᠴᠢᠯᠡᠨ | ᠰᠢᠨᠡᠳᠬᠡᠬᠦ ᠵᠡᠷᠭᠡ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠭ᠎ᠠ ᠠᠰᠢᠭᠲᠠᠢ ᠴᠠᠭ | ᠲᠣᠬᠢᠶᠠᠯ ᠢ ᠠᠳᠬᠤᠵᠤ᠂ ᠲᠤᠰᠬᠠᠢ ᠵᠢᠭᠡᠯᠡᠯᠭᠡ ᠶᠢᠨ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 7% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠨ᠂ ︽ᠪᠠᠯᠠ ᠮᠥᠩᠭᠦ ᠪᠠ ᠬᠦᠴᠦᠨ ᠵᠦᠢᠯ ᠢᠶᠠᠨ ᠲᠥᠷᠥᠯ ᠵᠦᠢᠯ ᠢᠶᠠᠷ ᠨᠢ ᠶᠠᠪᠤᠭᠤᠯᠬᠤ︾ | ᠶᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠯᠡᠬᠦ ᠭᠠᠵᠠᠷ᠂ ᠪᠠᠯᠠ ᠮᠥᠩᠭᠦ᠂ ᠡᠨᠧᠷᠭᠢ ᠶᠢᠨ | ᠬᠤᠷᠣᠭᠳᠠᠯ᠂ ᠤᠰᠤᠨ ᠤ ᠬᠤᠷᠣᠭᠳᠠᠯ ᠵᠡᠷᠭᠡ ᠪᠥᠲᠥᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢ | ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠢᠭᠡᠳᠦᠯᠲᠡᠶ ᠲᠥᠯᠥᠪᠯᠡᠨ᠎ᠡ᠃ ᠪᠡᠯᠡ ᠣᠷᠣᠭᠤᠯᠤᠯᠲᠠ ᠶᠢᠨ | ᠦᠢᠯᠡᠴᠢᠯᠡᠭᠡ ᠶᠢ ᠰᠢᠯᠢᠳᠡᠭᠵᠢᠭᠦᠯᠦᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠢᠯᠭᠠᠷᠠᠭᠤᠯᠤᠨ | ᠴᠣᠮᠬᠠᠳᠬᠠᠵᠤ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ | ᠨᠡᠶᠢᠭᠡᠮ ᠤᠨ ᠬᠥᠷᠥᠩᠭᠡ ᠶᠢ ᠲᠠᠲᠠᠵᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠤᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠨᠡᠯᠢᠶᠡᠳ ᠲᠦᠷᠭᠡᠨ | ᠨᠡᠮᠡᠭᠳᠡᠬᠦ ᠪᠠᠶᠢᠳᠠᠯ ᠢ ᠪᠠᠲᠤᠯᠠᠨ᠎ᠠ᠃ ᠴᠢᠬᠤᠯᠠ ᠶᠡᠭᠡ ᠲᠥᠷᠥᠯ ᠵᠦᠢᠯ ᠤᠨ ᠲᠢᠩᠬᠢᠮ ᠤᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠲᠦᠷᠦᠭᠦᠴᠢ ᠶᠢᠨ ᠬᠤᠭᠤᠴᠠᠭᠠᠨ ᠳᠠᠬᠢ ᠭᠠᠷᠳᠠᠮ | ᠭᠦᠢᠴᠡᠳᠬᠡᠭᠰᠡᠨ ᠭᠤᠷᠪᠠᠨ ᠱᠠᠲᠤᠨ ᠤ ᠰᠠᠯᠠᠭ᠎ᠠ ᠮᠥᠴᠢᠷ ᠤᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ | ᠲᠣᠭᠲᠠᠴᠠ ᠪᠠ ᠴᠢᠬᠤᠯᠠ ᠶᠡᠭᠡ ᠲᠥᠷᠥᠯ ᠵᠦᠢᠯ ᠤᠨ ︽ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶︾ ᠭᠤᠷᠪᠠᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ | ᠬᠤᠯᠪᠣᠭᠠᠯᠠᠬᠤ ᠲᠦᠷᠢᠮ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠴᠢᠬᠤᠯᠠ ᠶᠡᠭᠡ ᠲᠥᠷᠥᠯ ᠵᠦᠢᠯ ᠢ | ᠠᠬᠢᠭᠤᠯᠬᠤ ᠠᠵᠢᠯ ᠤᠨ ᠲᠤᠰᠬᠠᠶ ᠪᠠᠭ ᠤᠨ ᠦᠢᠯᠡᠳᠦᠯ ᠢ ᠨᠢ ᠪᠠᠳᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠠᠬᠢ ᠬᠦᠴᠢᠷ ᠪᠠ ᠲᠦᠭᠵᠢᠷᠡᠯ ᠪᠣᠯᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ | ᠵᠣᠬᠢᠴᠠᠭᠤᠯᠤᠨ ᠰᠢᠢᠳᠪᠦᠷᠢᠯᠡᠨ᠎ᠡ᠃ ᠤᠯᠤᠰ ᠤᠨ 102 ᠵᠦᠢᠯ ᠤᠨ ᠴᠢᠬᠤᠯᠠ ᠶᠡᠭᠡ ᠢᠨᠵᠧᠨᠧᠷᠢᠩ ᠢᠶᠠᠷ | ᠭᠤᠤᠯᠳᠠᠯᠭ᠎ᠠ ᠪᠣᠯᠭᠠᠵᠤ᠂ ᠲᠥᠷᠥᠯ ᠵᠦᠢᠯ ᠤᠨ ᠨᠥᠭᠡᠴᠡ ᠶᠢ ᠴᠢᠩᠭᠠᠳᠬᠠᠨ᠂ ᠭᠤᠤᠯᠳᠠᠯᠭ᠎ᠠ ᠪᠣᠯᠬᠤ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ᠂ ᠠᠵᠤ ᠦᠢᠯᠡᠰ ᠤᠨ | ᠲᠠᠰ ᠳᠡᠪᠰᠢᠬᠦ ᠶᠢ ᠠᠬᠢᠭᠤᠯᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠴᠢᠨᠠᠷ | ᠰᠠᠶᠢᠲᠠᠶ ᠨᠢᠭᠡ ᠪᠦᠯᠦᠭ ᠲᠥᠷᠥᠯ ᠵᠦᠢᠯ ᠢ ᠰᠡᠳᠦᠨ ᠲᠥᠯᠥᠪᠯᠡᠨ᠎ᠡ᠃ | ︵ᠭᠤᠷᠪᠠ︶ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠰᠲᠠᠶ ᠤᠷᠢᠳᠴᠢᠯᠠᠨ | ᠪᠠᠶᠢᠷᠢᠰᠢᠯᠠᠭᠤᠯᠤᠨᠠ᠃ ︽ᠬᠤᠶᠠᠷ ᠰᠢᠨ᠎ᠡ ᠨᠢᠭᠡ ᠬᠦᠨᠳᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ | ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢ ᠵᠣᠬᠢᠰᠲᠠᠶ ᠤᠷᠢᠳᠴᠢᠯᠠᠨ ᠥᠷᠨᠢᠭᠦᠯᠦᠨ᠎ᠡ᠃ ᠰᠢᠨ᠎ᠡ ᠬᠡᠯᠪᠡᠷᠢ ᠶᠢᠨ | ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ 5G᠂ ᠳ᠋ᠠᠶᠢᠲ᠋ᠠ ᠶᠢᠨ ᠲᠥᠪ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 5G ᠰᠠᠭᠤᠷᠢ | ᠥᠷᠲᠡᠭᠡ ᠶᠢ 1 ᠲᠦᠮᠡ ᠰᠢᠨ᠎ᠡ ᠪᠠᠷ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠭᠤᠤᠯᠳᠠᠯᠭ᠎ᠠ | ᠪᠣᠯᠬᠤ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠠᠵᠤ ᠠᠬᠤᠶᠢᠯᠠᠯ ᠳᠤ 5G ᠢ ᠪᠦᠷᠢᠨ ᠪᠦᠷᠬᠦᠭᠦᠯᠦᠨ᠂ | ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠬᠠᠮ ᠰᠢᠢᠳᠪᠦᠷᠢᠯᠡᠬᠦ ᠴᠢᠳᠠᠮᠵᠢ ᠶᠢᠨ ᠰᠦᠯᠵᠢᠶᠡᠨ ᠳᠠᠬᠢ | ᠤᠯᠤᠰ ᠤᠨ ᠭᠤᠣᠯ ᠵᠠᠩᠭᠢᠶᠠᠰᠤ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠳᠤ ᠤᠯᠤᠰ ᠤᠨ ᠰᠢᠨ᠎ᠡ ᠬᠡᠯᠪᠡᠷᠢ ᠶᠢᠨ ᠢᠨᠲ᠋ᠧᠷ ᠰᠦᠯᠵᠢᠶ᠎ᠡ ᠶᠢᠨ ᠰᠣᠯᠢᠯᠴᠠᠯ ᠤᠨ ᠲᠥᠪ ᠢ | ᠪᠠᠶᠢᠷᠢᠰᠢᠭᠤᠯᠬᠤ ᠪᠠᠷ ᠴᠢᠷᠮᠠᠶᠢᠨ᠎ᠠ᠃ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠪᠤᠭᠤᠲᠤ ᠠᠴᠠ | ᠢᠷᠭᠠᠶ ᠬᠦᠷᠬᠦ ᠳᠡᠭᠡᠳᠦ ᠬᠤᠷᠳᠤ ᠶᠢᠨ ᠲᠡᠮᠦᠷ ᠵᠠᠮ ︵ᠪᠠᠶᠠᠨᠬᠤᠲᠠ ᠠᠴᠠ ᠢᠷᠭᠠᠶ ᠬᠦᠷᠬᠦ ᠰᠠᠯᠪᠤᠷᠢ ᠱᠤᠭᠤᠮ | ᠪᠠᠭᠲᠠᠨ᠎ᠠ︶᠂ ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠡᠷᠢᠶᠡᠨ ᠠᠴᠠ | ᠭᠤᠸᠠᠩᠵᠧᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠳᠠᠬᠢ ᠵᠢᠨᠢᠩ ᠠᠴᠠ ᠠᠷᠤᠨ ᠬᠦᠷᠬᠦ ᠶᠢ ᠬᠤᠯᠪᠣᠨ | ᠵᠠᠯᠭᠠᠭᠤᠯᠬᠤ ᠱᠤᠭᠤᠮ᠂ ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ | ᠵᠠᠰᠠᠮᠠᠯ ᠵᠠᠮ ᠵᠡᠷᠭᠡ ᠲᠥᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠣᠷᠳᠣᠰ ᠠᠴᠠ ᠢᠦᠢ ᠯᠢᠨ ᠪᠠ ᠶᠠᠨ | ᠠᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ | ᠢᠳᠡᠪᠬᠢᠲᠡᠶ ᠠᠬᠢᠭᠤᠯᠤᠨ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 1700 ᠺᠢᠯᠤᠮᠧᠳ᠋ᠷ ︵ | ᠡᠭᠦᠨ ᠳᠤ ᠳᠡᠭᠡᠳᠦ ᠬᠤᠷᠳᠤ ᠶᠢᠨ ᠲᠡᠮᠦᠷ ᠵᠠᠮ 470 ᠺᠢᠯᠤᠮᠧᠳ᠋ᠷ ᠪᠣᠢ︶᠂ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠶᠢ 1 ᠲᠦᠮᠡᠨ ᠺᠢᠯᠤᠮᠧᠳ᠋ᠷ ᠪᠣᠯᠭᠠᠬᠤ ᠪᠠᠷ ᠴᠢᠷᠮᠠᠶᠢᠵᠤ᠂ ᠨᠡᠶᠢᠳᠡᠮ ᠬᠡᠷᠡᠭᠯᠡᠬᠦ | ᠨᠢᠰᠬᠡᠯ ᠤᠨ ᠪᠠᠭᠤᠳᠠᠯ ᠢ 3 ᠪᠠᠶᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ | ᠬᠥᠬᠡᠬᠤᠲᠠ᠂ ᠤᠯᠠᠭᠠᠨᠴᠠᠪ — ᠡᠷᠢᠶᠡᠨ ᠬᠤᠲᠠ᠂ ᠮᠠᠨᠵᠤᠤᠷ ᠵᠡᠷᠭᠡ ᠤᠯᠤᠰ ᠤᠨ ᠪᠠᠷᠠᠭᠠᠨ ᠤ ᠭᠦᠢᠯᠭᠡᠭᠡᠨ ᠤ | ᠬᠦᠢᠰᠦ ᠪᠠ ᠪᠠᠶᠠᠨᠨᠠᠭᠤᠷ ᠤᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠨᠢᠷᠤᠭᠤᠪᠴᠢ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠬᠡᠯᠪᠡᠷᠢ ᠮᠠᠶ᠋ᠢᠭ ᠤᠨ ᠬᠤᠯᠪᠣᠭᠠᠯᠠᠨ | ᠲᠡᠭᠡᠭᠡᠪᠦᠷᠢᠯᠡᠬᠦ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠮᠵᠢ᠂ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ | ᠲᠠᠪᠴᠠᠩ᠂ ᠣᠯᠠᠨ ᠨᠡᠶᠢᠲᠡ ᠶᠢᠨ ᠨᠡᠶᠢᠳᠡᠮ ᠬᠡᠷᠡᠭᠯᠡᠬᠦ ᠲᠣᠮᠣ ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ | ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ︽ᠲᠦᠷᠭᠡᠨ ᠢᠯᠡᠭᠡᠯᠲᠡ ᠶᠢ ᠲᠣᠰᠬᠤᠨ ᠳᠤ | ᠣᠷᠣᠭᠤᠯᠬᠤ︾ ᠢᠨᠵᠧᠨᠧᠷᠢᠩ ᠢ ᠲᠥᠷᠥᠯ ᠬᠤᠪᠢᠶᠠᠵᠤ ᠠᠬᠢᠭᠤᠯᠤᠨ᠂ ᠪᠠᠶᠢᠭᠤᠯᠤᠮᠵᠢᠲᠤ ᠲᠣᠰᠬᠤᠨ ᠳᠠᠬᠢ ᠲᠦᠷᠭᠡᠨ | ᠢᠯᠡᠭᠡᠯᠲᠡ ᠶᠢᠨ ᠦᠢᠯᠡᠴᠢᠯᠡᠭᠡ ᠨᠡᠪᠲᠡᠷᠡᠭᠰᠡᠨ ᠨᠣᠷᠮ᠎ᠠ ᠶᠢ 95% ᠠᠴᠠ ᠳᠡᠭᠡᠭᠰᠢ ᠪᠣᠯᠭᠠᠨ᠎ᠠ᠃ ᠡᠨᠧᠷᠭᠢ ᠶᠢᠨ | ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠴᠠᠬᠢᠯᠭᠠᠨ ᠬᠦᠴᠦᠨ ᠤ ᠲᠣᠣᠷ᠂ ᠲᠣᠰᠣ ᠪᠠ ᠬᠡᠢ ᠶᠢᠨ ᠬᠤᠭᠤᠯᠠᠶ | ᠭᠤᠤᠷᠰᠤ᠂ ᠡᠨᠧᠷᠭᠢ ᠨᠥᠭᠡᠴᠡᠯᠡᠬᠦ ᠪᠡᠯᠡᠳᠬᠡᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠴᠢᠬᠤᠯᠠ ᠶᠡᠭᠡ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ | ᠬᠠᠭᠤᠴᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠨᠢ ᠠᠷᠢᠯᠭᠠᠨ ᠪᠠᠬᠢᠵᠢᠭᠦᠯᠬᠦ ᠠᠵᠢᠯ ᠢ ᠰᠠᠶᠢᠲᠤᠷ | ᠬᠢᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢᠨ | ᠲᠠᠯ᠎ᠠ ᠶᠢᠨ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠨ᠎ᠡ᠃ | ᠲᠤᠰᠬᠠᠶ ᠪᠤᠯᠤᠩ 2᠄ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠰᠲᠠᠶ ᠤᠷᠢᠳᠴᠢᠯᠠᠨ | ᠪᠠᠶᠢᠷᠢᠰᠢᠭᠤᠯᠤᠨ᠎ᠠ | ︵ᠨᠢᠭᠡ︶ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ 5G ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠥᠬᠦ ᠵᠢᠯ ᠳᠤ 5G ᠰᠠᠭᠤᠷᠢ ᠥᠷᠲᠡᠭᠡ ᠶᠢ 1 ᠲᠦᠮᠡ ᠰᠢᠨ᠎ᠡ ᠪᠠᠷ | ᠪᠠᠶᠢᠭᠤᠯᠵᠤ᠂ ᠨᠡᠶᠢᠲᠡ 3 ᠲᠦᠮᠡ ᠶᠢ ᠪᠠᠶᠢᠭᠤᠯᠬᠤ ᠪᠣᠯᠣᠨ᠎ᠠ︔ ᠨᠡᠭᠦᠷᠡᠰᠦ᠂ ᠬᠤᠪᠣᠷ ᠰᠢᠷᠣᠶ᠂ ᠬᠢᠮᠢ ᠶᠢᠨ ᠠᠵᠤ | ᠦᠢᠯᠡᠳᠪᠦᠷᠢ ᠵᠡᠷᠭᠡ ᠠᠵᠢᠯ ᠲᠥᠷᠥᠯ ᠳᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠲᠠᠢ | ᠵᠠᠳᠠᠯᠤᠨ ᠰᠢᠨᠵᠢᠬᠦ ᠬᠤᠶᠠᠳᠤᠭᠠᠷ ᠳᠡᠰ ᠤᠨ ᠵᠠᠩᠭᠢᠶᠠᠰᠤ ᠴᠡᠭ ᠢ 1 — 2 ᠪᠣᠢ ᠪᠣᠯᠭᠠᠵᠤ ᠪᠠᠶᠢᠭᠤᠯᠤᠨ᠎ᠠ᠃ | 5G ᠤᠨ ᠬᠡᠷᠡᠭᠯᠡᠨ ᠳᠡᠯᠭᠡᠷᠡᠭᠦᠯᠬᠦ ᠶᠢ ᠴᠢᠩᠭᠠᠳᠬᠠᠵᠤ᠂ 5G + ᠣᠶᠣᠨᠯᠢᠭ ᠠᠭᠤᠷᠬᠠᠢ ᠶᠢᠨ ᠲᠠᠯ᠎ᠠ ᠪᠠᠷ᠂ ᠪᠦᠬᠦ | ᠵᠢᠯ ᠳᠤ ᠣᠶᠤᠨᠴᠢᠯᠠᠭᠰᠠᠨ ᠨᠡᠭᠡᠭᠡᠨ ᠮᠠᠯᠲᠠᠬᠤ ᠭᠠᠵᠠᠷ ᠢ 40 ᠪᠠᠶᠢᠭᠤᠯᠬᠤ ᠪᠠᠨ ᠠᠬᠢᠭᠤᠯᠤᠨ᠂ ᠨᠡᠶᠢᠲᠡ 90 ᠶᠢ | ᠪᠠᠶᠢᠭᠤᠯᠬᠤ ᠪᠣᠯᠣᠨ᠎ᠠ᠃ 5G + ᠵᠢᠯᠣᠭᠤᠴᠢ ᠥᠬᠡᠶ ᠠᠵᠢᠯᠯᠠᠬᠤ ᠲᠠᠯ᠎ᠠ ᠪᠠᠷ᠂ ᠪᠥᠬᠦ ᠵᠢᠯ ᠳᠤ 300 ᠶᠢ | ᠥᠭᠡᠷᠡᠴᠢᠯᠡᠨ ᠰᠢᠨᠡᠳᠬᠡᠵᠦ᠂ ᠨᠡᠶᠢᠲᠡ 400 ᠪᠣᠯᠭᠠᠨ᠎ᠠ᠃ 5G + ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠲᠠᠯ᠎ᠠ ᠪᠠᠷ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ 10 ᠪᠠᠶᠢᠭᠤᠯᠬᠤ ᠪᠠᠷ | ᠴᠢᠷᠮᠠᠶᠢᠨ᠎ᠠ᠃ ᠳ᠋ᠠᠶᠢᠲ᠋ᠠ ᠶᠢᠨ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠶᠢᠨ ᠲᠥᠪ ᠤᠨ ᠮᠠᠰᠢᠨ | ᠴᠣᠭᠴᠠᠯᠠᠪᠤᠷᠢ ᠶᠢ ᠪᠦᠬᠦᠯᠢ ᠴᠣᠭᠴᠠ ᠳᠤ ᠨᠢ 200 ᠲᠦᠮᠡ ᠪᠣᠯᠭᠠᠨ᠎ᠠ᠃ | ︵ᠬᠤᠶᠠᠷ︶ ᠲᠡᠮᠦᠷ ᠵᠠᠮ ᠤᠨ ᠲᠠᠯ᠎ᠠ ᠪᠠᠷ᠃ ᠴᠢᠴᠢᠬᠠᠷ ᠠᠴᠠ ᠬᠠᠶᠢᠯᠠᠷ ᠪᠠ ᠮᠠᠨᠵᠤᠤᠷ ᠬᠦᠷᠬᠦ ᠳᠡᠭᠡᠳᠦ | ᠬᠤᠷᠳᠤ ᠶᠢᠨ ᠲᠡᠮᠦᠷ ᠵᠠᠮ ᠢ ᠪᠠᠶᠢᠭᠤᠯᠬᠤ ᠪᠠᠷ ᠴᠢᠷᠮᠠᠶᠢᠨ᠎ᠠ᠂ ᠴᠢᠴᠢᠬᠠᠷ ᠠᠴᠠ ᠤᠯᠠᠭᠠᠨᠬᠤᠲᠠ ᠪᠠ ᠲᠦᠩᠯᠢᠶᠣᠤ | ᠬᠦᠷᠬᠦ ᠳᠡᠭᠡᠳᠦ ᠬᠤᠷᠲᠤ ᠶᠢᠨ ᠲᠡᠮᠦᠷ ᠵᠠᠮ᠂ ᠵᠢᠨᠢᠩ ᠠᠴᠠ ᠡᠷᠢᠶᠡᠨ ᠬᠤᠲᠠ ᠬᠥᠷᠬᠦ ᠴᠢᠳᠠᠮᠵᠢ ᠶᠢ ᠨᠢ | ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠡᠮᠦᠷ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠎ᠠ᠂ ᠤᠯᠤᠰ ᠠᠴᠠ ︽ᠤᠷᠲᠤᠪᠲᠤᠷ ᠪᠠ | ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ︾ ᠳᠤ ᠲᠣᠬᠢᠷᠠᠭᠤᠯᠤᠯᠲᠠ ᠬᠢᠬᠦ | ᠦᠶ᠎ᠡ ᠳᠤ ᠨᠢ ᠵᠢᠨᠢᠩ ᠠᠴᠠ ᠲᠦᠩᠯᠢᠶᠣᠤ ᠪᠠ ᠴᠠᠩᠴᠦ᠋ᠨ ᠬᠦᠷᠬᠦ᠂ ᠬᠥᠬᠡᠬᠤᠲᠠ ᠠᠴᠠ ᠪᠤᠭᠤᠲᠤ ᠬᠦᠷᠬᠦ᠂ | ᠬᠥᠬᠡᠬᠤᠲᠠ ᠠᠴᠠ ᠱᠦᠸᠧᠵᠸᠦ ᠪᠠ ᠲᠠᠶᠢᠶᠤᠸᠠᠨ ᠬᠦᠷᠬᠦ᠂ ᠣᠷᠳᠣᠰ ᠠᠴᠠ ᠳ᠋ᠠᠲ᠋ᠦ᠋ᠩ ᠪᠠ ᠰᠢᠶᠦ᠋ᠩ ᠠᠨ ᠬᠥᠷᠬᠦ | ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠭᠤᠤᠯᠳᠠᠯᠭ᠎ᠠ ᠪᠣᠯᠬᠤ ᠲᠥᠷᠥᠯ ᠵᠦᠢᠯ ᠳᠤ ᠲᠣᠬᠢᠷᠠᠭᠤᠯᠤᠨ | ᠣᠷᠣᠭᠤᠯᠬᠤ ᠪᠠᠷ ᠴᠢᠷᠮᠠᠶᠢᠨ᠎ᠠ᠂ ᠪᠤᠭᠤᠲᠤ ᠠᠴᠠ ᠣᠷᠳᠣᠰ ᠬᠥᠷᠬᠦ᠂ ᠪᠠᠶᠢᠴᠧᠩ ᠠᠴᠠ ᠷᠠᠰᠢᠶᠠᠨ ᠬᠥᠷᠬᠦ ᠲᠡᠮᠦᠷ | ᠵᠠᠮ ᠤᠨ ᠴᠢᠳᠠᠮᠵᠢ ᠶᠢ ᠨᠢ ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠬᠦ ᠵᠡᠷᠭᠡ ᠲᠥᠷᠥᠯ ᠵᠦᠢᠯ ᠤᠨ ᠡᠬᠢᠨ ᠤ | ᠬᠤᠭᠤᠴᠠᠭᠠᠨ ᠤ ᠠᠵᠢᠯ ᠢ ᠠᠬᠢᠭᠤᠯᠤᠨ᠂ ᠣᠷᠳᠣᠰ ᠠᠴᠠ ᠢᠦᠶ ᠯᠢᠨ ᠪᠠ ᠶᠠᠨ ᠠᠨ ᠬᠦᠷᠬᠦ ᠳᠡᠭᠡᠳᠦ ᠬᠤᠷᠳᠤ ᠶᠢᠨ | ᠲᠡᠮᠦᠷ ᠵᠠᠮ᠂ ᠰᠢᠯᠢ ᠶᠢᠨ ᠬᠤᠲᠠ ᠠᠴᠠ ᠲᠠᠢ ᠽᠢ ᠴᠧᠩ ᠬᠦᠷᠬᠦ ᠲᠡᠮᠦᠷ ᠵᠠᠮ ᠵᠡᠷᠭᠡ ᠲᠦᠷᠦᠯ ᠵᠦᠢᠯ ᠢ ᠡᠷᠲᠡᠬᠡᠨ | ᠪᠣᠲᠠᠲᠠᠶᠢᠵᠢᠭᠤᠯᠵᠤ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠂ ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤ ᠶᠢᠨ | ᠲᠡᠮᠦᠷ ᠵᠠᠮ ︵ᠪᠠᠶᠠᠨᠬᠤᠲᠠ ᠠᠴᠠ ᠢᠷᠭᠠᠶ ᠬᠥᠷᠬᠦ ᠰᠠᠯᠪᠤᠷᠢ ᠱᠤᠭᠤᠮ ᠪᠠᠭᠲᠠᠨ᠎ᠠ︶᠂ ᠵᠢᠨᠢᠩ ᠠᠴᠠ ᠳ᠋ᠠᠲ᠋ᠦ᠋ᠩ ᠪᠠ | ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠤ ᠬᠦᠷᠬᠦ ᠲᠡᠮᠦᠷ ᠵᠠᠮ ᠤᠨ | ᠴᠠᠬᠢᠯᠭᠠᠨᠵᠢᠭᠤᠯᠬᠤ ᠪᠠᠷ ᠥᠭᠡᠷᠡᠴᠢᠯᠡᠨ ᠰᠢᠨᠡᠳᠬᠡᠬᠦ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ | ︵ᠭᠤᠷᠪᠠ︶ ᠵᠠᠰᠠᠮᠠᠯ ᠵᠠᠮ ᠤᠨ ᠲᠠᠯ᠎ᠠ ᠪᠠᠷ᠃ ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ | ᠬᠤᠷᠳᠤ ᠶᠢᠨ ᠵᠠᠰᠠᠮᠠᠯ ᠵᠠᠮ᠂ G 1015 ᠲᠢᠶᠧ ᠯᠢ — ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ | ᠬᠦᠷᠬᠦ᠂ S29 ᠬᠥᠬᠡᠬᠤᠲᠠ — ᠯᠢᠶᠠᠩᠴᠧᠩ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ | ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠠᠶᠢᠭᠤᠯᠵᠤ᠂ G55 ᠡᠷᠢᠶᠡᠨ ᠬᠤᠲᠠ — ᠰᠠᠶᠢᠬᠠᠨᠲᠠᠯ᠎ᠠ | ᠬᠦᠷᠬᠦ᠂ G1817 ᠪᠠᠶᠠᠨ ᠬᠤᠳᠳᠤᠭ — ᠪᠠᠶᠠᠨᠬᠤᠲᠠ ᠵᠡᠷᠭᠡ ᠦᠷᠭᠦᠯᠵᠢᠯᠡᠨ ᠪᠠᠶᠢᠭᠤᠯᠬᠤ ᠵᠠᠰᠠᠮᠠᠯ ᠵᠠᠮ ᠤᠨ | ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ᠂ ᠵᠠᠰᠠᠮᠠᠯ | ᠵᠠᠮ ᠤᠨ ᠲᠣᠣᠷ ᠯᠤᠭ᠎ᠠ ᠵᠠᠯᠭᠠᠭᠰᠠᠨ ᠵᠠᠮ᠂ ᠪᠠᠶᠢᠭᠤᠯᠤᠮᠵᠢᠲᠤ ᠲᠣᠰᠬᠤᠨ ᠳᠤ ᠨᠡᠪᠲᠡᠷᠡᠭᠦᠯᠬᠦ ᠬᠤᠶᠠᠷ ᠲᠡᠷᠭᠡᠨ ᠤ | ᠵᠥᠷᠢᠨ ᠠᠶᠠᠯᠠᠬᠤ ᠵᠠᠰᠠᠮᠠᠯ ᠵᠠᠮ ᠵᠢᠴᠢ ᠨᠡᠯᠢᠶᠡᠳ ᠣᠯᠠᠨ ᠬᠥᠮᠦᠨ ᠠᠮᠠ ᠲᠠᠢ ᠬᠡᠪᠴᠢᠶᠡᠲᠦ ᠠᠶᠢᠯ ᠲᠣᠰᠬᠤᠨ ᠪᠠ | ᠬᠢᠯᠢ ᠣᠶᠢᠷᠠᠯᠴᠠᠭ᠎ᠠ ᠠᠶᠢᠯ ᠲᠣᠰᠬᠤᠨ ᠳᠤ ᠨᠡᠪᠲᠡᠷᠡᠭᠦᠯᠬᠦ ᠳᠡᠪᠢᠰᠴᠦ ᠬᠠᠲᠠᠭᠤᠷᠠᠭᠤᠯᠤᠭᠰᠠᠨ ᠵᠠᠮ ᠤᠨ ᠪᠥᠲᠥᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠨᠢ ᠠᠬᠢᠭᠤᠯᠤᠨ᠎ᠠ᠃ | ︵ᠳᠥᠷᠪᠡ︶ ᠨᠢᠰᠬᠡᠯ ᠤᠨ ᠪᠠᠭᠤᠳᠠᠯ ᠤᠨ ᠲᠠᠯ᠎ᠠ ᠪᠠᠷ᠃ ᠠᠯᠠᠱᠠ ᠵᠡᠭᠦᠨ ᠬᠤᠰᠢᠭᠤᠨ ᠤ ᠠᠵᠢᠯ ᠤᠨ | ᠡᠭᠡᠯᠵᠢ ᠶᠢᠨ ᠨᠢᠰᠬᠡᠯ ᠤᠨ ᠪᠠᠭᠤᠳᠠᠯ ᠤᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠳᠡᠰ ᠳᠡᠪᠰᠢᠭᠦᠯᠬᠦ | ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠤᠯᠤᠰ ᠢᠶᠠᠷ ᠵᠥᠪᠰᠢᠶᠡᠷᠡᠭᠦᠯᠦᠨ ᠴᠣᠬᠤᠯᠠᠪᠤᠷᠢᠯᠠᠭᠤᠯᠬᠤ ᠪᠠᠷ | ᠴᠢᠷᠮᠠᠶᠢᠵᠤ᠂ ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ᠂ ᠪᠠᠭᠠᠷᠢᠨ ᠵᠡᠭᠦᠨ ᠬᠤᠰᠢᠭᠤᠨ ᠤ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠤᠨ᠂ ᠪᠠᠷᠠᠭᠤᠨ ᠦᠵᠦᠮᠦᠴᠢᠨ ᠬᠤᠰᠢᠭᠤ᠂ ᠲᠦᠴᠢᠦᠸᠠᠨ ᠰᠢᠶᠠᠨ ᠵᠡᠷᠭᠡ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ | ︵ᠲᠠᠪᠤ︶ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠰᠢᠨ᠎ᠡ ᠡᠨᠧᠷᠭᠢ ᠪᠠᠷ ᠭᠤᠤᠯ ᠴᠣᠭᠴᠠ | ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠥᠲᠥᠭᠡᠨ ᠪᠠᠶᠢᠭᠤᠯᠬᠤ ᠪᠠᠨ ᠠᠬᠢᠭᠤᠯᠵᠤ᠂ | ᠬᠠᠳᠠᠭᠠᠯᠠᠭᠳᠠᠵᠤ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠥᠭᠡᠷᠡᠴᠢᠯᠡᠨ | ᠰᠢᠨᠡᠳᠬᠡᠵᠦ ᠲᠠᠰ ᠳᠡᠪᠰᠢᠭᠦᠯᠬᠦ ᠶᠢ ᠭᠦᠨᠵᠡᠭᠡᠶ ᠬᠡᠷᠡᠭᠵᠢᠭᠦᠯᠦᠨ᠂ ᠣᠨᠴᠠ ᠥᠨᠳᠥᠷ ᠬᠦᠴᠦᠳᠡᠯᠲᠦ ᠨᠡᠭᠦᠷᠡᠰᠦ | ᠲᠦᠯᠡᠵᠦ ᠭᠠᠷᠭᠠᠭᠰᠠᠨ ᠴᠠᠬᠢᠯᠭᠠᠨ ᠢ ᠭᠠᠳᠠᠭᠰᠢ ᠬᠦᠷᠭᠡᠬᠦ᠂ ᠤᠯᠤᠰ ᠤᠨ ᠲᠦᠷᠦᠭᠦᠦ ᠪᠦᠯᠦᠭ ᠲᠣᠮᠣ ᠬᠡᠯᠪᠡᠷᠢ ᠶᠢᠨ | ᠰᠠᠯᠬᠢᠨ ᠬᠦᠴᠦᠨ ᠤ ᠴᠠᠬᠢᠯᠭᠠᠨ ᠳᠤ ᠣᠷᠣᠭᠤᠯᠤᠭᠰᠠᠨ ᠬᠡᠷᠡᠯ ᠴᠡᠨᠡᠭ ᠤᠨ ᠰᠠᠭᠤᠷᠢᠨ ᠭᠠᠵᠠᠷ᠂ ᠪᠠᠲᠤᠯᠠᠭ᠎ᠠ ᠶᠢᠨ | ᠴᠢᠨᠠᠷᠲᠠᠶ ᠴᠠᠬᠢᠯᠭᠠᠨ ᠬᠦᠴᠦᠨ ᠤ ᠲᠤᠤᠷ ᠲᠤ ᠨᠡᠶᠢᠯᠡᠭᠦᠯᠦᠭᠰᠡᠨ ᠰᠢᠨ᠎ᠡ ᠡᠨᠧᠷᠭᠢ᠂ ᠲᠠᠷᠠᠬᠠᠶ ᠪᠤᠲᠠᠷᠬᠠᠶ ᠮᠠᠶ᠋ᠢᠭ ᠤᠨ | ᠰᠠᠯᠬᠢᠨ ᠬᠦᠴᠦᠨ ᠤ ᠴᠠᠬᠢᠯᠭᠠᠨ ᠪᠠ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ | ᠪᠡᠭᠡᠵᠢᠩ ᠲᠢᠶᠠᠨᠵᠢᠨ ᠾᠧᠪᠧᠶ ᠳᠤ ᠥᠨᠳᠥᠷ ᠬᠠᠷᠢᠴᠠᠯ ᠪᠥᠬᠦᠶ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠢ | ᠭᠠᠳᠠᠭᠰᠢ ᠬᠦᠷᠭᠡᠬᠦ ᠨᠡᠪᠲᠡᠷᠡᠯ ᠤᠨ ᠡᠬᠢᠨ ᠤ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠴᠤᠤᠯ ᠭᠤᠣᠯ ᠤᠨ | ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠪᠠᠷᠢᠯᠭ᠎ᠠ᠂ ᠵᠡᠭᠦᠨ ᠲᠠᠶᠢᠰᠠ ᠤᠰᠤᠨ ᠴᠥᠭᠦᠷᠥᠮ ᠵᠡᠷᠭᠡ | ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ | ᠬᠤᠭᠤᠴᠠᠭ᠎ᠠ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠦᠶᠡᠷ ᠢ ᠰᠡᠷᠭᠡᠶᠢᠯᠡᠬᠦ ᠭᠤᠷᠪᠠᠳᠤᠭᠠᠷ | ᠬᠤᠭᠤᠴᠠᠭ᠎ᠠ ᠵᠡᠷᠭᠡ ᠪᠠᠷᠢᠯᠭ᠎ᠠ ᠶᠢᠨ ᠡᠬᠢᠨ ᠤ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠎ᠠ᠃ | ᠭᠤᠣᠯ ᠪᠣᠯᠬᠤ ᠰᠠᠯᠪᠤᠷᠢ ᠤᠷᠤᠰᠬᠠᠯ᠂ ᠳᠤᠮᠳᠠ ᠵᠢᠵᠢᠭ ᠭᠤᠣᠯ ᠮᠥᠷᠡᠨ ᠢ ᠵᠠᠰᠠᠬᠤ᠂ ᠲᠤᠮᠤ ᠳᠤᠮᠳᠠ ᠬᠡᠯᠪᠡᠷᠢ ᠶᠢᠨ | ᠡᠮᠵᠡᠭ ᠠᠶᠤᠯᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠬᠡᠷᠡᠭᠵᠢᠭᠦᠯᠵᠦ᠂ ᠠᠭᠤᠯᠠᠨ ᠤ | ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠶᠢᠨ ᠰᠠᠭᠤᠷᠢ ᠶᠢ | ᠪᠠᠬᠢᠵᠢᠭᠦᠯᠵᠦ᠂ ᠪᠣᠷᠣᠲᠣᠬᠤᠶ᠂ ᠳ᠋ᠧᠩᠺᠸᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ | ᠦᠷᠭᠦᠯᠵᠢᠯᠡᠨ ᠢᠵᠢ ᠪᠦᠷᠢᠳᠦᠭᠦᠯᠦᠨ ᠪᠠᠶᠢᠭᠤᠯᠬᠤ ᠪᠠ ᠣᠳᠣᠬᠢᠴᠢᠯᠠᠬᠤ ᠪᠠᠷ ᠥᠭᠡᠷᠡᠴᠢᠯᠡᠨ ᠰᠢᠨᠡᠳᠬᠡᠬᠦ ᠶᠢ | ᠦᠷᠭᠦᠯᠵᠢᠯᠡᠨ ᠬᠡᠷᠡᠭᠵᠢᠭᠦᠯᠦᠨ᠎ᠡ᠃ | ︵ᠳᠣᠯᠤᠭ᠎ᠠ︶ ᠬᠤᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠬᠤᠲᠠ ᠶᠢᠨ ᠰᠢᠨᠡᠴᠢᠯᠡᠯ ᠢ | ᠠᠬᠢᠭᠤᠯᠤᠨ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ | ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠰᠢᠲᠠᠮᠠᠬᠠᠶ ᠬᠡᠶ᠂ ᠢᠯᠴᠢ ᠬᠠᠩᠭᠠᠬᠤ᠂ ᠤᠰᠤ | ᠬᠠᠩᠭᠠᠵᠤ ᠵᠠᠯᠠᠬᠤ ᠵᠡᠷᠭᠡ ᠬᠠᠭᠤᠴᠢᠨ ᠬᠤᠭᠤᠯᠠᠶ ᠭᠤᠤᠷᠰᠤ ᠶᠢᠨ ᠲᠤᠤᠷ ᠢ ᠰᠢᠨᠡᠳᠬᠡᠨ ᠥᠭᠡᠷᠡᠴᠢᠯᠡᠬᠦ ᠶᠢ | ᠠᠬᠢᠭᠤᠯᠤᠨ᠂ ᠬᠤᠲᠠ ᠶᠢᠨ ᠤᠰᠤᠲᠤᠯ ᠢ ᠰᠢᠰᠲ᠋ᠧᠮ ᠲᠠᠢ ᠵᠠᠰᠠᠵᠤ᠂ ᠪᠣᠬᠢᠷ ᠤᠰᠤ᠂ ᠬᠤᠭ ᠨᠣᠪᠰᠢ ᠰᠢᠢᠳᠪᠦᠷᠢᠯᠡᠬᠦ | ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠲᠠᠬᠢ 21.37 ᠲᠦᠮᠡᠨ ᠡᠷᠦᠬᠡ ᠥᠭᠡᠷᠡᠴᠢᠯᠡᠨ ᠰᠢᠨᠡᠳᠬᠡᠬᠦ᠂ ᠲᠥᠬᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠲᠠᠬᠢ 1 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷ | ᠲᠥᠯᠥᠪᠯᠡᠨ ᠬᠡᠷᠡᠭᠵᠢᠭᠦᠯᠵᠦ᠂ 1.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠯᠡᠬᠦ ᠣᠷᠣᠨ | ᠰᠠᠭᠤᠴᠠ ᠶᠢ ᠪᠠᠶᠢᠭᠤᠯᠥᠨ᠎ᠠ᠃ | ᠳᠥᠷᠪᠡ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ | ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠨ᠎ᠠ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠨ᠂ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ | ᠥᠬᠡᠶ ᠪᠣᠯᠭᠠᠬᠤ ᠪᠠᠷ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠷᠢᠶᠡᠨ ᠳᠤ ᠪᠥᠬᠦ ᠲᠠᠯ᠎ᠠ ᠪᠠᠷ ᠠᠬᠢᠭᠤᠯᠤᠨ᠂ | ᠤᠯᠤᠰ ᠤᠨ ᠠᠮᠢ ᠠᠬᠤᠶ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ | | ︵ᠨᠢᠭᠡ︶ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠭᠤᠯᠠ ᠤᠰᠤ | ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ | ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠶᠢᠨ ᠳᠠᠷᠤᠭ᠎ᠠ ᠶᠢᠨ ᠲᠦᠷᠢᠮ᠂ ᠭᠤᠤᠯ ᠮᠥᠷᠡᠨ ᠤ ᠳᠠᠷᠤᠭ᠎ᠠ ᠶᠢᠨ | ᠲᠦᠷᠢᠮ ᠢ ᠨᠠᠶᠢᠳᠠᠪᠤᠷᠢᠵᠢᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ | ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠰᠡᠨ ᠣᠶ ᠰᠢᠭᠤᠶ ᠶᠢᠨ | ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠢᠷ᠎ᠠ ᠬᠥᠷᠥᠰᠥᠲᠦ | ᠥᠨᠳᠦᠷᠯᠢᠭ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠥᠪᠥᠷ ᠮᠣᠩᠭᠤᠯ ᠤᠨ | ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠶᠡᠭᠡ ᠪᠠᠭ᠎ᠠ ᠬᠢᠩᠭᠠᠨ ᠳᠠᠪᠠᠭ᠎ᠠ ᠶᠢᠨ ᠣᠶ | ᠰᠢᠭᠤᠶ ᠶᠢᠨ ᠠᠮᠢ ᠠᠬᠤᠶ ᠶᠢ ᠬᠠᠮᠠᠭᠠᠯᠠᠵᠤ ᠪᠤᠶᠢᠵᠢᠭᠤᠯᠬᠤ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠠᠮᠢ ᠠᠬᠤᠶ ᠳᠤ ᠲᠥᠯᠥᠪᠦᠷᠢ ᠥᠭᠬᠦ ᠲᠦᠷᠢᠮ ᠢ | ᠨᠠᠶᠢᠳᠠᠪᠤᠷᠢᠵᠢᠭᠤᠯᠤᠨ᠎ᠠ᠃ ᠡᠬᠡ ᠪᠣᠯᠬᠤ ᠭᠤᠣᠯ ᠬᠠᠲᠤᠨ ᠭᠤᠤᠯ ᠢ ᠬᠠᠮᠠᠭᠠᠯᠠᠬᠤ ᠪᠠᠨ ᠲᠣᠪᠤᠶᠢᠮ᠎ᠠ ᠪᠠᠶᠢᠷᠢᠨ ᠳᠤ | ᠲᠠᠯᠪᠢᠵᠤ᠂ ︽ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠳᠠᠬᠢ ᠬᠡᠰᠡᠭ ᠤᠨ ᠠᠮᠢ ᠠᠬᠤᠶ ᠶᠢᠨ | ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠲᠣᠭᠲᠠᠭᠠᠨ᠂ ︽ᠤᠰᠤᠨ ᠤ ᠬᠡᠮᠵᠢᠶ᠎ᠡ ᠪᠠᠷ | ᠬᠤᠲᠠ ᠶᠢᠨ ᠪᠠᠭᠲᠠᠭᠠᠮᠵᠢ᠂ ᠭᠠᠵᠠᠷ ᠤᠨ ᠬᠡᠪᠴᠢᠶ᠎ᠡ᠂ ᠬᠥᠮᠥᠨ ᠠᠮᠠ᠂ ᠦᠢᠯᠡᠳᠪᠦᠷᠢᠯᠡᠯ ᠤᠨ ᠴᠢᠳᠠᠪᠤᠷᠢ ᠳᠥᠷᠪᠡ ᠶᠢ | ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠠᠲᠤᠨ ᠭᠤᠤᠯ ᠤᠨ ᠠᠮᠢ ᠠᠬᠤᠶ ᠶᠢᠨ | ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠭᠤᠷᠪᠠᠨ ᠨᠠᠭᠤᠷ︾ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠭᠦᠨᠵᠡᠭᠡᠢ ᠠᠬᠢᠭᠤᠯᠵᠤ᠂ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠡᠷᠴᠢᠮ ᠢᠶᠠᠨ | ᠴᠢᠩᠭᠠᠷᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠪᠠ ᠨᠤᠭᠤ ᠭᠠᠵᠠᠷ ᠢ ᠬᠠᠮᠠᠭᠠᠯᠠᠬᠤ ᠪᠠᠨ ᠦᠷᠭᠦᠯᠵᠢᠯᠡᠨ | ᠠᠬᠢᠭᠤᠯᠤᠨ᠎ᠠ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ | ᠠᠭᠤᠷᠬᠠᠢ ᠶᠢ ᠰᠢᠨ᠎ᠡ ᠪᠠᠷ 100 ᠭᠠᠷᠤᠢ ᠪᠠᠶᠢᠭᠤᠯᠤᠨ᠎ᠠ᠃ | ︵ᠬᠤᠶᠠᠷ︶ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ | ᠬᠢᠨ᠎ᠡ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ ᠠᠵᠢᠯᠯᠠᠭᠠᠨ ᠢ ᠦᠷᠭᠦᠯᠵᠢᠯᠡᠨ ᠠᠬᠢᠭᠤᠯᠵᠤ᠂ ᠦᠬᠠᠶ ᠵᠢᠴᠢ | ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠪᠣᠯᠬᠤ ᠣᠷᠣᠨ ᠪᠦᠰᠡ ᠶᠢᠨ ᠠᠭᠠᠷ ᠮᠠᠨᠳᠠᠯ ᠤᠨ | ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠠᠮᠲᠤᠷᠠᠨ ᠡᠷᠬᠡᠰᠢᠶᠡᠬᠦ ᠪᠠᠨ ᠭᠦᠨᠵᠡᠭᠡᠶᠢᠷᠡᠭᠦᠯᠦᠨ᠂ ᠭᠤᠤᠯᠳᠠᠯᠭ᠎ᠠ ᠪᠣᠯᠬᠤ | ᠠᠵᠢᠯ ᠲᠥᠷᠥᠯ ᠤᠨ ᠬᠡᠲᠦ ᠳᠤᠤᠷ᠎ᠠ ᠭᠠᠳᠠᠭᠰᠢᠯᠠᠭᠤᠯᠬᠤ ᠶᠢ ᠥᠭᠡᠷᠡᠴᠢᠯᠡᠨ ᠰᠢᠨᠡᠳᠬᠡᠬᠦ ᠪᠠᠨ ᠯᠠᠪᠳᠠᠭᠤᠨ ᠠᠬᠢᠭᠤᠯᠵᠤ | ᠂ ᠠᠵᠤ ᠦᠢᠯᠡᠳᠪᠦᠷᠢ ᠶᠢᠨ ᠵᠤᠤᠬ᠎ᠠ ᠠᠴᠠ ᠡᠭᠦᠰᠦᠭᠰᠡᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ | ᠵᠠᠰᠠᠬᠤ ᠪᠠᠨ ᠬᠦᠴᠦᠲᠡᠢ ᠬᠡᠷᠡᠭᠵᠢᠭᠦᠯᠦᠨ᠂ ᠨᠡᠭᠦᠷᠡᠰᠦ ᠲᠦᠯᠡᠵᠦ ᠡᠭᠦᠰᠦᠭᠰᠡᠨ ᠪᠣᠬᠢᠷᠲᠤᠯ᠂ ᠳᠡᠭᠳᠡᠮᠡᠬᠡᠶ ᠴᠢᠨᠠᠷ ᠲᠠᠢ | ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠨ ᠭᠦᠨᠵᠡᠭᠡᠶ ᠠᠬᠢᠭᠤᠯᠵᠤ᠂ ᠣᠽᠣᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠦᠨ᠂ ᠲᠣᠭᠤᠰᠣ ᠶᠢ ᠶᠡᠷᠦᠩᠬᠡᠶᠢᠯᠡᠨ ᠬᠠᠮᠢᠶᠠᠷᠴᠤ | ᠡᠷᠬᠡᠰᠢᠶᠡᠬᠦ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠠᠷᠭᠠᠴᠠᠭᠠᠨ᠎ᠠ᠃ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠪᠠᠨ ᠭᠦᠨᠵᠡᠭᠡᠶ ᠥᠷᠨᠢᠭᠦᠯᠵᠦ᠂ ᠪᠠᠷᠢᠮᠵᠢᠶ᠎ᠠ ᠳᠤ ᠬᠦᠷᠬᠦ | ᠦᠭᠡᠶ ᠤᠰᠤᠨ ᠴᠣᠭᠴᠠ ᠶᠢ ᠵᠠᠰᠠᠬᠤ ᠪᠠᠨ ᠴᠢᠩᠭᠠᠷᠠᠭᠤᠯᠤᠨ᠂ ᠪᠠᠷᠢᠮᠵᠢᠶ᠎ᠠ ᠪᠠᠷ ᠭᠠᠳᠠᠭᠰᠢᠯᠠᠭᠤᠯᠬᠤ ᠳᠤ ᠬᠢᠨᠠᠯᠲᠠ | ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠤᠰᠤᠨ ᠰᠤᠷᠪᠤᠯᠵᠢ ᠶᠢᠨ ᠭᠠᠵᠠᠷ ᠢ ᠵᠢᠷᠤᠮᠵᠢᠯ ᠲᠠᠢ ᠪᠦᠲᠦᠭᠡᠨ | ᠪᠠᠶᠢᠭᠤᠯᠬᠤ ᠪᠠᠨ ᠴᠢᠩᠭᠠᠳᠬᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠪᠠᠨ | ᠯᠠᠪᠳᠠᠭᠤᠨ ᠪᠠᠲᠤᠲᠠᠢ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠲᠤᠰᠬᠠᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠬᠦᠨᠳᠦ ᠲᠡᠮᠦᠷᠯᠢᠭ ᠤᠨ ᠪᠣᠬᠢᠷᠲᠤᠯ ᠪᠠ ᠰᠦᠯᠢᠶᠣᠣ ᠶᠢᠨ | ᠪᠣᠬᠢᠷᠲᠤᠯ ᠢ ᠪᠦᠬᠦ ᠬᠡᠯᠬᠢᠶᠡᠨ ᠳᠤ ᠨᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︽ᠬᠠᠶᠠᠭᠳᠠᠮᠠᠯ ᠪᠣᠳᠠᠰ ᠦᠭᠡᠢ | ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠯᠠᠪᠳᠠᠭᠤᠨ ᠢᠶᠠᠷ ᠠᠬᠢᠭᠤᠯᠤᠨ᠎ᠠ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ ᠬᠦᠴᠦᠯᠡᠨ ᠲᠤᠬᠢᠷᠠᠭᠤᠯᠵᠤ᠂ ᠪᠣᠬᠢᠷᠲᠤᠯ ᠦᠭᠡᠢ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠪᠠᠨ ᠠᠬᠢᠭᠤᠯᠤᠨ᠎ᠠ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ ᠱᠤᠭᠤᠮ ᠨᠢᠭᠡ | ᠲᠠᠩᠰᠠ︾ ᠶᠢᠨ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠤᠰᠤᠨ ᠤ ᠡᠬᠢ | ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠵᠤ ᠤᠰᠤ ᠶᠢ ᠡᠵᠡᠮᠳᠡᠬᠦ | ᠭᠦᠨᠵᠡᠭᠡᠢ ᠠᠵᠢᠯᠯᠠᠭ᠎ᠠ ᠪᠠᠨ ᠠᠬᠢᠭᠤᠯᠤᠨ᠂ ᠤᠰᠤᠨ ᠤ ᠡᠬᠢ ᠰᠤᠷᠪᠤᠯᠵᠢ ᠶᠢᠨ ᠬᠤᠷᠣᠭᠳᠠᠯ ᠢ ᠡᠵᠡᠮᠳᠡᠬᠦ ᠡᠭᠦᠷᠭᠡ ᠪᠠᠨ | ᠰᠠᠶᠢᠲᠤᠷ ᠨᠠᠶᠢᠳᠠᠪᠤᠷᠢᠵᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ | ᠬᠡᠮᠵᠢᠭᠳᠡᠯ ᠠᠴᠠ ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠨᠢ | ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ | ᠪᠠᠶᠢᠭᠤᠯᠤᠨ ᠪᠦᠷᠢᠯᠳᠦᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠲᠦᠷᠢᠮ ᠢ | ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠦᠨ᠎ᠡ᠃ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠵᠦ᠂ ᠦᠢᠯᠡᠳᠪᠦᠷᠢᠯᠡᠯ ᠤᠨ ᠬᠦᠷᠢᠶᠡᠨ ᠳᠤ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ᠂ | ᠡᠷᠴᠢᠮᠵᠢᠭᠦᠯᠬᠦ᠂ ᠣᠷᠴᠢᠯᠳᠤᠭᠤᠯᠤᠨ ᠠᠰᠢᠭᠯᠠᠬᠤ ᠶᠢ ᠠᠬᠢᠭᠤᠯᠤᠨ᠂ ︽ᠬᠤᠶᠠᠷ ᠶᠡᠬᠡᠲᠡᠢ︾ ᠲᠥᠷᠥᠯ ᠵᠦᠢᠯ ᠢ | ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ ᠵᠣᠭᠰᠣᠭᠠᠵᠤ᠂ ᠡᠨᠧᠷᠭᠢ ᠶᠢᠨ ᠠᠰᠢᠭᠯᠠᠮᠵᠢ ᠶᠢᠨ ᠬᠡᠪ | ᠳᠠᠭᠤᠷᠢᠶᠠᠯ ᠤᠨ ᠬᠢᠷᠢ ᠲᠦᠪᠰᠢᠨ ᠢᠶᠠᠷ ᠪᠠᠷᠢᠮᠵᠢᠶ᠎ᠠ ᠪᠣᠯᠭᠠᠵᠤ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠠᠵᠤ | ᠠᠬᠤᠶᠢᠯᠠᠯ ᠢ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠨᠢ ᠡᠮᠬᠢ ᠵᠢᠷᠤᠮ ᠲᠠᠢ ᠬᠡᠷᠡᠭᠵᠢᠭᠦᠯᠦᠨ᠂ ᠪᠣᠬᠢᠷᠲᠤᠯ | ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠪᠡᠷᠬᠡ ᠰᠡᠳᠦᠪ ᠢ | ᠰᠢᠢᠳᠪᠦᠷᠢᠯᠡᠬᠦ ᠶᠢ ᠨᠢ ᠴᠢᠩᠭᠠᠳᠬᠠᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠨᠢ ᠲᠦᠷᠭᠡᠳᠬᠡᠨ᠎ᠡ︔ | ᠬᠡᠷᠡᠭᠯᠡᠭᠡ ᠶᠢᠨ ᠬᠦᠷᠢᠶᠡᠨ ᠳᠤ᠂ ᠪᠥᠬᠦ ᠠᠷᠠᠳ ᠤᠨ ᠠᠷᠪᠢᠯᠠᠨ ᠭᠠᠮᠨᠠᠬᠤ ᠦᠵᠡᠯ ᠤᠬᠠᠮᠰᠠᠷ ᠢ ᠴᠢᠩᠭᠠᠷᠠᠭᠤᠯᠵᠤ᠂ | ᠠᠷᠪᠢᠲᠠᠶ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠪᠥᠬᠦ ᠨᠡᠶᠢᠭᠡᠮ ᠢᠶᠠᠷ ᠢᠶᠠᠨ ᠴᠠᠬᠢᠯᠭᠠᠨ ᠠᠷᠪᠢᠯᠠᠵᠤ ᠬᠡᠷᠡᠭᠯᠡᠬᠦ ᠪᠠ | ᠡᠨᠧᠷᠭᠢ ᠬᠡᠷᠡᠭᠯᠡᠬᠦ ᠶᠢ ᠨᠢ ᠴᠢᠩᠭᠠᠳᠬᠠᠬᠤ ᠶᠢ ᠠᠬᠢᠭᠤᠯᠵᠤ᠂ ᠬᠤᠲᠠ ᠶᠢᠨ ᠦᠵᠡᠮᠦᠷᠢ ᠶᠢᠨ ᠭᠡᠷᠡᠯᠲᠦᠭᠦᠯᠭᠡ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠡᠨᠧᠷᠭᠢ ᠠᠷᠪᠢᠯᠠᠬᠤ ᠶᠢ | ᠴᠢᠩᠭᠠᠷᠠᠭᠤᠯᠵᠤ᠂ ᠪᠠᠷᠠᠭᠠᠨ ᠤ ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠶᠢ | ᠠᠬᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ᠃ | ᠲᠠᠪᠤ᠂ ᠠᠩᠬᠠᠨ ᠤ ᠪᠦᠲᠦᠭᠡᠭᠳᠡᠬᠦᠨ ᠤ ᠬᠠᠩᠭᠠᠵᠤ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ | ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠤᠢ ᠪᠣᠯᠭᠠᠵᠤ᠂ ᠰᠢᠰᠲ᠋ᠧᠮ ᠤᠨ ᠦᠵᠡᠯᠲᠡ ᠶᠢ | ᠪᠠᠷᠢᠮᠲᠠᠯᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠮᠤ ᠪᠤᠳᠠᠭ᠎ᠠ ᠪᠠ ᠡᠨᠧᠷᠭᠢ ᠶᠢᠨ | ᠬᠠᠩᠭᠠᠵᠤ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠨ᠂ ᠭᠤᠣᠯᠳᠠᠯᠭ᠎ᠠ ᠪᠣᠯᠬᠤ ᠬᠦᠷᠢᠶᠡᠨ ᠤ ᠲᠦᠭᠰᠢᠭᠦᠷᠢ ᠶᠢ | ᠬᠦᠴᠦᠯᠡᠨ ᠰᠡᠷᠭᠡᠶᠢᠯᠡᠵᠦ ᠠᠷᠢᠯᠭᠠᠨ᠎ᠠ᠃ | ︵ᠨᠢᠭᠡ︶ ᠠᠮᠤ ᠪᠤᠳᠠᠭ᠎ᠠ ᠰᠦ ᠮᠢᠬᠠᠨ ᠤ ᠦᠢᠯᠡᠳᠪᠦᠷᠢᠯᠡᠯ ᠢ ᠬᠦᠴᠦᠯᠡᠨ ᠲᠣᠭᠲᠠᠪᠤᠷᠢᠵᠢᠭᠤᠯᠤᠨ᠎ᠠ᠃ | ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ | ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ | ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠂ ᠠᠮᠤ ᠪᠤᠳᠠᠭ᠎ᠠ ᠳᠠᠷᠢᠬᠤ ᠲᠠᠯᠠᠪᠠᠶ | ᠪᠠ ᠤᠨᠠᠯᠲᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ 400 ᠲᠦᠮᠡᠨ ᠮᠦ ᠪᠠᠶᠢᠭᠤᠯᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠢ | ᠲᠠᠷᠢᠶᠠᠯᠠᠭ᠎ᠠ ᠶᠢ 1350 ᠲᠦᠮᠡᠨ ᠮᠦ ᠪᠣᠯᠭᠠᠨ᠂ ᠰᠢᠷ᠎ᠠ ᠪᠤᠷᠴᠠᠭ ᠲᠠᠷᠢᠬᠤ ᠬᠡᠪᠴᠢᠶ᠎ᠡ ᠶᠢ 500 ᠲᠦᠮᠡᠨ ᠮᠦ | ᠥᠷᠭᠡᠳᠬᠡᠬᠦ ᠡᠭᠦᠷᠭᠡ ᠪᠠᠨ ᠪᠡᠶᠡᠯᠡᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠂ | ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ ᠠᠳᠬᠤᠨ᠎ᠠ᠃ ᠣᠲᠣ ᠦᠶ᠎ᠡ ᠶᠢᠨ ᠮᠠᠯ ᠠᠵᠤ | ᠠᠬᠤᠶ ᠶᠢᠨ ᠬᠥᠭᠵᠢᠯᠲᠡ ᠶᠢ ᠲᠦᠷᠭᠡᠳᠬᠡᠨ᠂ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠰᠦ ᠶᠢᠨ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠪᠠᠲᠤᠲᠠᠶ ᠠᠬᠢᠭᠤᠯᠤᠨ᠂ ᠮᠢᠬᠠᠨ ᠤ ᠵᠦᠢᠯ ᠤᠨ ᠭᠠᠷᠤᠯᠲᠠ ᠶᠢ 260 ᠲᠦᠮᠡᠨ ᠲᠣᠨ ᠳᠤ | ᠲᠣᠭᠲᠠᠪᠤᠷᠢᠵᠢᠭᠤᠯᠬᠤ᠂ ᠰᠦ ᠶᠢᠨ ᠭᠠᠷᠤᠯᠲᠠ ᠶᠢ 720 ᠲᠦᠮᠡᠨ ᠲᠣᠨ ᠳᠤ ᠬᠦᠷᠭᠡᠬᠦ ᠶᠢ ᠠᠬᠢᠭᠤᠯᠤᠨ᠎ᠠ᠃ | ︵ᠬᠤᠶᠠᠷ︶ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠪᠠ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠤᠨ᠂ | ᠲᠡᠷᠢᠭᠦᠨ ᠤ ᠦᠢᠯᠡᠳᠪᠦᠷᠢᠯᠡᠬᠦ ᠴᠢᠳᠠᠮᠵᠢ ᠶᠢ ᠡᠮᠬᠢ ᠵᠢᠷᠤᠮ ᠲᠠᠢ ᠪᠠᠷ ᠪᠠᠳᠠᠷᠠᠭᠤᠯᠵᠤ᠂ ᠨᠡᠭᠦᠷᠡᠰᠦᠨ ᠤ ᠭᠠᠷᠤᠯᠲᠠ ᠶᠢ | 10 ᠳ᠋ᠦᠩᠰᠢᠭᠤᠷ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠴᠠᠬᠢᠯᠭᠠᠨ ᠬᠦᠴᠦᠨ ᠤ ᠬᠠᠩᠭᠠᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠵᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠵᠦᠢ | ᠵᠣᠬᠢᠰᠲᠠᠢ ᠡᠯᠪᠡᠭ ᠪᠠᠶᠢᠬᠤ ᠶᠢ ᠪᠠᠲᠤᠯᠠᠨ᠂ ᠣᠳᠣ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ | ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠶᠢ ᠨᠢ ᠢᠳᠡᠪᠬᠢᠲᠡᠢ ᠠᠬᠢᠭᠤᠯᠵᠤ᠂ ᠴᠠᠬᠢᠯᠭᠠᠨ ᠬᠦᠴᠦᠨ ᠤ ᠶᠡᠷᠦᠩᠬᠡᠢ | ᠮᠠᠰᠢᠨ ᠴᠣᠭᠴᠠᠯᠠᠪᠤᠷᠢ ᠶᠢ 1.6 ᠳ᠋ᠦᠩᠰᠢᠭᠤᠷ ᠬᠢᠯᠦᠸᠠᠲ ᠠᠴᠠ ᠳᠡᠭᠡᠭᠰᠢ ᠪᠣᠯᠭᠠᠨ᠎ᠠ᠃ ᠴᠠᠬᠢᠯᠭᠠᠨ ᠭᠠᠷᠭᠠᠵᠤ | ᠢᠯᠴᠢ ᠬᠠᠩᠭᠠᠬᠤ ᠠᠵᠤ ᠠᠬᠤᠶᠢᠯᠠᠯ ᠤᠨ ᠨᠡᠭᠦᠷᠡᠰᠦᠨ ᠤ ᠤᠷᠲᠤᠪᠲᠤᠷ ᠪᠠ ᠤᠷᠲᠤ ᠬᠤᠭᠤᠴᠠᠭᠠᠨ ᠤ ᠭᠡᠷ᠎ᠡ ᠪᠠᠨ | ᠪᠦᠷᠢᠨ ᠪᠥᠷᠬᠦᠭᠦᠯᠬᠦ ᠶᠢ ᠠᠬᠢᠭᠤᠯᠬᠤ ᠶᠢᠨ ᠬᠠᠮᠲᠤ᠂ ᠭᠡᠷ᠎ᠡ ᠪᠠᠨ ᠭᠦᠢᠴᠡᠳᠬᠡᠬᠦ ᠨᠣᠷᠮ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠨᠥᠭᠡᠴᠡ ᠪᠣᠷᠣᠯᠠᠭᠤᠯᠤᠯᠲᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠡᠨᠧᠷᠭᠢ ᠬᠡᠷᠡᠭᠯᠡᠬᠦ ᠶᠢ ᠪᠠᠲᠤᠯᠠᠬᠤ ᠲᠥᠰᠦᠯ ᠢᠶᠠᠨ ᠨᠠᠷᠢᠯᠢᠬᠵᠢᠭᠤᠯᠤᠨ | ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ | ᠠᠷᠠᠳ ᠤᠨ ᠠᠮᠢᠳᠤᠷᠠᠯ ᠪᠠ ᠤᠯᠠᠨ ᠨᠡᠶᠢᠲᠡ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ | ᠪᠠᠲᠤᠯᠠᠨ᠎ᠠ᠃ ᠬᠤᠪᠣᠷ ᠰᠢᠷᠣᠶ ᠵᠡᠷᠭᠡ ᠡᠬᠢ ᠪᠠᠶᠠᠯᠢᠭ ᠢ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ᠂ ᠴᠢᠨᠠᠷ | ᠰᠠᠶᠢᠲᠠᠶ ᠨᠡᠭᠡᠭᠡᠨ ᠠᠰᠢᠭᠯᠠᠬᠤ ᠶᠢ ᠨᠢ ᠠᠬᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ︾ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠠᠭᠤᠷᠬᠠᠶ ᠶᠢᠨ ᠦᠢᠯᠡᠰ ᠤᠨ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ | ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠤᠨ ᠬᠠᠨᠳᠤᠰᠢ ᠶᠢ ᠴᠢᠩᠭ᠎ᠠ ᠮᠥᠷᠳᠡᠵᠦ ᠰᠤᠳᠤᠯᠤᠨ | ᠮᠠᠭᠠᠳᠯᠠᠵᠤ᠂ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ | ︵ᠭᠤᠷᠪᠠ︶ ᠭᠤᠤᠯᠳᠠᠯᠭ᠎ᠠ ᠪᠣᠯᠬᠤ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠶᠡᠭᠡ | ᠲᠠᠯ᠎ᠠ ᠶᠢ ᠲᠣᠭᠲᠠᠭᠤᠨ ᠪᠠᠶᠢᠯᠭᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠬᠦ᠂ ᠣᠨᠣᠴᠠᠲᠠᠢ ᠵᠠᠳᠠᠯᠵᠤ ᠰᠢᠢᠳᠪᠦᠷᠢᠯᠡᠬᠦ ᠴᠢᠭᠯᠡᠯᠲᠡ ᠶᠣᠰᠣᠭᠠᠷ᠂ ᠲᠦᠭᠰᠢᠭᠦᠷᠢ ᠶᠢ | ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ | ᠪᠠᠶᠢᠳᠠᠯ ᠢ ᠦᠨᠡᠨ ᠬᠦ ᠬᠠᠮᠠᠭᠠᠯᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠦᠷᠢᠮ ᠪᠠ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠣᠷᠣᠨ ᠨᠤᠲᠤᠭ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠤ | ᠠᠬᠤᠶᠢᠯᠠᠯ ᠤᠨ ᠥᠪᠡᠷ ᠢ ᠪᠠᠨ ᠠᠪᠤᠷᠬᠠᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠪᠠᠩᠬᠢ ᠶᠢᠨ | ᠦᠢᠯᠡᠰ ᠤᠨ ᠵᠦᠶ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠲᠤᠰᠬᠠᠶ ᠠᠵᠢᠯᠯᠠᠭᠠᠨ ᠢ ᠨᠢ | ᠬᠡᠷᠡᠭᠵᠢᠭᠦᠯᠦᠨ ᠠᠬᠢᠭᠤᠯᠵᠤ᠂ ᠲᠦᠭᠰᠢᠭᠦᠷᠢ ᠶᠡᠬᠡᠲᠡᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ | ᠯᠠᠪᠳᠠᠭᠤᠨ ᠪᠠᠲᠤᠲᠠᠶ ᠠᠷᠢᠯᠭᠠᠵᠦ ᠰᠢᠢᠳᠪᠦᠷᠢᠯᠡᠨ᠂ ᠢᠲᠡᠭᠡᠮᠵᠢᠲᠦ ᠵᠢᠭᠡᠯᠡᠯᠭᠡ ᠶᠢᠨ ᠭᠡᠷ᠎ᠡ ᠠᠴᠠ ᠵᠥᠷᠢᠴᠡᠬᠦ | ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ | ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ︽ᠠᠷᠪᠢᠲᠠᠢ ᠭᠠᠮᠲᠠᠢ | ᠠᠮᠢᠳᠤᠷᠠᠬᠤ︾ ᠶᠢ ᠪᠠᠷᠢᠮᠲᠠᠯᠠᠨ᠂ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠴᠢᠩᠭ᠎ᠠ ᠬᠢᠵᠠᠭᠠᠷᠯᠠᠬᠤ ᠪᠠ | ᠪᠠᠭᠠᠰᠬᠠᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠠᠵᠢᠯᠯᠠᠭᠠᠨ ᠤ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠶᠢ ᠵᠦᠶ | ᠵᠣᠬᠢᠰᠲᠠᠶ ᠲᠣᠭᠲᠠᠭᠠᠵᠤ᠂ ᠳᠠᠯᠳᠠ ᠴᠢᠨᠠᠷᠲᠠᠶ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠨ᠂ ᠳᠠᠯᠳᠠ | ᠴᠢᠨᠠᠷᠲᠠᠶ ᠥᠷᠢ ᠥᠭᠴᠡᠭᠡ ᠶᠢᠨ ᠦᠯᠡᠳᠡᠭᠡᠯ ᠢ ᠡᠮᠬᠢ ᠵᠢᠷᠤᠮ ᠲᠠᠢ ᠪᠠᠷ ᠠᠷᠢᠯᠭᠠᠨ᠎ᠠ᠃ ︽ᠰᠠᠭᠤᠬᠤ ᠠᠴᠠ ᠪᠢᠰᠢ | ᠰᠠᠷᠢᠭᠠᠯᠠᠬᠤ ᠥᠬᠡᠶ︾ ᠪᠠᠶᠢᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠵᠢᠱᠢᠯᠲᠡ ᠪᠠᠷ ᠬᠥᠲᠥᠯᠥᠨ | ᠵᠢᠯᠣᠭᠤᠳᠬᠤ ᠶᠢ ᠴᠢᠩᠭᠠᠳᠬᠠᠵᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠪᠠᠨ | ᠪᠠᠷᠢᠮᠲᠠᠯᠠᠨ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠬᠥᠭᠵᠢᠭᠦᠯᠵᠦ | ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ | ᠰᠢᠨ᠎ᠡ ᠠᠷᠠᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ | ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠡᠷ ᠪᠠᠶᠢᠰᠢᠩ ᠭᠠᠵᠠᠷ | ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢᠶᠠᠨ ᠪᠠᠬᠢᠵᠢᠭᠦᠯᠦᠨ | ᠳᠡᠭᠡᠭᠰᠢᠯᠡᠭᠦᠯᠬᠦ ᠠᠵᠢᠯ ᠢ ᠭᠦᠨᠵᠡᠭᠡᠶ ᠥᠷᠨᠢᠭᠦᠯᠦᠨ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ | ᠠᠭᠤᠷᠬᠠᠶ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠪᠣᠯᠬᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ | ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ | ᠪᠦᠲᠦᠮᠵᠢᠲᠡᠶ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭᠠᠨ ᠤ ᠪᠠᠲᠤᠯᠠᠭ᠎ᠠ ᠶᠢᠨ | ᠲᠣᠭᠲᠠᠯᠴᠠᠭ᠎ᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ᠂ ᠣᠷᠣᠨ | ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠪᠠ ᠡᠳ᠋ ᠪᠠᠷᠠᠭ᠎ᠠ | ᠲᠣᠨᠤᠭ ᠲᠥᠬᠦᠭᠡᠷᠦᠮᠵᠢ ᠨᠥᠭᠡᠴᠡᠯᠡᠬᠦ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠪᠠᠶᠢᠭᠠᠯᠢ ᠶᠢᠨ | ᠭᠠᠮᠰᠢᠭ ᠢ ᠰᠡᠷᠭᠡᠶᠢᠯᠡᠨ ᠵᠠᠰᠠᠬᠤ ᠭᠤᠣᠯᠳᠠᠯᠭ᠎ᠠ ᠪᠣᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ | ᠂ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ | ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠢᠷᠭᠤᠭ᠎ᠠ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠣᠷᠣᠨ ᠪᠦᠰᠡ ᠶᠢᠨ ᠵᠣᠬᠢᠴᠠᠯᠳᠤᠯ ᠢ | ᠠᠬᠢᠭᠤᠯᠵᠤ᠂ ᠤᠯᠤᠰ ᠤᠨ ᠳᠣᠲᠣᠭᠠᠳᠤ ᠳᠠᠬᠢ ᠶᠡᠭᠡ ᠣᠷᠴᠢᠯ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ | ᠬᠤᠣᠰ ᠣᠷᠴᠢᠯ ᠳᠤ ᠪᠥᠬᠦ ᠲᠠᠯ᠎ᠠ ᠪᠠᠷ ᠣᠷᠣᠯᠴᠠᠨ ᠠᠭᠤᠰᠤᠯᠴᠠᠨ᠎ᠠ | ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠬᠢᠷᠢ ᠲᠦᠪᠰᠢᠨ ᠪᠥᠬᠦᠶ | ᠨᠡᠭᠡᠭᠡᠯᠲᠡ ᠶᠢ ᠥᠷᠭᠡᠳᠬᠡᠨ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ | ᠡᠯ᠎ᠡ ᠵᠦᠢᠯ ᠤᠨ ︽ᠬᠤᠷᠢᠭ᠎ᠠ ᠴᠡᠭ︾᠂ ︽ᠲᠦᠭᠵᠢᠷᠡᠯ ᠴᠡᠭ︾ ᠢ ᠡᠷᠡᠰ ᠠᠷᠢᠯᠭᠠᠵᠤ ᠰᠢᠯᠤᠭᠤᠳᠬᠠᠨ᠂ | ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠪᠠ ᠲᠡᠩᠴᠡᠭᠦᠷᠢᠲᠦ ᠴᠢᠨᠠᠷ ᠵᠣᠬᠢᠴᠠᠩᠭᠤᠶ ᠴᠢᠨᠠᠷ ᠢ | ᠴᠢᠩᠭᠠᠷᠠᠭᠤᠯᠤᠨ᠎ᠠ᠃ | ︵ᠨᠢᠭᠡ︶ ᠭᠤᠤᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ | ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠢ | ᠬᠡᠷᠡᠭᠵᠢᠭᠦᠯᠵᠦ᠂ ᠥᠮᠴᠢᠯᠡᠯ ᠤᠨ ᠡᠷᠬᠡ ᠶᠢᠨ ᠲᠦᠷᠢᠮ ᠪᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ | ᠵᠦᠢᠯᠡᠰ ᠤᠨ ᠨᠠᠷᠢᠨ ᠬᠠᠭᠤᠳᠠᠰᠤ ᠶᠢᠨ ᠲᠦᠷᠢᠮ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ | ᠨᠠᠶᠢᠳᠠᠪᠤᠷᠢᠵᠢᠭᠤᠯᠵᠤ᠂ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠨ᠂ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠰᠠᠭᠠᠳ ᠥᠬᠡᠶ ᠨᠡᠪᠲᠡᠷᠡᠬᠦ᠂ ᠨᠡᠭᠡᠭᠡᠯᠲᠡ ᠬᠢᠬᠦ ᠨᠢ ᠡᠮᠬᠢ | ᠵᠢᠷᠤᠮ ᠲᠠᠢ᠂ ᠥᠷᠢᠰᠥᠯᠳᠦᠭᠡᠨ ᠨᠢ ᠭᠦᠢᠴᠡᠳ᠂ ᠡᠮᠬᠢ ᠳᠢᠭᠯᠢᠮ ᠨᠢ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠦᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ | ᠡᠭᠦᠷᠭᠡ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠳᠠᠬᠢᠨᠲᠠ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠵᠦ ᠨᠡᠶᠢᠯᠡᠭᠦᠯᠬᠦ ᠶᠢ ᠯᠠᠪᠳᠠᠭᠤᠨ ᠢᠶᠠᠷ | ᠠᠬᠢᠭᠤᠯᠤᠨ᠂ ᠠᠵᠢᠯ ᠲᠥᠷᠥᠯ ᠤᠨ ᠲᠡᠷᠢᠭᠦᠨ ᠳᠡᠰ ᠤᠨ ᠪᠠᠷᠢᠮᠵᠢᠶ᠎ᠠ ᠲᠠᠢ ᠬᠠᠷᠢᠴᠠᠭᠤᠯᠵᠤ ᠬᠠᠮᠢᠶᠠᠷᠤᠯᠲᠠ ᠪᠠᠨ | ᠳᠡᠭᠡᠭᠰᠢᠯᠡᠭᠦᠯᠬᠦ ᠲᠤᠰᠬᠠᠶ ᠠᠵᠢᠯᠯᠠᠭᠠᠨ ᠢ ᠭᠦᠨᠵᠡᠭᠡᠶ ᠥᠷᠨᠢᠭᠦᠯᠵᠦ᠂ ᠠᠯᠳᠠᠭᠳᠠᠯ ᠲᠠᠢ ᠭᠤᠣᠯᠳᠠᠯᠭ᠎ᠠ ᠪᠣᠯᠬᠤ ᠠᠵᠤ | ᠠᠬᠤᠶᠢᠯᠠᠯ ᠳᠤ ᠲᠤᠰᠬᠠᠶ ᠴᠡᠭᠴᠡᠯᠡᠨ ᠵᠠᠰᠠᠬᠤ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠱᠠᠲᠤ | ᠲᠠᠰ ᠢ ᠶᠡᠭᠡ ᠪᠠᠷ ᠪᠠᠭᠠᠰᠬᠠᠵᠤ᠂ ᠬᠠᠤᠯᠢ ᠶᠢᠨ ᠡᠷᠬᠡᠲᠡᠨ ᠤ ᠡᠷᠦᠬᠡ ᠶᠢᠨ ᠲᠤᠭ᠎ᠠ ᠶᠢ ᠨᠢ ᠬᠠᠰᠤᠨ᠂ ᠬᠤᠯᠢᠮᠠᠭ | ᠥᠮᠴᠢᠯᠡᠯᠲᠦ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠤᠨ᠎ᠠ᠃ ᠡᠳ᠋ ᠤᠨ | ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠥᠰᠦᠪ ᠤᠨ | ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠤᠳ ᠪᠡᠯᠡ ᠲᠤᠬᠢᠷᠠᠭᠤᠯᠬᠤ ᠬᠡᠪᠴᠢᠶ᠎ᠡ ᠶᠢ | ᠥᠷᠭᠡᠳᠬᠡᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ | ᠬᠤᠳᠠᠯᠳᠤᠭᠠᠨ ᠤ ᠪᠠᠩᠬᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠨ᠎ᠡ | ᠬᠠᠩᠰᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠬᠢᠷᠲᠤᠯ ᠥᠬᠡᠶ | ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠰᠢᠲᠠᠮᠠᠬᠠᠶ | ᠬᠡᠢ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ | ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ | ᠬᠤᠯᠪᠣᠭᠳᠠᠭᠤᠯᠤᠭᠰᠠᠨ ᠬᠤᠯᠪᠣᠭᠠᠯᠠᠵᠤ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠎ᠡ᠃ ᠴᠠᠬᠢᠯᠭᠠᠨ ᠬᠦᠴᠦᠨ ᠤ | ᠵᠠᠬ᠎ᠠ ᠳᠡᠯᠭᠡᠭᠦᠷ ᠤᠨ ᠠᠷᠠᠯᠵᠢᠶ᠎ᠠ ᠶᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠪᠡᠯᠡᠨ ᠪᠠᠷᠠᠭ᠎ᠠ ᠶᠢᠨ ᠵᠠᠬ᠎ᠠ | ᠳᠡᠯᠭᠡᠭᠦᠷ ᠤᠨ ᠲᠤᠷᠰᠢᠬᠤ ᠠᠵᠢᠯᠯᠠᠭᠠᠨ ᠢ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠠᠷᠢᠶᠠᠯᠠᠬᠤ ᠣᠷᠣᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ︵ᠬᠤᠶᠠᠷ︶ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ | ᠪᠥᠲᠥᠭᠡᠨ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ | ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠪᠠ ᠠᠭᠤᠰᠤᠯᠴᠠᠭᠤᠯᠤᠨ᠂ ᠥᠪᠡᠷᠲᠡᠭᠡᠨ ᠵᠠᠰᠠᠬᠤ ᠣᠷᠣᠨ ᠤ | ︽ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯᠯᠠᠭᠠᠨ ᠤ | ᠲᠥᠰᠦᠯ︾ ︵ᠥᠪᠥᠷ ᠨᠠᠮ ᠲᠠᠷᠬᠠᠭᠠᠭᠰᠠᠨ ︹ 2021︺ 23 ᠳ᠋ᠤᠭᠠᠷ ᠲᠣᠭᠠᠲᠤ︶ ᠢ ᠲᠦᠷᠭᠡᠳᠬᠡᠨ | ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠠᠯᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ | ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 8% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠴᠢᠩᠭᠠᠳᠬᠠᠨ᠂ ︽ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠲᠡᠭᠡᠭᠡᠪᠦᠷᠢ ᠶᠢᠨ | ᠴᠢᠳᠠᠪᠤᠷᠢ ᠶᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ︾ ︵ᠬᠥᠭᠵᠢᠭᠦᠯᠦᠯᠲᠡ ᠥᠭᠡᠷᠡᠴᠢᠯᠡᠯᠲᠡ ᠰᠠᠭᠤᠷᠢ | ︹2021︺ 867 ᠳ᠋ᠤᠭᠠᠷ ᠲᠣᠭᠠᠲᠤ︶ ᠤᠨ ᠭᠤᠣᠯᠳᠠᠯᠭ᠎ᠠ ᠪᠣᠯᠬᠤ ᠲᠥᠷᠥᠯ ᠵᠦᠢᠯ ᠢ ᠠᠬᠢᠭᠤᠯᠤᠨ | ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠤᠨ᠎ᠠ᠃ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠬᠤᠣᠰ ᠴᠢᠭᠯᠡᠯ ᠢᠶᠠᠷ ᠪᠠᠶᠢᠩᠭᠤ ᠠᠵᠢᠯᠯᠠᠭᠤᠯᠬᠤ ᠦᠷ᠎ᠡ ᠠᠰᠢᠭ ᠢ | ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ 300 ᠭᠠᠷᠤᠢ ᠴᠤᠪᠤᠭ᠎ᠠ ᠶᠢᠨ | ᠲᠣᠭᠲᠠᠭᠤᠨ ᠢᠶᠠᠷ ᠲᠡᠭᠡᠭᠡᠪᠦᠷᠢᠯᠡᠨ ᠡᠵᠡᠩᠨᠡᠬᠦ ᠶᠢ ᠠᠬᠢᠭᠤᠯᠤᠨ᠎ᠠ᠃ ᠳᠤᠮᠳᠠᠳᠤ ᠤᠯᠤᠰ ︵ᠥᠪᠥᠷ ᠮᠣᠩᠭᠤᠯ︶ ᠤᠨ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠢ ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ | ᠮᠡᠳᠡᠭᠦᠯᠦᠨ᠎ᠡ᠃ ᠤᠯᠤᠰ ᠤᠨ ᠳᠣᠲᠣᠭᠠᠳᠤ ᠳᠠᠬᠢ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠭ᠎ᠠ ᠶᠢ | ᠴᠢᠩᠭᠠᠳᠬᠠᠨ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠣᠷᠣᠨ ᠤ ᠳᠣᠲᠣᠷᠠᠬᠢ | ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠪᠠᠷᠠᠭᠠᠨ ᠤ | ᠭᠦᠢᠯᠭᠡᠭᠡᠨ ᠤ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠯᠦᠭᠡ ᠪᠥᠬᠦ | ᠲᠠᠯ᠎ᠠ ᠪᠠᠷ ᠵᠣᠯᠭᠠᠭᠤᠯᠬᠤ ᠪᠠ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ | ︵ᠭᠤᠷᠪᠠ︶ ᠬᠤᠲᠠ ᠬᠥᠳᠡᠭᠡ ᠠᠭᠤᠰᠤᠯᠴᠠᠭᠰᠠᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ | ᠠᠬᠢᠭᠤᠯᠤᠨ᠎ᠠ᠃ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠣᠷᠣᠨ ᠪᠦᠰᠡ ᠶᠢᠨ ᠪᠠᠶᠢᠷᠢᠰᠢᠯ ᠢ ᠪᠤᠢ ᠪᠣᠯᠭᠠᠨ᠂ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ | ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠤᠳᠤᠯᠭ᠎ᠠ ᠶᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ︽ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ | ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠡᠷᠡᠭᠵᠢᠭᠦᠯᠵᠦ᠂ ᠵᠡᠭᠦᠨ ᠳᠤᠮᠳᠠ ᠪᠠᠷᠠᠭᠤᠨ ᠬᠡᠰᠡᠭ ᠤᠨ | ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠨ ᠪᠥᠬᠦ ᠲᠠᠯ᠎ᠠ ᠪᠠᠷ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ | ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠬᠥᠳᠡᠯᠦᠩᠭᠦᠶ ᠪᠠᠷ ᠬᠢᠨᠠᠨ ᠰᠢᠨᠵᠢᠬᠦ ᠪᠠ ᠲᠦᠢᠯ ᠤᠨ | ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠲᠦ ᠴᠢᠨᠠᠷᠲᠠᠶ ᠪᠠᠷ ᠪᠤᠴᠠᠭᠠᠳ | ᠶᠠᠳᠠᠭᠤᠷᠠᠬᠤ ᠪᠠᠶᠢᠳᠠᠯ ᠡᠭᠦᠰᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠪᠠᠨ ᠲᠦᠷᠭᠡᠳᠬᠡᠵᠦ᠂ ᠮᠠᠯᠵᠢᠬᠤ | ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ | ᠲᠠᠪᠤᠨ ᠵᠢᠯ ᠤᠨ ᠠᠵᠢᠯᠯᠠᠭᠠᠨ ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠨ ᠠᠬᠢᠭᠤᠯᠵᠤ᠂ ᠤᠰᠤ ᠴᠠᠬᠢᠯᠭᠠᠨ ᠵᠠᠮ ᠬᠡᠶ ᠪᠠ ᠦᠶᠡᠷ ᠢ ᠰᠡᠷᠭᠡᠶᠢᠯᠡᠬᠦ | ᠵᠡᠷᠭᠡ ᠶᠢᠨ ᠪᠡᠯᠡᠳᠬᠡᠮᠵᠢ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠵᠣᠷᠯᠣᠩ ᠤᠨ ᠬᠤᠪᠢᠰᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ 5000 ᠭᠠᠷᠤᠢ | ᠺᠢᠯᠣᠮᠧᠳ᠋ᠷ ᠥᠭᠡᠷᠡᠴᠢᠯᠡᠨ ᠪᠠᠶᠢᠭᠤᠯᠤᠨ᠎ᠠ᠃ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ | ᠪᠠᠯᠭᠠᠰᠣᠵᠢᠯᠳᠡ ᠶᠢ ᠪᠥᠲᠥᠭᠡᠨ ᠪᠠᠶᠢᠭᠤᠯᠬᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠲᠣᠮᠣ ᠳᠤᠮᠳᠠ ᠵᠢᠵᠢᠭ ᠬᠤᠲᠠ | ᠪᠠ ᠵᠢᠵᠢᠭ ᠬᠤᠲᠠ ᠪᠠᠯᠭᠠᠰᠤᠨ ᠤ ᠵᠣᠬᠢᠴᠠᠩᠭᠤᠢ ᠬᠤᠯᠪᠣᠭᠠᠯᠠᠨ ᠬᠥᠳᠡᠯᠦᠯᠴᠡᠵᠦ ᠣᠨᠴᠠᠯᠢᠭ ᠲᠠᠢ ᠬᠥᠭᠵᠢᠬᠦ ᠶᠢ ᠨᠢ | ᠠᠬᠢᠭᠤᠯᠤᠨ᠂ ᠣᠷᠣᠨ ᠤ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠠᠬᠢᠴᠠ ᠪᠠᠨ ᠲᠦᠷᠭᠡᠳᠬᠡᠨ᠂ ᠬᠤᠲᠠ ᠳᠠᠬᠢ ᠰᠠᠭᠤᠷᠢᠰᠢᠵᠤ | ᠠᠵᠢᠯᠯᠠᠬᠤ ᠳᠤ ᠲᠣᠬᠢᠷᠠᠬᠤ ᠴᠢᠳᠠᠮᠵᠢ ᠶᠢ ᠨᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ | ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠳᠣᠯᠤᠭ᠎ᠠ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ | ᠲᠥᠯᠥᠪᠯᠡᠵᠦ ᠠᠬᠢᠭᠤᠯᠤᠨ᠂ ᠠᠷᠠᠳ ᠤᠨ ᠠᠮᠢᠳᠤᠷᠠᠯ ᠢ ᠰᠠᠭᠤᠷᠢ ᠠᠴᠠ ᠨᠢ ᠪᠠᠲᠤᠯᠠᠬᠤ ᠪᠠᠨ ᠪᠠᠲᠤᠲᠠᠢ ᠰᠠᠶᠢᠲᠤᠷ | ᠳᠠᠭᠠᠭᠠᠵᠤ ᠪᠠᠲᠤᠯᠠᠨ᠎ᠠ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠨᠣᠪᠴᠠᠵᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ | ᠲᠡᠩᠴᠡᠭᠦᠷᠢᠰᠢᠭᠦᠯᠬᠦ᠂ ᠨᠡᠶᠢᠭᠡᠮ ᠤᠨ ᠵᠠᠰᠠᠯᠲᠠ ᠶᠢ ᠣᠳᠣᠬᠢᠴᠢᠯᠠᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠠᠮᠲᠤ ᠪᠠᠷ ᠪᠠᠶᠠᠵᠢᠬᠤ ᠶᠢ ᠠᠬᠢᠭᠤᠯᠤᠨ᠎ᠠ᠃ | ︵ᠨᠢᠭᠡ︶ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠤᠳᠠᠭᠠᠨ | ᠳᠠᠭᠠᠭᠠᠮᠠᠭᠠᠢ ᠥᠷᠨᠢᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ | ᠪᠠᠶᠢᠩᠭᠤ ᠰᠠᠭᠤᠭ᠎ᠠ ᠭᠠᠵᠠᠷ ᠲᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠳᠦᠷᠢᠮ ᠢ | ᠪᠦᠷᠢᠨᠰᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠪᠴᠢᠶ᠎ᠡ ᠪᠠ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠤᠨ᠂ ᠨᠠᠰᠤᠲᠠᠨ ᠪᠠ ᠨᠢᠯᠬ᠎ᠠ ᠶᠢᠨ ᠬᠥᠮᠦᠨ ᠠᠮᠠ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥᠵᠦ ᠬᠥᠩᠭᠡᠵᠢᠬᠦ ᠲᠠᠯ᠎ᠠ ᠶᠢᠨ | ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠪᠠ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠢ ᠰᠠᠶᠢᠲᠤᠷ ᠬᠢᠵᠦ᠂ ᠨᠡᠶᠢᠳᠡᠮ ᠬᠠᠷᠠᠭᠠᠯᠵᠠᠯ ᠬᠦᠷᠲᠡᠭᠡᠬᠦ | ᠨᠠᠰᠤᠵᠢᠯ ᠤᠨ ᠦᠢᠯᠡᠴᠢᠯᠡᠭᠡᠨ ᠢ ᠬᠥᠭᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠨᠡᠶᠢᠭᠡᠮ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠢᠯ ᠠᠯᠳᠠᠯᠲᠠ ᠶᠢᠨ ᠳᠠᠭᠠᠳᠬᠠᠯ ᠢ | ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠳᠦᠷᠢᠮ ᠢ ᠨᠠᠶᠢᠳᠠᠪᠤᠷᠢᠵᠢᠭᠤᠯᠤᠨ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠶ | ᠲᠥᠯᠥᠪᠯᠡᠬᠦ ᠯᠦᠭᠡ ᠲᠣᠭᠲᠠᠭᠤᠨ ᠢᠶᠠᠷ ᠵᠣᠯᠭᠠᠭᠤᠯᠦᠨᠡ᠃ ᠨᠡᠶᠢᠭᠡᠮ ᠤᠨ ᠪᠠᠲᠤᠯᠠᠭ᠎ᠠ ᠪᠠᠷ ᠰᠠᠭᠤᠷᠢ ᠠᠴᠠ ᠨᠢ | ᠪᠠᠲᠤᠯᠠᠬᠤ ᠶᠢ ᠴᠢᠩᠭᠠᠳᠬᠠᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠷᠣᠯᠭ᠎ᠠ ᠪᠠᠭᠠᠲᠠᠶ | ᠬᠥᠮᠥᠰ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠢ ᠦᠨᠡᠨ ᠬᠦ ᠪᠠᠲᠤᠯᠠᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢᠨ ᠨᠡᠶᠢᠭᠡᠮ ᠤᠨ ᠠᠰᠠᠷᠠᠮᠵᠢ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠠᠮᠤᠷ ᠠᠮᠤᠭᠤᠯᠠᠩ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ | ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ | ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠠᠶᠢᠭᠤᠯᠤᠯᠲᠠ ᠶᠢ ᠳᠡᠮᠵᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ᠃ | ︵ᠬᠤᠶᠠᠷ︶ ᠨᠡᠶᠢᠭᠡᠮ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ᠶᠣᠰᠣ ᠰᠤᠷᠲᠠᠬᠤᠨ ᠢᠶᠠᠷ ᠬᠥᠮᠦᠨ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠰᠢᠶᠠᠨ ᠤ ᠬᠡᠪᠴᠢᠶᠡᠨ ᠤ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠤᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠬᠦ ᠶᠢ ᠠᠬᠢᠭᠤᠯᠵᠤ᠂ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠪᠠᠨ | ᠦᠷᠭᠦᠯᠵᠢᠯᠡᠨ ᠳᠡᠭᠡᠭᠰᠢᠯᠡᠭᠦᠯᠵᠦ᠂ ᠬᠥᠳᠡᠯᠮᠦᠷᠢ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠥᠵᠢᠯ ᠢ | ᠴᠢᠩᠭᠠᠳᠬᠠᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ ᠰᠢᠯᠢᠳᠡᠭᠵᠢᠭᠦᠯᠦᠨ ᠬᠥᠮᠥᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠴᠢᠨᠠᠷ ᠰᠠᠶᠢᠲᠠᠶ ᠬᠡᠷᠡᠭᠵᠢᠭᠦᠯᠦᠨ | ᠂ ︽ᠬᠤᠤᠰ ᠲᠡᠷᠢᠭᠦᠨ ᠲᠠᠰ︾ ᠤᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠷᠡᠭᠦᠯ | ᠡᠩᠬᠡ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ | ᠪᠠᠶᠢᠭᠤᠯᠤᠯᠲᠠ ᠶᠢ ᠴᠢᠩᠭᠠᠳᠬᠠᠨ᠂ ᠱᠠᠲᠤ ᠬᠤᠪᠢᠶᠠᠵᠤ ᠣᠨᠣᠰᠢᠯᠠᠨ ᠡᠮᠨᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠂ ᠶᠡᠷᠦᠩᠬᠡᠶ ᠰᠠᠯᠠᠭᠠᠨ ᠤ ᠡᠮᠴᠢ ᠪᠠ | ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + | ᠡᠮᠴᠢᠯᠡᠭᠡ ᠡᠷᠡᠭᠦᠯ ᠮᠡᠨᠳᠦ︾ ᠶᠢ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠤᠨ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠡᠪᠡᠳᠴᠢᠨ ᠡᠮᠭᠡᠭ ᠢ ᠰᠡᠷᠭᠡᠶᠢᠯᠡᠵᠦ ᠬᠤᠷᠢᠭᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠤᠨᠳᠤᠤ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠨᠢ ᠰᠢᠭᠤᠳ ᠳ᠋ᠦᠩᠨᠡᠨ ᠪᠤᠳᠤᠬᠤ ᠶᠢ ᠰᠢᠯᠢᠳᠡᠭᠵᠢᠭᠦᠯᠵᠦ᠂ ᠡᠮᠴᠢᠯᠡᠭᠡᠨ ᠤ | ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠨᠡᠶᠢᠳᠡᠮ ᠬᠡᠷᠡᠭᠯᠡᠵᠦ ᠪᠣᠯᠬᠤ ᠶᠢ ᠨᠢ ᠲᠦᠷᠭᠡᠳᠬᠡᠨ ᠠᠬᠢᠭᠤᠯᠤᠨ᠎ᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ | ᠴᠢᠩᠭᠠᠳᠬᠠᠵᠤ᠂ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠬᠠᠳᠤᠨ ᠭᠤᠣᠯ ᠤᠨ | ᠤᠯᠤᠰ ᠤᠨ ᠰᠣᠶᠣᠯ ᠤᠨ ᠴᠡᠴᠡᠷᠯᠢᠭ᠂ ᠬᠤᠷᠢᠨᠭᠡᠷ ᠡᠷᠲᠡᠨ ᠤ ᠰᠢᠷᠣᠢ ᠶᠢᠨ ᠬᠤᠳᠠ ᠶᠢᠨ ᠬᠠᠭᠤᠴᠢ ᠰᠤᠳᠤᠯᠤᠯ ᠤᠨ | ᠴᠡᠴᠡᠷᠯᠢᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ | ᠦᠢᠯᠡᠰ ᠢ ᠬᠥᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠥᠰᠥ ᠴᠠᠰᠤᠨ ᠤ ᠬᠥᠳᠡᠯᠭᠡᠭᠡᠨ ᠢ ᠶᠡᠭᠡ ᠪᠠᠷ ᠬᠥᠭᠵᠢᠭᠦᠯᠦᠨ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ | ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠠᠮᠵᠢᠯᠴᠠᠨ ᠰᠠᠶᠢᠲᠤᠷ ᠡᠷᠬᠢᠯᠡᠨ᠎ᠡ᠃ | ᠨᠡᠶᠢᠭᠡᠮ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠴᠢᠩᠭᠠᠳᠬᠠᠨ᠎ᠠ᠃ | ︵ᠭᠤᠷᠪᠠ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠠᠶᠢᠲᠤᠷ ᠬᠢᠨ᠎ᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ | ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠴᠢᠩᠭ᠎ᠠ ᠵᠢᠷᠤᠮᠵᠢᠭᠤᠯᠤᠨ | ᠰᠠᠶᠢᠲᠤᠷ ᠬᠢᠵᠦ᠂ ᠬᠢᠯᠢ ᠶᠢᠨ ᠪᠣᠭᠤᠮᠲᠠ ᠳᠠᠬᠢ ᠬᠥᠮᠦᠨ᠂ ᠪᠣᠳᠠᠰ᠂ ᠣᠷᠴᠢᠨ ᠲᠣᠭᠤᠷᠢᠨ ᠤ ᠪᠢᠲᠡᠭᠦᠦ ᠴᠥᠷᠬᠡᠯᠡᠭᠡ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ︾ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠨ᠎ᠠ᠃ ᠴᠠᠭᠠᠨ ᠰᠠᠷ᠎ᠠ ᠵᠢᠴᠢ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢᠶᠠᠨ ᠴᠢᠩᠭᠠᠳᠬᠠᠵᠤ᠂ ᠵᠠᠩᠭᠢᠯᠠᠭ᠎ᠠ ᠪᠣᠯᠬᠤ ᠭᠠᠵᠠᠷ᠂ ᠴᠢᠬᠤᠯᠠ ᠲᠠᠯᠠᠪᠤᠷ ᠭᠠᠵᠠᠷ ᠪᠠ | ᠭᠤᠣᠯᠳᠠᠯᠭ᠎ᠠ ᠪᠣᠯᠬᠤ ᠬᠥᠮᠦᠰ ᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠶ | ᠠᠬᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠤᠯᠠᠷᠠᠭᠤᠯᠤᠯ ᠥᠬᠡᠶ ᠠᠳᠬᠤᠬᠤ ᠶᠢ ᠪᠠᠷᠢᠮᠲᠠᠯᠠᠨ᠂ | ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠪᠠ ᠳᠤᠲᠠᠭᠳᠠᠯ ᠢ ᠴᠠᠭ ᠲᠤᠬᠠᠶ ᠳᠤ ᠨᠢ ᠪᠠᠶᠢᠴᠠᠭᠠᠨ | ᠨᠥᠬᠦᠪᠥᠷᠢᠯᠡᠵᠦ᠂ ᠡᠮᠴᠢᠯᠡᠭᠡᠨ ᠤ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠡᠳ᠋ ᠪᠠᠷᠠᠭᠠᠨ ᠤ ᠪᠠᠷᠢᠮᠵᠢᠶ᠎ᠠ ᠪᠠᠷ | ᠨᠥᠭᠡᠴᠡᠯᠡᠬᠦ ᠬᠡᠮᠵᠢᠶ᠎ᠡ ᠶᠢ ᠪᠠᠶᠢᠩᠭᠤᠵᠢᠭᠤᠯᠤᠨ ᠪᠠᠷᠢᠮᠲᠠᠯᠠᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ | ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2022 ᠣᠨ ᠤ 1 ᠳ᠋ᠤᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ |