ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠦᠪᠦᠷ ᠵᠠᠰᠠᠭ ᠠᠯᠪᠠᠨ ᠲᠠᠷᠬᠠᠭᠠᠭᠰᠠᠨ︹2021︺41 ᠳ᠋ᠦ᠋ᠭᠡᠷ ᠲᠣᠭᠠᠲᠤ | ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠥᠬᠡᠶ ᠬᠥᠭᠵᠢᠯᠲᠡ ᠶᠢ | ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ | ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠣᠷᠣᠨ ᠤ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ | ᠦᠢᠯᠡᠳᠪᠦᠷᠢᠵᠢᠯᠲᠡ ᠶᠢᠨ ᠪᠣᠬᠢᠷᠲᠤᠯ ᠥᠬᠡᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ | ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠬᠦᠳᠠ ᠬᠤᠷᠠᠯ ᠵᠢᠴᠢ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠥᠭᠵᠢᠭᠦᠯᠬᠦ ᠶᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ | ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠭᠦᠳᠡᠯᠬᠡᠭᠴᠢ ᠬᠦᠴᠦᠨ ᠪᠣᠯᠭᠠᠨ | ᠂ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠴᠢᠯᠠᠯᠲᠠ ᠶᠢᠨ ᠠᠭᠤᠰᠤᠯᠴᠠᠯ ᠢᠶᠠᠷ ᠠᠷᠭ᠎ᠠ ᠪᠠᠷᠢᠯ ᠪᠣᠯᠭᠠᠵᠤ᠂ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠯᠪᠡᠷᠢ ᠶᠢ ᠲᠦᠷᠭᠡᠳᠬᠡᠨ ᠬᠤᠪᠢᠷᠠᠭᠤᠯᠵᠤ᠂ | ᠪᠣᠬᠢᠷᠲᠤᠯ ᠦᠭᠡᠢ ᠪᠠᠶᠢᠭᠤᠯᠬᠤ ᠪᠠ ᠤᠭᠰᠠᠷᠠᠮᠠᠯ ᠮᠠᠶ᠋ᠢᠭ ᠤᠨ ᠪᠠᠶᠢᠭᠤᠯᠬᠤ ᠮᠡᠷᠭᠡᠵᠢᠯ ᠢ ᠬᠦᠴᠦᠲᠡᠢ ᠠᠬᠢᠭᠤᠯᠤᠨ᠂ | ᠮᠡᠳᠡᠭᠡ ᠵᠠᠩᠭᠢ ᠶᠢᠨ ᠮᠡᠷᠭᠡᠵᠢᠯ ᠪᠠ ᠣᠶᠤᠨᠴᠢ ᠪᠠᠷ ᠪᠠᠶᠢᠭᠤᠯᠬᠤ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠵᠦ᠂ | ᠮᠠᠨ ᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠪᠠᠭᠠᠰᠬᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠪᠠᠷᠢᠯᠭ᠎ᠠ ᠪᠠᠶᠢᠭᠤᠯᠬᠤ ᠪᠠ ᠬᠡᠷᠡᠭᠯᠡᠬᠦ ᠶᠠᠪᠤᠴᠠ ᠳᠠᠬᠢ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠰᠲ᠋ᠧᠮᠵᠢᠭᠦᠯᠦᠭᠰᠡᠨ ᠬᠤᠷᠠᠮᠠᠯ ᠵᠢᠷᠤᠭ ᠲᠥᠯᠥᠪᠯᠡᠭᠡ ᠶᠢ ᠠᠬᠢᠭᠤᠯᠤᠨ᠎ᠠ᠃ | 1 . ᠪᠥᠬᠦ ᠠᠵᠤ ᠦᠢᠯᠡᠰ ᠤᠨ ᠬᠡᠯᠬᠢᠶᠡᠨ ᠤ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠵᠢᠷᠤᠭᠯᠠᠨ | ᠲᠥᠯᠥᠪᠯᠡᠬᠦ ᠨᠢᠭᠡᠴᠢ ᠶᠢᠨ ᠪᠦᠬᠦ ᠶᠠᠪᠤᠴᠠ ᠳᠤ ᠨᠢ ᠯᠠᠪᠯᠠᠭ᠎ᠠ ᠥᠭᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠂ | ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠲᠦᠷᠦᠯ ᠵᠦᠢᠯ ᠳᠤ ᠪᠠᠷᠢᠯᠭᠠᠴᠢ ᠬᠠᠷᠢᠭᠤᠴᠠᠬᠤ | ᠲᠦᠷᠢᠮ ᠢ ᠬᠡᠷᠡᠭᠵᠢᠭᠦᠯᠦᠨ᠎ᠡ᠃ ᠲᠥᠷᠥᠯ ᠵᠦᠢᠯ ᠤᠨ ᠡᠬᠢᠨ ᠤ ᠬᠤᠭᠤᠴᠠᠭᠠᠨ ᠳᠠᠬᠢ ᠮᠡᠷᠭᠡᠵᠢᠯ ᠤᠨ ᠤᠬᠠᠭᠠᠯᠠᠨ | ᠰᠡᠳᠦᠬᠦ ᠲᠥᠰᠦᠯ ᠢ ᠰᠢᠯᠢᠳᠡᠭᠵᠢᠭᠦᠯᠵᠦ᠂ ᠦᠢᠯᠡᠳᠪᠦᠷᠢᠯᠡᠬᠦ᠂ ᠪᠠᠷᠢᠯᠭ᠎ᠠ ᠪᠠᠷᠢᠬᠤ᠂ ᠠᠵᠢᠯᠯᠠᠭᠤᠯᠵᠤ ᠬᠠᠮᠠᠭᠠᠯᠠᠬᠤ | ᠡᠯ᠎ᠡ ᠲᠠᠯ᠎ᠠ ᠶᠢᠨ ᠬᠢᠨ ᠤ ᠡᠬᠢᠯᠡᠨ ᠣᠷᠣᠯᠴᠠᠬᠤ ᠶᠢ ᠪᠠᠲᠤᠯᠠᠨ᠂ ᠲᠥᠷᠥᠯ ᠵᠦᠢᠯ ᠤᠨ ᠲᠥᠰᠦᠯ ᠤᠨ ᠵᠢᠷᠤᠭᠯᠠᠨ | ᠲᠥᠯᠥᠪᠯᠡᠬᠦ᠂ ᠠᠩᠬᠠᠨ ᠤ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠵᠢᠷᠤᠭ ᠢ ᠵᠢᠷᠤᠭᠯᠠᠨ ᠲᠥᠯᠥᠪᠯᠡᠬᠦ ᠶᠢ | ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃ ᠪᠥᠲᠥᠭᠡᠨ ᠪᠠᠶᠢᠭᠤᠯᠬᠤ ᠨᠢᠭᠡᠴᠢ ᠪᠠ ᠪᠠᠷᠢᠯᠭ᠎ᠠ ᠶᠢᠨ ᠶᠡᠷᠦᠩᠬᠡᠶ | ᠳᠠᠭᠠᠭᠠᠴᠢᠯᠠᠭᠰᠠᠨ ᠨᠢᠭᠡᠴᠢ ᠶᠢ ᠬᠥᠲᠥᠯᠦᠨ ᠵᠢᠯᠣᠭᠤᠳᠴᠤ ᠪᠠᠶᠢᠭᠠᠳ ᠪᠠᠷᠢᠯᠭ᠎ᠠ ᠶᠢᠨ ᠬᠠᠮᠤᠭ ᠤᠨ ᠰᠡᠭᠦᠯᠴᠢ ᠶᠢᠨ | ᠦᠢᠯᠡᠳᠬᠦᠨ ᠪᠠ ᠶᠡᠷᠦᠩᠬᠡᠶᠢᠯᠡᠭᠰᠡᠨ ᠦᠷ᠎ᠡ ᠠᠰᠢᠭ ᠢᠶᠠᠷ ᠬᠠᠷᠠᠯᠲᠠ ᠪᠣᠯᠭᠠᠵᠤ᠂ ᠠᠵᠤ ᠦᠢᠯᠡᠰ ᠤᠨ ᠬᠡᠯᠬᠢᠶᠡᠨ ᠤ | ᠳᠡᠭᠡᠳᠦ ᠳᠤᠤᠷᠠᠳᠤ ᠬᠡᠯᠬᠢᠶᠡᠨ ᠳᠠᠬᠢ ᠡᠬᠢ ᠪᠠᠶᠠᠯᠢᠭ ᠢ ᠬᠠᠮᠲᠤ ᠪᠠᠷ ᠭᠥᠷᠳᠡᠬᠦ᠂ ᠰᠢᠰᠲ᠋ᠧᠮ ᠲᠠᠢ ᠬᠤᠷᠠᠭᠤᠯᠬᠤ ᠪᠠ | ᠬᠤᠯᠪᠣᠭᠠᠯᠠᠨ ᠬᠦᠳᠡᠯᠣᠯᠴᠡᠵᠣ ᠬᠦᠴᠦᠯᠡᠬᠦ ᠶᠢ ᠠᠬᠢᠭᠤᠯᠤᠨ᠎ᠠ᠃ | 2 . ᠲᠣᠭᠠᠵᠢᠭᠤᠯᠤᠭᠰᠠᠨ ᠵᠢᠷᠤᠭ ᠲᠥᠯᠥᠪᠯᠡᠭᠡ ᠶᠢ ᠭᠦᠢᠴᠡᠳ ᠬᠡᠷᠡᠭᠯᠡᠨ᠎ᠡ᠃ ᠪᠠᠷᠢᠯᠭ᠎ᠠ ᠶᠢᠨ ᠮᠡᠳᠡᠭᠡ | ᠵᠠᠩᠭᠢ ᠶᠢᠨ ᠵᠠᠭᠪᠤᠷ ︵BIM︶ ᠤᠨ ᠵᠥᠪ ᠴᠢᠭᠯᠡᠯ ᠢᠶᠠᠷ ᠵᠢᠷᠣᠭᠯᠠᠵᠣ ᠲᠥᠯᠥᠪᠯᠡᠬᠦ ᠶᠢ ᠢᠳᠡᠪᠬᠢᠲᠡᠶ ᠬᠡᠷᠡᠭᠯᠡᠨ᠂ | ᠪᠠᠷᠢᠯᠭ᠎ᠠ᠂ ᠪᠦᠲᠦᠴᠡ᠂ ᠲᠥᠬᠦᠭᠡᠷᠦᠮᠵᠢ ᠬᠤᠭᠤᠯᠠᠶ ᠭᠤᠤᠷᠰᠤ ᠤᠲᠠᠰᠤ᠂ ᠵᠠᠰᠠᠯ ᠴᠢᠮᠡᠭᠯᠡᠯ ᠵᠡᠷᠭᠡ ᠣᠯᠠᠨ ᠲᠤᠰᠬᠠᠶ | ᠮᠡᠷᠭᠡᠵᠢᠯ ᠢ ᠨᠢᠭᠡ ᠴᠣᠭᠴᠠᠵᠢᠭᠤᠯᠤᠭᠰᠠᠨ ᠬᠤᠷᠠᠮᠠᠯ ᠵᠢᠷᠤᠭ ᠲᠥᠯᠥᠪᠯᠡᠭᠡ ᠪᠠ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ | ᠠᠬᠢᠭᠤᠯᠵᠤ᠂ ᠵᠢᠷᠤᠭᠯᠠᠨ ᠲᠥᠯᠥᠪᠯᠡᠬᠦ ᠪᠠ ᠦᠢᠯᠡᠳᠪᠦᠷᠢᠯᠡᠬᠦ᠂ ᠪᠠᠷᠢᠯᠭ᠎ᠠ ᠪᠠᠷᠢᠬᠤ ᠶᠢᠨ ᠭᠦᠨᠵᠡᠭᠡᠶ ᠠᠭᠤᠰᠤᠯᠴᠠᠯ ᠢ | ᠪᠡᠶᠡᠯᠡᠭᠦᠯᠦᠨ᠎ᠡ᠃ BIM᠂ ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ︵GIS︶᠂ ᠭᠤᠷᠪᠠᠨ | ᠬᠡᠮᠵᠢᠯᠳᠦ ᠪᠠᠷ ᠬᠡᠮᠵᠢᠭᠦ ᠵᠡᠷᠭᠡ ᠮᠡᠳᠡᠭᠡ ᠵᠠᠩᠭᠢ ᠶᠢᠨ ᠮᠡᠷᠭᠡᠵᠢᠯ ᠵᠢᠴᠢ ᠵᠠᠳᠠᠯᠤᠯᠲᠠ ᠶᠢᠨ ᠳᠠᠭᠤᠷᠢᠶᠠᠮᠠᠯ ᠵᠥᠭᠡᠯᠡᠨ | ᠬᠡᠷᠡᠭᠰᠡᠯ ᠢ ᠬᠤᠷᠠᠭᠤᠯᠤᠨ ᠬᠡᠷᠡᠭᠯᠡᠵᠦ᠂ ᠴᠢᠨᠠᠷ ᠴᠢᠳᠠᠮᠵᠢ ᠶᠢ ᠨᠢ ᠳᠠᠭᠤᠷᠢᠶᠠᠮᠠᠯ ᠢᠶᠠᠷ ᠵᠠᠳᠠᠯᠵᠣ᠂ ᠵᠢᠷᠤᠭ | ᠲᠥᠯᠥᠪᠯᠡᠭᠡ ᠶᠢ ᠨᠢ ᠰᠢᠯᠢᠳᠡᠭᠵᠢᠭᠦᠯᠬᠦ ᠪᠠ ᠦᠷ᠎ᠡ ᠪᠦᠲᠦᠭᠡᠯ ᠢᠶᠠᠨ ᠲᠤᠰᠢᠶᠠᠨ ᠥᠭᠴᠦ᠂ ᠵᠢᠷᠤᠭ ᠲᠥᠯᠥᠪᠯᠡᠭᠡ ᠶᠢᠨ | ᠭᠦᠨᠴᠡ ᠨᠢ ᠦᠢᠯᠡᠳᠪᠦᠷᠢᠯᠡᠯ ᠪᠠ ᠪᠠᠷᠢᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ 2023 | ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠪᠠᠯᠠ ᠣᠷᠣᠭᠤᠯᠤᠭᠰᠠᠨ ᠬᠡᠮᠵᠢᠶ᠎ᠠ ᠨᠢ 1 | ᠳ᠋ᠦᠩᠰᠢᠭᠤᠷ ᠲᠥᠭᠦᠷᠢᠭ ᠠᠴᠠ ᠢᠯᠡᠭᠦᠦ ᠪᠤᠶᠤ ᠲᠠᠩ ᠴᠣᠭᠴᠠᠲᠤ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ | ᠳᠥᠷᠪᠡᠯᠵᠢᠨ ᠮᠧᠳ᠋ᠷ ᠠᠴᠠ ᠳᠡᠭᠡᠭᠰᠢ ᠪᠠᠢᠬᠤ᠂ ᠮᠡᠷᠭᠡᠵᠢᠯ ᠨᠢ ᠪᠤᠳᠤᠯᠢᠶᠠᠨᠲᠠᠶ᠂ ᠬᠠᠮᠢᠶᠠᠷᠤᠯᠲᠠ ᠶᠢᠨ ᠬᠠᠮᠵᠢᠯᠴᠠᠬᠤ | ᠱᠠᠭᠠᠷᠳᠠᠯᠭ᠎ᠠ ᠨᠢ ᠥᠨᠳᠥᠷ᠂ ᠤᠯᠤᠰ ᠤᠨ ᠥᠮᠴᠢᠯᠡᠯᠲᠦ ᠪᠠᠯᠠ ᠮᠥᠩᠭᠦ ᠪᠠᠷ ᠪᠠᠯᠠ ᠣᠷᠣᠭᠤᠯᠤᠭᠰᠠᠨ ᠬᠡᠷ | ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠲᠥᠷᠥᠯ ᠵᠦᠢᠯ ᠳᠤ ᠴᠥᠮ BIM | ᠮᠡᠷᠭᠡᠵᠢᠯ ᠢ ᠬᠡᠷᠡᠭᠯᠡᠨ᠎ᠡ᠃ | 3 . ᠪᠠᠷᠢᠯᠭ᠎ᠠ ᠶᠢᠨ ᠳᠦᠷᠰᠦ ᠪᠠᠶᠢᠳᠠᠯ ᠳᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠵᠢᠷᠤᠭ | ᠲᠥᠯᠥᠪᠯᠡᠭᠡ ᠶᠢᠨ ᠲᠥᠰᠦᠯ ᠳᠤ ᠮᠡᠷᠭᠡᠵᠢᠯ ᠤᠨ ᠨᠤᠲᠠᠯᠠᠯᠲᠠ ᠬᠢᠬᠦ ᠶᠢ ᠴᠢᠩᠭᠠᠷᠠᠭᠤᠯᠤᠨ᠂ ᠲᠥᠷᠥᠯ ᠵᠦᠢᠯ ᠤᠨ | ᠪᠠᠷᠢᠮᠵᠢᠶᠠᠵᠢᠭᠤᠯᠤᠭᠰᠠᠨ ᠵᠢᠷᠤᠭ ᠲᠥᠯᠥᠪᠯᠡᠭᠡ᠂ ᠠᠵᠤ ᠦᠢᠯᠡᠳᠪᠦᠷᠢᠵᠢᠭᠦᠯᠦᠨ ᠪᠠᠶᠢᠭᠤᠯᠬᠤ ᠬᠢᠭᠡᠳ ᠪᠠᠷᠢᠯᠭ᠎ᠠ ᠶᠢᠨ | ᠳᠦᠷᠰᠦ ᠪᠠᠢᠳᠠᠯ ᠳᠤ ᠣᠷᠭᠠᠨᠢᠭ ᠢᠶᠠᠷ ᠨᠢᠭᠡᠲᠦᠭᠰᠡᠨ ᠪᠠᠷᠢᠯᠭ᠎ᠠ ᠶᠢᠨ ᠵᠢᠷᠤᠵᠤ ᠲᠥᠯᠥᠪᠯᠡᠬᠦ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠤᠨ᠎ᠠ᠃ ᠬᠤᠲᠠ ᠶᠢᠨ ᠵᠢᠷᠤᠵᠤ ᠲᠥᠯᠥᠪᠯᠡᠬᠦ ᠮᠡᠷᠭᠡᠵᠢᠯ ᠤᠨ ᠵᠢᠯᠣᠭᠤᠳᠬᠤ ᠳᠦᠷᠢᠮ ᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠳᠠᠩ ᠴᠣᠭᠴᠠᠲᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠦᠯ ᠢ | ᠬᠡᠯᠪᠡᠷᠢ ᠳᠦᠷᠰᠦ᠂ ᠥᠩᠭᠡ ᠪᠤᠳᠤᠭ᠂ ᠪᠠᠭᠲᠠᠭᠠᠮᠵᠢ᠂ ᠥᠨᠳᠥᠷ ᠤᠨ ᠬᠡᠮᠵᠢᠶ᠎ᠡ ᠵᠡᠷᠭᠡ ᠲᠠᠯ᠎ᠠ ᠪᠠᠷ ᠬᠤᠲᠠ ᠶᠢᠨ | ᠵᠢᠷᠤᠭ ᠲᠥᠯᠥᠪᠯᠡᠭᠡ ᠶᠢᠨ ᠬᠡᠪ ᠨᠠᠮᠪᠠ ᠯᠤᠭ᠎ᠠ ᠵᠣᠬᠢᠴᠠᠭᠤᠯᠵᠤ᠂ ᠬᠤᠲᠠ ᠶᠢᠨ ᠣᠨᠴᠠᠯᠢᠭ ᠪᠦᠬᠦᠢ ᠳᠦᠷᠰᠦ | ᠪᠠᠶᠢᠳᠠᠯ ᠢ ᠪᠣᠶ ᠪᠣᠯᠭᠠᠨ᠎ᠠ᠃ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠬᠤ ᠱᠠᠲᠤᠨ ᠳᠤ | ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ ᠵᠢᠷᠤᠭ ᠲᠥᠯᠥᠪᠯᠡᠭᠡ ᠳᠤ ᠨᠤᠲᠠᠯᠠᠯᠲᠠ ᠬᠢᠬᠦ ᠪᠠᠨ ᠴᠢᠩᠭᠠᠳᠬᠠᠨ᠂ | ᠲᠣᠬᠢᠷᠠᠮᠵᠢᠲᠠᠶ᠂ ᠬᠢᠮᠳᠠ᠂ ᠪᠣᠬᠢᠷᠲᠤᠯ ᠥᠬᠡᠶ᠂ ᠭᠤᠶᠣ ᠰᠠᠶᠢᠬᠠᠨ ᠪᠠᠶᠢᠬᠤ ᠰᠢᠨ᠎ᠡ ᠴᠠᠭ ᠦᠶ᠎ᠡ ᠶᠢᠨ ᠪᠠᠷᠢᠯᠭ᠎ᠠ | ᠪᠠᠷᠢᠬᠤ ᠴᠢᠭᠯᠡᠯᠲᠡ ᠶᠢ ᠨᠠᠶᠢᠳᠠᠪᠤᠷᠢᠵᠢᠭᠤᠯᠵᠤ᠂ ᠬᠡᠲᠦ ᠥᠨᠳᠥᠷ ᠪᠠᠷᠢᠯᠭ᠎ᠠ ᠪᠠᠷᠢᠬᠤ ᠶᠢ ᠴᠢᠩᠭ᠎ᠠ ᠬᠢᠵᠠᠭᠠᠷᠯᠠᠨ᠂ | ᠶᠡᠭᠡ ᠶᠢ ᠰᠠᠨᠠᠬᠤ᠂ ᠬᠠᠷᠢ ᠶᠢᠨ ᠬᠢ ᠶᠢ ᠲᠠᠭᠠᠰᠢᠶᠠᠬᠤ᠂ ᠬᠠᠴᠢᠨ ᠰᠣᠨᠢᠨ ᠢ ᠬᠥᠭᠡᠭᠡᠴᠡᠯᠳᠦᠬᠦ ᠵᠡᠷᠭᠡ ᠡᠮᠬᠢ ᠵᠠᠮᠪᠠᠷᠠᠭ᠎ᠠ | ᠥᠬᠡᠶ ᠦᠵᠡᠭᠳᠡᠯ ᠭᠠᠷᠬᠤ ᠠᠴᠠ ᠵᠠᠶᠢᠯᠠᠰᠬᠢᠨ᠎ᠠ᠃ | ︵ᠬᠤᠶᠠᠷ︶ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠦᠢᠯᠡᠳᠪᠦᠷᠢᠯᠡᠬᠦ ᠪᠠᠶᠢᠷᠢᠰᠢᠭᠤᠯᠤᠯ ᠢ | ᠰᠢᠯᠢᠳᠡᠭᠵᠢᠭᠦᠯᠦᠨ᠎ᠡ᠃ | 1.ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠤᠨ ᠪᠠᠷᠢᠮᠵᠢᠶᠠᠵᠢᠭᠤᠯᠤᠨ ᠬᠤᠷᠠᠭᠤᠯᠬᠤ ᠶᠢ | ᠠᠬᠢᠭᠤᠯᠤᠨ᠎ᠠ᠃ ᠬᠤᠷᠠᠭᠤᠯᠤᠭᠰᠠᠨ᠂ ᠬᠡᠰᠡᠭᠴᠢᠯᠡᠭᠰᠡᠨ ᠪᠠᠷᠢᠯᠭ᠎ᠠ ᠶᠢᠨ ᠤᠭᠰᠠᠷᠠᠭ᠎ᠠ ᠪᠡᠯᠡᠨ ᠦᠢᠯᠡᠳᠬᠦᠨ ᠤ ᠬᠠᠮᠢᠶ᠎ᠠ | ᠪᠦᠬᠦᠢ ᠪᠠᠷᠢᠮᠵᠢᠶᠠᠲᠤ ᠵᠢᠷᠤᠭ ᠤᠨ ᠡᠮᠬᠢᠳᠬᠡᠯ ᠢ ᠨᠠᠶᠢᠷᠠᠭᠤᠯᠤᠨ ᠵᠣᠬᠢᠶᠠᠵᠤ᠂ ᠬᠡᠪᠰᠢᠮᠡᠯ ᠪᠣᠯᠣᠳ ᠪᠠ ᠪᠧᠲ᠋ᠤᠨ | ᠲᠣᠨᠣᠭᠯᠠᠭᠠᠰᠤ ᠵᠢᠴᠢ ᠬᠡᠷᠡᠮ ᠤᠨ ᠪᠧᠲ᠋ᠤᠨ ᠪᠡᠯᠡᠳᠬᠡᠯ ᠬᠠᠪᠲᠠᠰᠤ᠂ ᠠᠰᠠᠷ ᠤᠨ ᠳᠠᠪᠬᠤᠴᠠᠮᠠᠯ ᠬᠠᠪᠲᠠᠰᠤ᠂ | ᠠᠰᠠᠷ ᠤᠨ ᠱᠠᠲᠤ᠂ ᠮᠠᠰᠢᠨ ᠴᠠᠬᠢᠯᠭᠠᠨ ᠤᠭᠰᠠᠷᠠᠬᠤ ᠲᠥᠬᠦᠭᠡᠷᠦᠮᠵᠢ ᠵᠡᠷᠭᠡ ᠨᠡᠶᠢᠳᠡᠮ ᠬᠡᠷᠡᠭᠯᠡᠬᠦ ᠤᠭᠰᠠᠷᠠᠭ᠎ᠠ | ᠲᠣᠨᠤᠭ ᠢ ᠦᠢᠯᠡᠳᠪᠦᠷᠢᠵᠢᠭᠦᠯᠦᠨ ᠦᠢᠯᠡᠳᠪᠦᠷᠢᠯᠡᠬᠦ ᠶᠢ ᠠᠬᠢᠭᠤᠯᠤᠨ᠂ ᠬᠡᠯᠪᠡᠷᠢ ᠰᠣᠩᠭᠤᠬᠤ ᠳᠤ | ᠪᠠᠷᠢᠮᠵᠢᠶᠠᠵᠢᠭᠤᠯᠤᠨ ᠵᠢᠷᠤᠭᠯᠠᠵᠤ ᠲᠥᠯᠥᠪᠯᠡᠬᠦ ᠱᠠᠭᠠᠷᠳᠠᠯᠭ᠎ᠠ ᠶᠢ ᠬᠠᠩᠭᠠᠵᠤ᠂ ᠪᠠᠷᠢᠮᠵᠢᠶᠠᠵᠢᠭᠤᠯᠤᠭᠰᠠᠨ ᠤᠭᠰᠠᠷᠠᠭ᠎ᠠ | ᠪᠡᠯᠡᠨ ᠦᠢᠯᠡᠳᠬᠦᠨ ᠤᠭᠰᠠᠷᠠᠭ᠎ᠠ ᠲᠣᠨᠤᠭ ᠬᠡᠷᠡᠭᠯᠡᠬᠦ ᠬᠡᠪᠴᠢᠶ᠎ᠡ ᠶᠢ ᠥᠷᠭᠡᠳᠬᠡᠨ᠂ ᠲᠣᠨᠣᠭᠯᠠᠭᠠᠰᠤ ᠪᠠ ᠤᠭᠰᠠᠷᠠᠭ᠎ᠠ | ᠲᠣᠨᠤᠭ ᠦᠢᠯᠡᠳᠪᠦᠷᠢᠯᠡᠬᠦ ᠥᠪᠡᠷ ᠤᠨ ᠥᠷᠲᠡᠭ ᠢ ᠠᠯᠬᠤᠮ ᠠᠯᠬᠤᠮ ᠢᠶᠠᠷ ᠪᠠᠭᠤᠷᠠᠭᠤᠯᠤᠨ᠎ᠠ᠃ ᠤᠭᠰᠠᠷᠠᠮᠠᠯ | ᠮᠠᠶ᠋ᠢᠭ ᠢᠶᠠᠷ ᠵᠠᠰᠠᠵᠤ ᠴᠢᠮᠡᠭᠯᠡᠬᠦ ᠶᠢ ᠶᠡᠭᠡ ᠪᠠᠷ ᠳᠡᠯᠭᠡᠷᠡᠭᠦᠯᠦᠨ᠂ ᠪᠦᠬᠦᠯᠢ ᠴᠣᠭᠴᠠ ᠶᠢᠨ ᠤᠬᠢᠶᠠᠯᠭ᠎ᠠ᠂ ᠨᠢᠭᠡᠳᠬᠡᠯ | ᠴᠢᠳᠠᠮᠵᠢ ᠶᠢᠨ ᠲᠣᠭᠤᠭᠠᠨ ᠭᠡᠷ᠂ ᠪᠦᠬᠦᠯᠢ ᠴᠣᠭᠴᠠ ᠶᠢᠨ ᠡᠭᠦᠳᠡ ᠴᠣᠩᠬᠤ ᠵᠡᠷᠭᠡ ᠪᠠᠷᠢᠯᠭ᠎ᠠ ᠶᠢᠨ ᠤᠭᠰᠠᠷᠠᠭ᠎ᠠ | ᠲᠣᠨᠤᠭ ᠤᠨ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠷᠢᠮᠵᠢᠶᠠᠵᠢᠭᠰᠠᠨ᠂ | ᠰᠢᠷᠢᠰᠵᠢᠭᠰᠡᠨ ᠪᠠᠷᠢᠯᠭ᠎ᠠ ᠶᠢᠨ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠬᠠᠩᠭᠠᠬᠤ ᠲᠣᠭᠲᠠᠯᠴᠠᠭ᠎ᠠ ᠶᠢ | ᠠᠯᠬᠤᠮ ᠠᠯᠬᠤᠮ ᠢᠶᠠᠷ ᠪᠤᠢ ᠪᠣᠯᠭᠠᠨ᠎ᠠ᠃ | 2. ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠦᠢᠯᠡᠳᠪᠦᠷᠢᠯᠡᠬᠦ ᠴᠢᠳᠠᠮᠵᠢ ᠶᠢᠨ ᠬᠠᠩᠭᠠᠯᠭ᠎ᠠ ᠬᠡᠷᠡᠭᠴᠡᠭᠡ ᠶᠢᠨ | ᠲᠡᠩᠴᠡᠭᠦᠷᠢ ᠶᠢ ᠠᠬᠢᠭᠤᠯᠤᠨ᠎ᠠ᠃ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠤᠨ ᠲᠡᠭᠡᠭᠡᠪᠦᠷᠢ ᠪᠠ | ᠦᠢᠯᠡᠴᠢᠯᠡᠭᠡᠨ ᠤ ᠬᠡᠪᠴᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ ᠦᠢᠯᠡᠳᠪᠦᠷᠢᠯᠡᠬᠦ ᠴᠢᠳᠠᠮᠵᠢ ᠪᠠᠨ ᠵᠣᠬᠢᠰᠲᠠᠶ | ᠪᠠᠶᠢᠷᠢᠰᠢᠭᠤᠯᠬᠤ ᠶᠢ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠬᠢᠨᠠᠨ ᠰᠢᠨᠵᠢᠭᠦ ᠪᠠᠨ | ᠴᠢᠩᠭᠠᠳᠬᠠᠨ᠂ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠦᠢᠯᠡᠳᠪᠦᠷᠢᠯᠡᠬᠦ ᠴᠢᠳᠠᠮᠵᠢ ᠶᠢᠨ | ᠬᠠᠩᠭᠠᠯᠭ᠎ᠠ ᠬᠡᠷᠡᠭᠴᠡᠭᠡ ᠪᠠ ᠦᠨ᠎ᠡ ᠬᠠᠩᠰᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠨᠡᠶᠢᠲᠡᠯᠡᠵᠦ᠂ | ᠦᠢᠯᠡᠳᠪᠦᠷᠢᠯᠡᠬᠦ ᠴᠢᠳᠠᠮᠵᠢ ᠶᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠳᠤ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ | ᠦᠢᠯᠡᠳᠪᠦᠷᠢᠯᠡᠬᠦ ᠰᠠᠭᠤᠷᠢᠨ ᠭᠠᠵᠠᠷ ᠢ ᠲᠤᠰ ᠲᠤᠰ 10 ᠣᠷᠴᠢᠮ ᠪᠠᠶᠢᠭᠤᠯᠵᠤ᠂ ᠪᠤᠭᠤᠲᠤ ᠬᠤᠲᠠ ᠶᠢᠨ | ᠤᠭᠰᠠᠷᠠᠮᠠᠯ ᠮᠠᠶ᠋ᠢᠭ ᠤᠨ ᠪᠣᠯᠣᠳ ᠪᠦᠳᠦᠴᠡᠳᠦ ᠪᠠᠷᠢᠯᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠬᠥᠯᠥᠨ | ᠪᠤᠶᠢᠷ ᠬᠤᠲᠠ ᠶᠢᠨ ᠤᠭᠰᠠᠷᠠᠮᠠᠯ ᠮᠠᠶ᠋ᠢᠭ ᠤᠨ ᠮᠣᠳᠣᠨ ᠪᠦᠳᠦᠴᠡᠳᠦ ᠪᠠᠷᠢᠯᠭ᠎ᠠ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠬᠥᠭᠵᠢᠯᠲᠡ ᠶᠢ ᠢᠳᠡᠪᠬᠢᠲᠡᠶ ᠠᠬᠢᠭᠤᠯᠤᠨ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠦᠢᠯᠡᠳᠪᠦᠷᠢᠯᠡᠬᠦ | ᠴᠢᠳᠠᠮᠵᠢ ᠪᠠᠨ ᠲᠡᠩᠴᠡᠭᠦᠷᠢᠲᠡᠶ ᠪᠠᠶᠢᠷᠢᠯᠠᠭᠤᠯᠬᠤ ᠶᠢ ᠦᠨᠡᠨ ᠬᠦ ᠪᠠᠲᠤᠯᠠᠵᠤ᠂ ᠵᠦᠢ ᠪᠣᠰᠣ ᠪᠠᠷ ᠬᠠᠷ᠎ᠠ ᠰᠠᠨᠠᠭ᠎ᠠ ᠲᠠᠢ | ᠥᠷᠢᠰᠦᠯᠳᠦᠬᠦ ᠠᠴᠠ ᠵᠠᠶᠢᠯᠠᠰᠬᠢᠨ᠎ᠠ᠃ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ | ᠲᠣᠨᠣᠭᠯᠠᠭᠠᠰᠤ ᠪᠠ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠤᠨ ᠬᠠᠮᠢᠶ᠎ᠠ ᠪᠦᠬᠦᠢ ᠮᠡᠷᠭᠡᠵᠢᠯ ᠤᠨ | ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢ ᠨᠠᠶᠢᠷᠠᠭᠤᠯᠤᠨ ᠵᠣᠬᠢᠶᠠᠵᠤ᠂ ᠶᠠᠰᠤ ᠴᠢᠨᠠᠷ ᠤᠨ ᠭᠡᠷᠡᠴᠢᠯᠡᠬᠦ ᠳᠦᠷᠢᠮ ᠢ | ᠬᠡᠷᠡᠭᠵᠢᠭᠦᠯᠦᠨ᠂ ᠲᠥᠬᠦᠷ ᠳᠠᠭᠠᠳᠬᠠᠯ ᠤᠨ ᠳᠦᠷᠢᠮ ᠢ ᠪᠦᠷᠢᠨᠰᠢᠭᠦᠯᠵᠦ᠂ ᠦᠢᠯᠡᠳᠬᠦᠨ ᠤ ᠲᠥᠬᠦᠷᠵᠢᠭᠦᠯᠬᠦ | ᠴᠢᠳᠠᠪᠤᠷᠢ ᠪᠠ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠭᠤᠷᠪᠠ︶ ᠣᠶᠤᠨᠯᠢᠭᠵᠢᠭᠤᠯᠵᠤ ᠨᠠᠷᠢᠯᠢᠭᠵᠢᠭᠤᠯᠵᠤ ᠪᠠᠶᠢᠭᠤᠯᠬᠤ ᠶᠢ ᠳᠡᠯᠭᠡᠷᠡᠭᠦᠯᠦᠨ᠎ᠡ᠃ | 1 . ᠣᠶᠤᠨᠴᠢ ᠪᠠᠷ ᠪᠥᠲᠥᠭᠡᠨ ᠪᠠᠶᠢᠭᠤᠯᠬᠤ ᠮᠡᠷᠭᠡᠵᠢᠯ ᠢ ᠬᠦᠴᠦᠯᠡᠨ ᠬᠥᠭᠵᠢᠭᠦᠯᠦᠨ᠎ᠡ᠃ BIM | ᠮᠡᠷᠭᠡᠵᠢᠯ ᠢ ᠰᠢᠨ᠎ᠡ ᠮᠠᠶ᠋ᠢᠭ ᠤᠨ ᠪᠠᠷᠢᠯᠭ᠎ᠠ ᠶᠢᠨ ᠪᠦᠬᠦ ᠦᠶᠡᠯᠡᠯ ᠤᠨ ᠬᠤᠭᠤᠴᠠᠭᠠᠨ ᠳᠤ ᠨᠢᠭᠡ ᠴᠣᠭᠴᠠᠵᠢᠭᠤᠯᠤᠨ | ᠬᠤᠷᠠᠭᠤᠯᠵᠤ ᠬᠡᠷᠡᠭᠯᠡᠬᠦ ᠶᠢ ᠲᠦᠷᠭᠡᠳᠬᠡᠨ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ᠂ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ | ᠰᠦᠯᠵᠢᠶᠡᠨ ᠤ ᠲᠠᠪᠴᠠᠩ ᠢ ᠬᠦᠴᠦ ᠪᠠᠨ ᠬᠠᠮᠲᠤᠳᠬᠠᠨ ᠪᠠᠶᠢᠭᠤᠯᠵᠤ᠂ BIM ᠮᠡᠷᠭᠡᠵᠢᠯ ᠤᠨ | ᠪᠠᠷᠢᠮᠵᠢᠶᠠᠵᠢᠭᠤᠯᠤᠭᠰᠠᠨ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠤᠨ ᠳ᠋ᠠᠶᠢᠲ᠋ᠠ ᠬᠥᠮᠥᠷᠭᠡ ᠶᠢ | ᠬᠠᠮᠲᠤ ᠪᠠᠷ ᠪᠠᠶᠢᠭᠤᠯᠤᠨ᠂ ᠵᠢᠷᠤᠭᠯᠠᠵᠤ ᠲᠥᠯᠥᠪᠯᠡᠬᠦ᠂ ᠬᠤᠳᠠᠯᠳᠤᠨ ᠠᠪᠬᠤ᠂ ᠦᠢᠯᠡᠳᠪᠦᠷᠢᠯᠡᠬᠦ᠂ ᠪᠠᠶᠢᠭᠤᠯᠬᠤ᠂ | ᠲᠤᠰᠢᠶᠠᠨ ᠬᠡᠷᠡᠭᠯᠡᠭᠦᠯᠬᠦ᠂ ᠠᠵᠢᠯᠯᠠᠭᠠᠨ ᠢ ᠨᠢ ᠬᠠᠮᠠᠭᠠᠯᠠᠵᠤ ᠪᠠᠲᠤᠯᠠᠬᠤ ᠵᠡᠷᠭᠡ ᠱᠠᠲᠤᠨ ᠳᠠᠬᠢ ᠮᠡᠳᠡᠭᠡ ᠵᠠᠩᠭᠢ ᠪᠠᠨ | ᠬᠠᠷᠢᠯᠴᠠᠨ ᠰᠣᠯᠢᠯᠴᠠᠵᠤ ᠬᠠᠮᠲᠤ ᠪᠠᠷ ᠭᠥᠷᠳᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠣᠶᠤᠨᠴᠢ ᠭᠡᠷᠡᠯ | ᠴᠡᠨᠡᠭ ᠤᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ᠂ ᠪᠠᠷᠢᠯᠭ᠎ᠠ ᠶᠢᠨ ᠨᠢᠭᠡ ᠴᠣᠭᠴᠠᠵᠢᠭᠰᠠᠨ ᠡᠨᠧᠷᠭᠢ ᠶᠢᠨ ᠬᠠᠪᠲᠠᠰᠤ | ᠵᠢᠴᠢ ᠬᠠᠮᠢᠶ᠎ᠠ ᠪᠦᠬᠦᠢ ᠮᠡᠷᠭᠡᠵᠢᠯ ᠤᠨ ᠲᠠᠯ᠎ᠠ ᠪᠠᠷ ᠵᠢᠱᠢᠶ᠎ᠡ ᠦᠵᠡᠭᠦᠯᠬᠦ ᠶᠢ ᠠᠬᠢᠭᠤᠯᠵᠤ᠂ ᠪᠠᠷᠢᠯᠭ᠎ᠠ ᠯᠤᠭ᠎ᠠ | ᠤᠶᠠᠯᠳᠤᠭᠰᠠᠨ ᠭᠡᠷᠡᠯ ᠴᠡᠨᠡᠭ ᠤᠨ ᠴᠠᠬᠢᠯᠭᠠᠨ ᠭᠠᠷᠭᠠᠬᠤ ᠰᠢᠰᠲ᠋ᠧᠮ ᠤᠨ ᠬᠡᠷᠡᠭᠯᠡᠯᠲᠡ ᠶᠢ ᠠᠬᠢᠭᠤᠯᠤᠨ᠎ᠠ᠃ | ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ᠂ ᠪᠠᠷᠢᠯᠭ᠎ᠠ ᠪᠠᠷᠢᠬᠤ ᠲᠣᠨᠤᠭ ᠲᠥᠬᠦᠭᠡᠷᠦᠮᠵᠢ ᠪᠠᠨ ᠣᠶᠤᠨᠴᠢᠯᠠᠭᠤᠯᠵᠤ | ᠲᠠᠰ ᠳᠡᠪᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠪᠠᠷᠢᠯᠭ᠎ᠠ ᠶᠢᠨ ᠮᠠᠰᠢᠨ ᠬᠥᠮᠦᠨ᠂ ᠠᠵᠤ ᠦᠢᠯᠡᠳᠪᠦᠷᠢ ᠶᠢᠨ | ᠮᠠᠰᠢᠨ ᠬᠥᠮᠦᠨ᠂ ᠣᠶᠤᠨᠴᠢ ᠰᠢᠯᠵᠢᠭᠡ ᠦᠵᠦᠭᠦᠷ ᠤᠨ ᠲᠥᠬᠦᠭᠡᠷᠦᠮᠵᠢ ᠵᠡᠷᠭᠡ ᠣᠶᠤᠨᠴᠢ ᠲᠥᠬᠦᠭᠡᠷᠦᠮᠵᠢ | ᠬᠡᠷᠡᠭᠯᠡᠬᠦ ᠶᠢ ᠵᠣᠷᠢᠭᠵᠢᠭᠤᠯᠤᠨ᠎ᠠ᠃ | 2 . ᠪᠠᠷᠢᠯᠭ᠎ᠠ ᠪᠠᠷᠢᠬᠤ ᠨᠠᠷᠢᠯᠢᠭᠵᠢᠭᠤᠯᠤᠭᠰᠠᠨ ᠠᠷᠭ᠎ᠠ ᠮᠠᠶ᠋ᠢᠭ ᠢ ᠢᠳᠡᠪᠬᠢᠲᠡᠢ ᠬᠡᠷᠡᠭᠯᠡᠨ᠎ᠡ᠃ ᠰᠢᠨ᠎ᠡ | ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠯᠦᠭᠡ ᠲᠣᠬᠢᠷᠠᠯᠴᠠᠬᠤ ᠨᠠᠷᠢᠯᠢᠭᠵᠢᠭᠤᠯᠤᠭᠰᠠᠨ ᠪᠠᠷᠢᠯᠭ᠎ᠠ | ᠪᠠᠷᠢᠬᠤ ᠶᠢ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠨ ᠲᠡᠭᠦᠯᠳᠡᠷᠵᠢᠭᠦᠯᠦᠨ᠂ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢᠨ ᠵᠠᠰᠠᠵᠤ ᠴᠢᠮᠡᠭᠯᠡᠬᠦ ᠶᠢ ᠭᠤᠤᠯ ᠴᠣᠭᠴᠠ ᠶᠢᠨ ᠪᠦᠲᠦᠴᠡ᠂ ᠮᠠᠰᠢᠨ ᠴᠠᠬᠢᠯᠭᠠᠨ ᠤ | ᠲᠥᠬᠦᠭᠡᠷᠦᠮᠵᠢ ᠯᠦᠭᠡ ᠬᠠᠮᠵᠢᠯᠴᠠᠨ ᠪᠠᠷᠢᠬᠤ ᠶᠢ ᠬᠡᠷᠡᠭᠵᠢᠭᠦᠯᠵᠦ᠂ ᠪᠦᠲᠦᠴᠡ ᠬᠢᠭᠡᠳ ᠵᠠᠰᠠᠵᠤ ᠴᠢᠮᠡᠭᠯᠡᠬᠦ ᠶᠢᠨ | ᠰᠣᠯᠪᠢᠴᠠᠨ ᠠᠵᠢᠯᠯᠠᠬᠤ ᠳᠠᠪᠠᠭᠤᠯᠢᠭ ᠢ ᠪᠠᠳᠠᠷᠠᠭᠤᠯᠤᠨ᠂ ᠪᠠᠷᠢᠯᠭ᠎ᠠ ᠪᠠᠷᠢᠬᠤ ᠲᠤᠬᠠᠶ ᠶᠢᠨ ᠭᠠᠵᠠᠷ ᠲᠠᠬᠢ | ᠨᠠᠷᠢᠯᠢᠭᠵᠢᠭᠤᠯᠤᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠭᠰᠠᠷᠠᠭ᠎ᠠ ᠪᠡᠯᠡᠨ ᠦᠢᠯᠡᠳᠬᠦᠨ | ᠤᠭᠰᠠᠷᠠᠭ᠎ᠠ ᠲᠣᠨᠤᠭ ᠢ ᠲᠠᠯᠠᠪᠠᠶ ᠳᠤ ᠣᠷᠣᠭᠤᠯᠬᠤ᠂ ᠪᠠᠷᠢᠯᠭ᠎ᠠ ᠪᠠᠷᠢᠵᠤ ᠤᠭᠰᠠᠷᠠᠬᠤ᠂ ᠵᠠᠩᠭᠢᠶᠠᠰᠤ ᠶᠢ ᠵᠠᠯᠭᠠᠵᠤ | ᠪᠧᠲ᠋ᠤᠨ ᠴᠢᠳᠬᠤᠬᠤ᠂ ᠪᠢᠲᠡᠭᠦᠯᠡᠵᠦ ᠤᠰᠤ ᠨᠡᠪᠴᠢᠬᠦ ᠶᠢ ᠰᠡᠷᠭᠡᠶᠢᠯᠡᠬᠦ ᠵᠡᠷᠭᠡ ᠵᠠᠩᠭᠢᠯᠠᠭ᠎ᠠ ᠶᠢᠨ ᠬᠡᠰᠡᠭ ᠪᠠ | ᠠᠵᠢᠯ ᠤᠨ ᠳᠠᠷᠠᠭᠠᠯᠠᠯ ᠳᠤ ᠶᠠᠰᠤ ᠴᠢᠨᠠᠷ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ | ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢᠨ ᠠᠵᠢᠯᠲᠠᠨ ᠪᠠ ᠨᠢᠭᠡᠳᠦᠭᠡᠷ ᠹᠷᠤᠨᠲ ᠢᠶᠠᠷ ᠠᠵᠢᠯᠯᠠᠵᠤ ᠪᠠᠶᠢᠭ᠎ᠠ | ᠬᠥᠮᠦᠰ ᠲᠤ ᠶᠠᠰᠤ ᠴᠢᠨᠠᠷ ᠠᠮᠤᠷ ᠲᠦᠪᠰᠢᠨ ᠤ ᠮᠡᠷᠭᠡᠵᠢᠯ ᠢ ᠨᠠᠷᠢᠨ ᠨᠢᠮᠪᠠᠢ ᠵᠢᠭᠠᠵᠤ ᠲᠤᠰᠢᠶᠠᠬᠤ ᠶᠢ | ᠴᠢᠩᠭᠠᠷᠠᠭᠤᠯᠤᠨ᠎ᠠ᠃ ᠪᠦᠬᠦ ᠶᠠᠪᠤᠴᠠ ᠳᠤ ᠨᠢ ᠵᠣᠬᠢᠶᠠᠨ ᠪᠠᠶᠢᠭᠤᠯᠵᠤ ᠬᠠᠮᠢᠶᠠᠷᠬᠤ ᠪᠠ ᠮᠡᠷᠭᠡᠵᠢᠯ ᠢ ᠰᠢᠯᠢᠳᠡᠭᠵᠢᠭᠦᠯᠦᠨ | ᠬᠤᠷᠠᠭᠤᠯᠬᠤ ᠪᠠᠨ ᠴᠢᠩᠭᠠᠳᠬᠠᠵᠤ᠂ ᠪᠦᠬᠦ ᠶᠠᠪᠤᠴᠠ ᠳᠤ ᠨᠢ ᠮᠥᠷᠳᠡᠨ ᠤᠬᠤᠴᠢᠯᠠᠬᠤ ᠲᠣᠭᠲᠠᠴᠠ ᠶᠢ ᠪᠠᠶᠢᠭᠤᠯᠤᠨ᠎ᠠ | ᠃ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ ᠪᠠᠷᠢᠯᠭ᠎ᠠ ᠶᠢᠨ ᠠᠵᠢᠯ ᠤᠨ ᠲᠤᠬᠠᠶ ᠶᠢᠨ | ᠭᠠᠵᠠᠷ ᠲᠠᠬᠢ ᠲᠣᠭᠤᠰᠣ᠂ ᠱᠤᠤᠭᠢᠶᠠᠨ᠂ ᠭᠡᠷᠡᠯ᠂ ᠪᠣᠬᠢᠷ ᠤᠰᠤ᠂ ᠬᠤᠣᠷᠳᠣ ᠬᠡᠢ᠂ ᠬᠠᠲᠠᠭᠤ ᠬᠠᠶᠠᠭᠳᠠᠮᠠᠯ ᠪᠣᠳᠠᠰ | ᠭᠠᠷᠬᠤ ᠶᠢ ᠬᠢᠨᠠᠨ ᠰᠢᠨᠵᠢᠬᠦ ᠶᠢᠨ ᠳᠠᠭᠠᠤ ᠬᠠᠮᠢᠶᠠᠷᠤᠨ ᠬᠢᠵᠠᠭᠠᠷᠯᠠᠨ᠎ᠠ᠃ 2022 ᠣᠨ ᠠᠴᠠ ᠡᠬᠢᠯᠡᠨ᠂ ᠬᠤᠤᠷ | ᠬᠥᠨᠥᠭᠡᠯ ᠲᠠᠢ ᠬᠠᠶᠠᠭᠳᠠᠮᠠᠯ ᠪᠣᠳᠠᠰ ᠢ 100 % ᠪᠠᠷ ᠬᠤᠷᠢᠶᠠᠨ ᠠᠪᠤᠨ᠎ᠠ︔ ᠪᠠᠷᠢᠯᠭ᠎ᠠ ᠶᠢᠨ ᠬᠤᠭ ᠨᠣᠪᠰᠢ ᠶᠢᠨ | ᠬᠡᠮᠵᠢᠶ᠎ᠡ ᠶᠢ ᠣᠳᠣ ᠶᠢᠨ ᠪᠧᠲ᠋ᠤᠨ ᠪᠦᠲᠦᠴᠡ ᠲᠠᠢ ᠪᠠᠷᠢᠯᠭ᠎ᠠ ᠶᠢᠨ ᠲᠦᠮᠡᠨ ᠲᠡᠭᠰᠢ ᠳᠥᠷᠪᠡᠯᠵᠢᠨ ᠮᠧᠳ᠋ᠷ ᠪᠦᠷᠢ ᠳᠤ | 300 ᠲᠣᠨ ᠠᠴᠠ ᠢᠯᠡᠭᠦᠦ ᠦᠭᠡᠢ ᠪᠠᠶᠢᠯᠭᠠᠨ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠦᠮᠡᠨ ᠲᠡᠭᠰᠢ | ᠳᠥᠷᠪᠡᠯᠵᠢᠨ ᠮᠧᠳ᠋ᠷ ᠪᠦᠷᠢ ᠳᠤ 200 ᠲᠣᠨ ᠠᠴᠠ ᠢᠯᠡᠭᠦᠦ ᠦᠭᠡᠶ ᠪᠠᠶᠢᠯᠭᠠᠨ᠎ᠠ︔ ᠣᠶᠤᠨᠯᠢᠭ ᠪᠠᠷᠢᠯᠭ᠎ᠠ ᠪᠠᠷᠢᠬᠤ | ᠭᠠᠵᠠᠷ ᠢ ᠢᠳᠡᠪᠬᠢᠲᠡᠶ ᠡᠭᠦᠳᠦᠨ ᠪᠠᠶᠢᠭᠤᠯᠵᠤ᠂ ᠣᠷᠳᠣᠰ ᠬᠤᠲᠠ ᠳᠤ ᠲᠤᠷᠰᠢᠯᠲᠠ ᠶᠢᠨ ᠴᠡᠭ ᠤᠨ ᠠᠵᠢᠯ | ᠥᠷᠨᠢᠭᠦᠯᠦᠨ᠎ᠡ᠃ | ︵ᠳᠥᠷᠪᠡ︶ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | 1 . ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠎ᠡ᠃ ᠠᠳᠠᠯᠢ ᠪᠤᠰᠤ ᠪᠠᠷᠢᠯᠭ᠎ᠠ ᠶᠢᠨ | ᠲᠥᠷᠥᠯ ᠬᠡᠯᠪᠡᠷᠢ ᠳᠤ ᠲᠣᠬᠢᠷᠠᠬᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠧᠲ᠋ᠤᠨ ᠪᠦᠲᠦᠴᠡ ᠲᠠᠢ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠴᠢᠨᠠᠷ ᠴᠢᠳᠠᠮᠵᠢ ᠰᠠᠶᠢᠲᠠᠢ ᠪᠧᠲ᠋ᠤᠨ᠂ ᠨᠢᠭᠲᠠ ᠴᠢᠩᠭᠠᠯᠢᠭ ᠰᠢᠷᠪᠦᠰᠦᠨ | ᠪᠣᠯᠣᠳ ᠪᠠ ᠭᠠᠵᠠᠷ ᠬᠥᠳᠡᠯᠦᠯᠲᠡ ᠶᠢᠨ ᠳᠣᠷᠭᠢᠯᠲᠠ ᠶᠢ ᠨᠠᠮᠳᠠᠭᠠᠬᠤ᠂ ᠪᠡᠯᠡᠳᠬᠡᠯ ᠬᠤᠪᠢᠷᠠᠭᠠᠭᠳᠠᠯ ᠤᠨ ᠬᠦᠴᠦᠨ ᠤ | ᠮᠡᠷᠭᠡᠵᠢᠯ ᠢ ᠬᠤᠷᠠᠭᠤᠯᠵᠤ ᠬᠡᠷᠡᠭᠯᠡᠬᠦ ᠶᠢ ᠨᠡᠮᠡᠭᠳᠡᠭᠦᠯᠦᠨ᠎ᠡ᠃ ᠤᠷᠢᠳ ᠢᠶᠠᠷ ᠬᠥᠨᠳᠡᠯᠡᠨ ᠢᠶᠠᠷ ᠳᠠᠷᠠᠭ᠎ᠠ ᠨᠢ ᠪᠣᠰᠤᠭ᠎ᠠ | ᠴᠢᠭᠯᠡᠯ ᠤᠨ ᠵᠠᠷᠴᠢᠮ ᠢ ᠪᠠᠷᠢᠮᠲᠠᠯᠠᠵᠤ᠂ ᠤᠷᠢᠳ ᠢᠶᠠᠷ ︽ᠭᠤᠷᠪᠠᠨ ᠬᠠᠪᠲᠠᠰᠤ︾ ︵ᠳᠣᠲᠣᠷ᠎ᠠ ᠬᠠᠨ᠎ᠠ ᠶᠢᠨ | ᠪᠡᠯᠡᠳᠬᠡᠯ ᠬᠠᠪᠲᠠᠰᠤ᠂ ᠠᠰᠠᠷ ᠤᠨ ᠱᠠᠲᠤ ᠶᠢᠨ ᠪᠡᠯᠡᠳᠬᠡᠯ ᠬᠠᠪᠲᠠᠰᠤ᠂ ᠠᠰᠠᠷ ᠤᠨ ᠪᠡᠯᠡᠳᠬᠡᠯ ᠳᠠᠪᠬᠤᠴᠠᠮᠠᠯ | ᠬᠠᠪᠲᠠᠰᠤ︶ ᠶᠢ ᠳᠡᠯᠭᠡᠷᠡᠭᠦᠯᠦᠨ ᠬᠡᠷᠡᠭᠯᠡᠵᠦ᠂ ᠪᠧᠲ᠋ᠤᠨ ᠢ ᠴᠢᠳᠬᠤᠬᠤ ᠪᠠ ᠤᠭᠰᠠᠷᠠᠮᠠᠯ ᠮᠠᠶ᠋ᠢᠭ ᠢᠶᠠᠷ | ᠬᠠᠮᠵᠢᠯᠴᠠᠭᠤᠯᠵᠤ ᠶᠠᠰᠤ ᠴᠢᠨᠠᠷ ᠬᠢᠭᠡᠳ ᠦᠷ᠎ᠡ ᠠᠰᠢᠭ ᠤᠨ ᠬᠠᠮᠤᠭ ᠤᠨ ᠰᠠᠶᠢᠨ ᠨᠡᠶᠢᠯᠡᠯ ᠴᠡᠭ ᠢ ᠰᠦᠪᠡᠭᠴᠢᠯᠡᠨ᠎ᠡ᠃ | ᠲᠥᠷᠥᠯ ᠵᠦᠢᠯ ᠤᠨ ᠪᠦᠬᠦᠯᠢ ᠴᠣᠭᠴᠠ ᠪᠠᠷ ᠲᠥᠰᠥᠭᠡᠯᠡᠵᠦ ᠪᠣᠳᠣᠭᠰᠠᠨ ᠤᠭᠰᠠᠷᠠᠬᠤ ᠨᠣᠷᠮ᠎ᠠ ᠪᠠᠷ᠂ ᠠᠳᠠᠯᠢ | ᠨᠢᠭᠡᠨ ᠲᠥᠷᠥᠯ ᠵᠦᠢᠯ ᠳᠠᠬᠢ ᠠᠳᠠᠯᠢ ᠪᠤᠰᠤ ᠳᠠᠩ ᠴᠣᠭᠴᠠᠲᠤ ᠪᠠᠷᠢᠯᠭ᠎ᠠ ᠶᠢᠨ ᠬᠤᠭᠤᠷᠣᠨᠳᠣ ᠨᠢ ᠤᠭᠰᠠᠷᠠᠭᠤᠯᠬᠤ | ᠨᠣᠷᠮ᠎ᠠ ᠶᠢᠨ ᠭᠦᠢᠴᠡᠳᠬᠡᠯ ᠲᠤᠭ᠎ᠠ ᠪᠠᠨ ᠲᠣᠬᠢᠷᠠᠭᠤᠯᠬᠤ ᠶᠢ ᠵᠥᠪᠰᠢᠶᠡᠷᠡᠨ᠎ᠡ᠃ ᠪᠣᠯᠣᠳ ᠪᠦᠲᠦᠴᠡᠲᠦ ᠪᠠᠷᠢᠯᠭ᠎ᠠ ᠶᠢᠨ | ᠭᠠᠯ ᠰᠡᠷᠭᠡᠶᠢᠯᠡᠬᠦ᠂ ᠢᠯᠵᠢᠷᠡᠬᠦ ᠶᠢ ᠰᠡᠷᠭᠡᠶᠢᠯᠡᠬᠦ᠂ ᠳᠠᠭᠤ ᠬᠥᠨᠳᠡᠶᠢᠷᠡᠭᠦᠯᠬᠦ ᠵᠡᠷᠭᠡ ᠴᠢᠨᠠᠷ ᠴᠢᠳᠠᠮᠵᠢ ᠪᠠ ᠮᠡᠷᠭᠡᠵᠢᠯ ᠤᠨ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠣᠯᠣᠳ | ᠪᠦᠲᠦᠴᠡᠲᠦ ᠪᠠᠷᠢᠯᠭ᠎ᠠ ᠶᠢ ᠤᠷᠢᠳ ᠢᠶᠠᠷ ᠰᠣᠩᠭᠤᠨ ᠬᠡᠷᠡᠭᠯᠡᠬᠦ ᠶᠢ ᠵᠣᠷᠢᠭᠵᠢᠭᠤᠯᠵᠤ᠂ ᠪᠣᠯᠣᠳ ᠪᠦᠲᠦᠴᠡᠲᠦ ᠣᠷᠣᠨ | ᠰᠠᠭᠤᠴᠠ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ | ᠃ ᠪᠤᠭᠤᠲᠤ ᠬᠤᠲᠠ ᠶᠢᠨ ᠤᠭᠰᠠᠷᠠᠮᠠᠯ ᠮᠠᠶ᠋ᠢᠭ ᠤᠨ ᠪᠣᠯᠣᠳ ᠪᠦᠲᠦᠴᠡᠲᠦ ᠪᠠᠷᠢᠯᠭ᠎ᠠ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ 2023 ᠣᠨ ᠠᠴᠠ ᠡᠬᠢᠯᠡᠨ᠂ ᠵᠠᠰᠠᠭ ᠤᠨ | ᠣᠷᠳᠣᠨ ᠠᠴᠠ ᠪᠠᠯᠠ ᠣᠷᠣᠭᠤᠯᠤᠭᠰᠠᠨ ᠪᠠᠷᠢᠯᠭ᠎ᠠ ᠶᠢᠨ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠴᠥᠮ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠡᠷᠡᠭᠯᠡᠬᠦ ᠶᠢᠨ ᠬᠠᠮᠲᠤ᠂ ᠤᠭᠰᠠᠷᠠᠬᠤ ᠨᠣᠷᠮ᠎ᠠ ᠶᠢ ᠨᠢ ᠵᠢᠯ ᠳᠠᠷᠠᠭᠠᠯᠠᠨ | ᠳᠡᠭᠡᠭᠰᠢᠯᠡᠭᠦᠯᠦᠨ᠎ᠡ︔ 2025 ᠣᠨ ᠪᠣᠯᠬᠤ ᠳᠤ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠲᠠᠯᠠᠪᠠᠶ ᠳᠠᠬᠢ | ᠪᠥᠬᠦ ᠣᠷᠣᠨ ᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠤᠰ ᠵᠢᠯ ᠤᠨ ᠡᠵᠡᠯᠡᠬᠦ ᠬᠠᠷᠢᠴᠠᠯ ᠢ 30 % ᠭᠠᠷᠤᠢ | ᠪᠣᠯᠭᠠᠬᠤ ᠪᠠᠷ ᠴᠢᠷᠮᠠᠶᠢᠨ᠎ᠠ᠂ ᠡᠭᠦᠨ ᠳᠤ ᠬᠥᠬᠡᠬᠤᠲᠠ᠂ ᠪᠤᠭᠤᠲᠤ ᠬᠤᠲᠠ ᠶᠢᠨ ᠭᠤᠤᠯ ᠪᠣᠯᠬᠤ ᠬᠤᠲᠠ ᠶᠢᠨ | ᠲᠣᠭᠤᠷᠢᠭ ᠲᠤ 40 % ᠭᠠᠷᠤᠢ ᠪᠣᠯᠭᠠᠵᠤ᠂ ᠪᠤᠰᠤᠳ ᠠᠶᠢᠮᠠᠭ ᠬᠤᠲᠠ ᠶᠢᠨ ᠪᠠᠶᠢᠭ᠎ᠠ ᠭᠠᠵᠠᠷ ᠤᠨ ᠭᠤᠤᠯ ᠪᠣᠯᠬᠤ | ᠬᠤᠲᠠ ᠶᠢᠨ ᠲᠣᠭᠤᠷᠢᠭ ᠲᠤ 20 % ᠭᠠᠷᠤᠢ ᠪᠣᠯᠭᠠᠬᠤ ᠪᠠᠷ ᠴᠢᠷᠮᠠᠶᠢᠨ᠎ᠠ︔ 2030 ᠣᠨ ᠪᠣᠯᠬᠤ ᠳᠤ᠂ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠲᠠᠯᠠᠪᠠᠢ ᠳᠠᠬᠢ ᠪᠥᠬᠦ ᠣᠷᠣᠨ ᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ | ᠲᠤᠰ ᠵᠢᠯ ᠤᠨ ᠡᠵᠡᠯᠡᠬᠦ ᠬᠠᠷᠢᠴᠠᠯ ᠢ 40 % ᠭᠠᠷᠤᠢ ᠪᠣᠯᠭᠠᠨ᠎ᠠ᠃ | 2 . ᠤᠭᠰᠠᠷᠠᠮᠠᠯ ᠮᠠᠶ᠋ᠢᠭ ᠢᠶᠠᠷ ᠵᠠᠰᠠᠵᠤ ᠴᠢᠮᠡᠭᠯᠡᠬᠦ ᠬᠠᠷᠢᠴᠠᠯ ᠢ ᠶᠡᠭᠡ ᠪᠠᠷ ᠳᠡᠭᠡᠭᠰᠢᠯᠡᠭᠦᠯᠦᠨ᠎ᠡ᠃ ᠤᠭᠰᠠᠷᠠᠮᠠᠯ | ᠮᠠᠶ᠋ᠢᠭ ᠤᠨ ᠪᠠᠷᠢᠯᠭ᠎ᠠ᠂ ᠪᠣᠬᠢᠷᠲᠤᠯ ᠥᠬᠡᠶ ᠣᠳᠣᠨ ᠲᠡᠰ ᠤᠨ ᠪᠠᠷᠢᠯᠭ᠎ᠠ ᠶᠢᠨ ᠲᠥᠷᠥᠯ ᠵᠦᠢᠯ ᠳᠤ ᠴᠥᠮ | ᠤᠭᠰᠠᠷᠠᠮᠠᠯ ᠮᠠᠶ᠋ᠢᠭ ᠢᠶᠠᠷ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠪᠡᠯᠡᠳᠬᠡᠮᠵᠢ ᠪᠦᠷᠢᠨ ᠣᠷᠣᠨ ᠰᠠᠭᠤᠴᠠ ᠶᠢ | ᠢᠳᠡᠪᠬᠢᠲᠡᠢ ᠬᠥᠭᠵᠢᠭᠦᠯᠦᠨ᠂ ᠲᠣᠪᠶᠤᠭ ᠠᠷᠭ᠎ᠠ ᠶᠢᠨ ᠪᠦᠷᠢᠨ ᠵᠠᠰᠠᠵᠤ ᠴᠢᠮᠡᠭᠯᠡᠬᠦ ᠶᠢ ᠰᠠᠨᠠᠭᠠᠴᠢᠯᠠᠨ᠎ᠠ᠃ ᠤᠭᠰᠠᠷᠠᠮᠠᠯ | ᠮᠠᠶ᠋ᠢᠭ ᠤᠨ ᠵᠠᠰᠠᠯ ᠴᠢᠮᠡᠭᠯᠡᠯ ᠬᠢᠭᠡᠳ ᠪᠠᠷᠢᠯᠭ᠎ᠠ᠂ ᠪᠦᠲᠦᠴᠡ᠂ ᠮᠠᠰᠢᠨ ᠴᠠᠬᠢᠯᠭᠠᠨ ᠵᠡᠷᠭᠡ ᠲᠤᠰᠬᠠᠶ ᠮᠡᠷᠭᠡᠵᠢᠯ ᠢ ᠨᠢᠭᠡ | ᠴᠣᠭᠴᠠᠵᠢᠭᠤᠯᠤᠨ ᠵᠢᠷᠤᠭᠯᠠᠵᠤ ᠲᠥᠯᠥᠪᠯᠡᠬᠦ ᠶᠢ ᠠᠬᠢᠭᠤᠯᠤᠨ᠎ᠠ᠃ ᠵᠢᠷᠤᠭ ᠲᠥᠯᠥᠪᠯᠡᠭᠡ ᠶᠢᠨ ᠬᠡᠯᠪᠡᠷᠢ ᠰᠣᠩᠭᠤᠬᠤ | ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠬᠡᠪ ᠪᠠᠷᠢᠮᠵᠢᠶ᠎ᠠ ᠪᠠᠷ ᠴᠥᠭᠡᠨ᠂ ᠣᠯᠠᠨ ᠬᠠᠮ ᠠᠷᠭ᠎ᠠ ᠪᠠᠷ ᠵᠢᠷᠤᠭᠯᠠᠵᠤ | ᠲᠥᠯᠥᠪᠯᠡᠬᠦ ᠶᠢ ᠳᠡᠯᠭᠡᠷᠡᠭᠦᠯᠦᠨ᠎ᠡ᠃ ᠬᠤᠭᠤᠯᠠᠶ ᠭᠤᠤᠷᠰᠤ ᠱᠤᠭᠤᠮ ᠢ ᠰᠠᠯᠭᠠᠬᠤ ᠪᠠ ᠬᠤᠷᠠᠭᠤᠯᠤᠭᠰᠠᠨ | ᠬᠡᠰᠡᠭᠴᠢᠯᠡᠭᠰᠡᠨ ᠮᠡᠷᠭᠡᠵᠢᠯ ᠢ ᠳᠡᠯᠭᠡᠷᠡᠭᠦᠯᠵᠦ᠂ ᠵᠠᠰᠠᠵᠤ ᠴᠢᠮᠡᠭᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ | ᠠᠵᠢᠯᠯᠠᠭᠤᠯᠵᠤ ᠬᠠᠮᠠᠭᠠᠯᠠᠬᠤ ᠥᠪᠡᠷ ᠤᠨ ᠥᠷᠲᠡᠭ ᠪᠠ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ 2023 | ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠵᠤ ᠪᠠᠶᠢᠭ᠎ᠠ ᠤᠭᠰᠠᠷᠠᠮᠠᠯ ᠮᠠᠶ᠋ᠢᠭ ᠤᠨ ᠪᠠᠷᠢᠯᠭ᠎ᠠ ᠳᠤ ᠤᠭᠰᠠᠷᠠᠮᠠᠯ | ᠮᠠᠶ᠋ᠢᠭ ᠢᠶᠠᠷ ᠪᠦᠷᠢᠨ ᠵᠠᠰᠠᠵᠤ ᠴᠢᠮᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ︔ ᠡᠯ᠎ᠡ ᠠᠶᠢᠮᠠᠭ ᠬᠤᠲᠠ ᠨᠢ ᠭᠠᠵᠠᠷ | ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠳᠠᠭᠠᠵᠣ᠂ ᠵᠢᠯ | ᠳᠠᠷᠠᠭᠠᠯᠠᠨ ᠠᠬᠢᠭᠤᠯᠤᠨ᠎ᠠ᠂ 2025 ᠣᠨ ᠪᠣᠯᠬᠤ ᠳᠤ᠂ ᠠᠶᠢᠮᠠᠭ ᠬᠤᠲᠠ ᠶᠢᠨ ᠭᠤᠤᠯ ᠪᠣᠯᠬᠤ ᠬᠤᠲᠠ ᠶᠢᠨ | ᠲᠣᠭᠤᠷᠢᠭ ᠤᠨ ᠲᠠᠸᠠᠷ ᠤᠨ ᠬᠡᠷ ᠪᠠᠶᠢᠰᠢᠩ ᠢ ᠤᠭᠰᠠᠷᠠᠮᠠᠯ ᠮᠠᠶ᠋ᠢᠭ ᠢᠶᠠᠷ ᠵᠠᠰᠠᠵᠤ ᠴᠢᠮᠡᠭᠯᠡᠬᠦ ᠨᠣᠷᠮ᠎ᠠ ᠶᠢ 30 % | ᠭᠠᠷᠤᠢ ᠪᠣᠯᠭᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠸᠠᠷ ᠤᠨ ᠬᠡᠷ ᠪᠠᠶᠢᠰᠢᠩ ᠢ ᠤᠭᠰᠠᠷᠠᠮᠠᠯ | ᠮᠠᠶ᠋ᠢᠭ ᠢᠶᠠᠷ ᠵᠠᠰᠠᠵᠤ ᠴᠢᠮᠡᠭᠯᠡᠬᠦ ᠨᠣᠷᠮ᠎ᠠ ᠶᠢ 15 % ᠭᠠᠷᠤᠢ ᠪᠣᠯᠭᠠᠨ᠎ᠠ᠃ | ︵ᠲᠠᠪᠤ︶ ᠪᠣᠬᠢᠷᠲᠤᠯ ᠦᠭᠡᠶ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠎ᠡ᠃ | 1 . ᠪᠣᠬᠢᠷᠲᠤᠯ ᠦᠭᠡᠶ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ | ᠣᠨᠣᠯᠵᠢᠬᠤᠨ ᠢᠶᠠᠨ ᠪᠠᠷᠢᠯᠭ᠎ᠠ ᠲᠥᠰᠦᠪᠯᠡᠬᠦ᠂ ᠵᠢᠷᠤᠭᠯᠠᠵᠤ ᠲᠥᠯᠥᠪᠯᠡᠬᠦ᠂ ᠪᠠᠷᠢᠯᠭ᠎ᠠ ᠪᠠᠷᠢᠬᠤ ᠪᠦᠬᠦ ᠶᠠᠪᠤᠴᠠ ᠳᠤ | ᠠᠭᠤᠰᠤᠯᠴᠠᠭᠤᠯᠤᠨ᠎ᠠ᠃ ᠪᠦᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠶᠢᠭᠤᠯᠬᠤ ᠪᠠᠷᠢᠯᠭ᠎ᠠ ᠳᠤ ᠪᠣᠬᠢᠷᠲᠤᠯ | ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠪᠡᠯᠡ | ᠣᠷᠣᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ | ᠪᠠᠷᠢᠯᠭ᠎ᠠ᠂ ᠣᠷᠣᠨ ᠰᠠᠭᠤᠴᠠ ᠶᠢᠨ 5 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠰᠠᠭᠤᠭᠠᠯᠢ | ᠲᠣᠭᠤᠷᠢᠭ ᠵᠢᠴᠢ ᠪᠣᠬᠢᠷᠲᠤᠯ ᠦᠭᠡᠶ ᠠᠮᠢ ᠠᠬᠤᠶ ᠶᠢᠨ ᠬᠤᠲᠠ ᠶᠢᠨ ᠲᠣᠭᠤᠷᠢᠭ᠂ ᠭᠤᠣᠯᠳᠠᠯᠭ᠎ᠠ ᠲᠠᠢ ᠴᠢᠳᠠᠮᠵᠢᠲᠦ | ᠣᠷᠣᠨ ᠳᠤ ᠪᠣᠬᠢᠷᠲᠤᠯ ᠦᠭᠡᠶ ᠣᠳᠣᠨ ᠲᠠᠰ ᠤᠨ ᠴᠢᠨᠠᠷ ᠰᠠᠶᠢᠲᠠᠶ ᠪᠠᠷᠢᠯᠭ᠎ᠠ ᠪᠠᠶᠢᠭᠤᠯᠬᠤ ᠶᠢ ᠠᠬᠢᠭᠤᠯᠵᠤ᠂ | ᠪᠣᠬᠢᠷᠲᠤᠯ ᠦᠭᠡᠶ ᠠᠮᠢ ᠠᠬᠤᠶ ᠶᠢᠨ ᠰᠠᠭᠤᠭᠠᠯᠢ ᠲᠣᠭᠤᠷᠢᠭ᠂ ᠪᠣᠬᠢᠷᠲᠤᠯ ᠦᠭᠡᠶ ᠠᠮᠢ ᠠᠬᠤᠶ ᠶᠢᠨ ᠬᠤᠲᠠ ᠶᠢᠨ | ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ᠂ ᠠᠮᠤᠷ ᠲᠦᠪᠰᠢᠨ ᠪᠥᠭᠡᠳ ᠳᠠᠭᠠᠭᠠᠮᠠᠭᠠᠶ᠂ ᠪᠠᠶᠢᠭᠤᠯᠬᠤ ᠳᠤ ᠠᠮᠠᠷᠬᠠᠨ ᠵᠡᠷᠭᠡ ᠬᠦᠴᠣᠨ | ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠷᠢᠯᠭ᠎ᠠ ᠶᠢᠨ ᠬᠡᠯᠪᠡᠷᠢ ᠳᠦᠷᠰᠦ᠂ ᠮᠠᠲ᠋ᠧᠷᠢᠶᠠᠯ ᠪᠠ ᠪᠦᠲᠦᠴᠡ ᠶᠢᠨ | ᠲᠣᠭᠲᠠᠯᠴᠠᠭ᠎ᠠ ᠶᠢ ᠰᠣᠩᠭᠤᠨ᠎ᠠ᠃ ᠨᠠᠷᠠᠨ ᠤ ᠭᠡᠷᠡᠯ ᠠᠶᠠᠨᠳᠠᠭᠠᠨ ᠲᠤᠰᠬᠤ᠂ ᠰᠠᠯᠬᠢ ᠠᠶᠠᠨᠳᠠᠭᠠᠨ ᠨᠡᠪᠲᠡᠷᠡᠬᠦ ᠶᠢ | ᠭᠦᠢᠴᠡᠳ ᠠᠰᠢᠭᠯᠠᠵᠤ᠂ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ ᠳᠠᠬᠢᠨ ᠡᠭᠦᠰᠴᠦ ᠪᠣᠯᠬᠤ | ᠡᠨᠧᠷᠭᠢ ᠪᠠ ᠦᠯᠡᠭᠦᠦ ᠢᠯᠴᠢ ᠶᠢᠨ ᠡᠬᠢ ᠪᠠᠶᠠᠯᠢᠭ ᠢ ᠵᠣᠬᠢᠰᠲᠠᠶ ᠬᠡᠷᠡᠭᠯᠡᠨ᠎ᠡ᠃ ᠬᠤᠷ᠎ᠠ ᠤᠰᠤ ᠶᠢ ᠪᠦᠲᠦᠮᠵᠢᠲᠡᠢ | ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠢ ᠰᠠᠨᠠᠭᠠᠴᠢᠯᠠᠵᠤ᠂ ᠤᠰᠤᠨ ᠤ ᠬᠤᠷᠣᠭᠳᠠᠯ | ᠪᠠ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ 2022 ᠣᠨ ᠠᠴᠠ ᠡᠬᠢᠯᠡᠨ᠂ ᠪᠥᠬᠦ ᠣᠷᠣᠨ ᠤ ᠬᠤᠲᠠ | ᠪᠠᠯᠭᠠᠰᠤᠨ ᠤ ᠶᠡᠷᠦᠩᠬᠡᠶ ᠲᠥᠯᠥᠪᠵᠢᠭᠦᠯᠦᠭᠰᠡᠨ ᠣᠷᠣᠨ ᠳᠤ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠪᠣᠬᠢᠷᠲᠤᠯ | ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ︔ 2025 ᠣᠨ ᠪᠣᠯᠬᠤ ᠳᠤ᠂ ᠪᠥᠬᠦ | ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠣᠳᠣᠨ ᠲᠠᠰ ᠤᠨ ᠪᠣᠬᠢᠷᠲᠤᠯ ᠥᠬᠡᠶ ᠪᠠᠷᠢᠯᠭ᠎ᠠ ᠶᠢᠨ | ᠡᠵᠡᠯᠡᠬᠦ ᠬᠠᠷᠢᠴᠠᠯ ᠢ 30 % ᠠᠴᠠ ᠳᠠᠪᠠᠭᠤᠯᠵᠤ᠂ ᠠᠷᠠᠳ ᠤᠨ ᠬᠡᠷᠡᠭᠴᠡᠭᠡᠨ ᠤ ᠪᠠᠷᠢᠯᠭ᠎ᠠ ᠳᠤ ᠳᠠᠬᠢᠨ ᠡᠭᠦᠰᠴᠦ | ᠪᠣᠯᠬᠤ ᠡᠨᠧᠷᠭᠢ ᠶᠢᠨ ᠬᠡᠷᠡᠭᠯᠡᠬᠦ ᠬᠠᠷᠢᠴᠠᠯ ᠢ 30 % ᠳᠤ ᠬᠦᠷᠦᠭᠦᠯᠦᠨ᠎ᠡ᠃ | 2 . ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠠᠮᠤᠷ | ᠲᠦᠪᠰᠢᠨ ᠪᠥᠭᠡᠳ ᠡᠷᠡᠭᠦᠯ ᠮᠡᠨᠳᠦ ᠳᠤ ᠬᠦᠨᠣᠭᠡᠯ ᠦᠭᠡᠢ᠂ ᠣᠷᠴᠢᠨ ᠲᠣᠭᠤᠷᠢᠨ ᠳᠤ ᠲᠣᠬᠢᠷᠠᠮᠵᠢᠲᠠᠢ᠂ ᠰᠢᠨᠵᠢ | ᠴᠢᠳᠠᠮᠵᠢ ᠰᠠᠶᠢᠲᠠᠢ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠢ ᠬᠥᠭᠵᠢᠭᠦᠯᠵᠦ᠂ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠢ ᠭᠡᠷᠡᠴᠢᠯᠡᠬᠦ ᠪᠠ ᠳᠡᠯᠭᠡᠷᠡᠭᠦᠯᠵᠣ ᠬᠡᠷᠡᠭᠯᠡᠬᠦ ᠶᠢ ᠠᠬᠢᠭᠤᠯᠤᠨ᠂ ᠤᠭᠰᠠᠷᠠᠮᠠᠯ ᠮᠠᠶ᠋ᠢᠭ ᠤᠨ | ᠪᠠᠷᠢᠯᠭ᠎ᠠ ᠵᠡᠷᠭᠡ ᠳᠤ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠤᠷᠢᠳ ᠢᠶᠠᠷ ᠬᠡᠷᠡᠭᠯᠡᠬᠦ ᠶᠢ ᠠᠬᠢᠭᠤᠯᠵᠤ᠂ | ᠰᠢᠨ᠎ᠡ ᠪᠠᠷ ᠪᠠᠶᠢᠭᠤᠯᠵᠤ ᠪᠠᠶᠢᠭ᠎ᠠ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠬᠠᠷᠢᠴᠠᠯ ᠢ | ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ᠳᠥᠷᠪᠡ ᠶᠢ ᠠᠷᠪᠢᠯᠠᠵᠤ ᠨᠢᠭᠡ ᠣᠷᠴᠢᠨ ᠲᠣᠭᠤᠷᠢᠨ ᠢ | ᠬᠠᠮᠠᠭᠠᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ | ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠶᠢᠨ | ᠬᠡᠷᠡᠭᠯᠡᠯᠲᠡ ᠶᠢ ᠳᠡᠯᠭᠡᠷᠡᠭᠦᠯᠦᠨ ᠬᠡᠷᠡᠭᠯᠡᠵᠦ᠂ ᠬᠠᠮᠤᠭ ᠤᠨ ᠶᠡᠭᠡ ᠬᠡᠮᠵᠢᠶ᠎ᠡ ᠪᠠᠷ ᠡᠨᠧᠷᠭᠢ ᠠᠷᠪᠢᠯᠠᠨ ᠬᠤᠷᠣᠭᠳᠠᠯ ᠢ | ᠪᠠᠭᠤᠷᠠᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢᠶᠠᠷ ᠦᠨᠡᠯᠡᠵᠦ ᠭᠡᠷᠡᠴᠢᠯᠡᠭᠰᠡᠨ ᠲᠡᠮᠳᠡᠭ ᠲᠠᠢ | ᠪᠠᠷᠢᠯᠭ᠎ᠠ ᠶᠢᠨ ᠦᠢᠯᠡᠳᠬᠦᠨ ᠢ ᠤᠷᠢᠳ ᠢᠶᠠᠷ ᠰᠣᠩᠭᠤᠨ ᠬᠡᠷᠡᠭᠯᠡᠵᠦ᠂ ᠳᠠᠬᠢᠨ ᠡᠷᠭᠢᠯᠳᠦᠭᠦᠯᠵᠦ ᠪᠣᠯᠬᠤ᠂ ᠳᠠᠬᠢᠨ | ᠠᠰᠢᠭᠯᠠᠵᠤ ᠪᠣᠯᠬᠤ ᠮᠠᠲ᠋ᠧᠷᠢᠶᠠᠯ ᠪᠠ ᠬᠠᠶᠠᠭᠳᠠᠮᠠᠯ ᠪᠣᠳᠠᠰ ᠢᠶᠠᠷ ᠲᠦᠭᠦᠬᠡᠶ ᠮᠠᠲ᠋ᠧᠷᠢᠶᠠᠯ ᠪᠣᠯᠭᠠᠵᠤ | ᠦᠢᠯᠡᠳᠪᠦᠷᠢᠯᠡᠭᠰᠡᠨ ᠪᠠᠷᠢᠯᠭ᠎ᠠ ᠶᠢᠨ ᠮᠠᠲ᠋ᠧᠷᠢᠶᠠᠯ ᠢ ᠵᠣᠬᠢᠰᠲᠠᠶ ᠰᠣᠩᠭᠤᠵᠤ ᠬᠡᠷᠡᠭᠯᠡᠨ᠎ᠡ᠃ ᠥᠷᠭᠡᠨ ᠬᠡᠷᠡᠭᠴᠡᠭᠡᠨ ᠤ | ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠢ ᠪᠣᠢ ᠪᠣᠯᠭᠠᠨ ᠪᠠᠶᠢᠭᠤᠯᠵᠤ᠂ ᠠᠵᠤ | ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢ ᠢᠳᠡᠪᠬᠢᠲᠡᠶ ᠠᠰᠢᠭᠯᠠᠨ ᠪᠣᠬᠢᠷᠲᠤᠯ ᠥᠬᠡᠶ ᠪᠠᠷᠢᠯᠭ᠎ᠠ ᠶᠢᠨ | ᠮᠠᠲ᠋ᠧᠷᠢᠶᠠᠯ ᠦᠢᠯᠡᠳᠪᠦᠷᠢᠯᠡᠨ᠎ᠡ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠳᠤ ᠪᠣᠬᠢᠷᠲᠤᠯ ᠥᠬᠡᠶ | ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠲᠤᠷᠰᠢᠯᠲᠠ ᠶᠢᠨ ᠴᠡᠭ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | 3 . ︽ᠢᠳᠡᠪᠬᠢ ᠪᠤᠰᠤ ᠪᠠᠷ ᠡᠨᠧᠷᠭᠢ ᠬᠡᠷᠡᠭᠯᠡᠬᠦ ᠮᠠᠶ᠋ᠢᠭ︾ ᠤᠨ ᠪᠠᠷᠢᠯᠭ᠎ᠠ ᠶᠢ ᠲᠣᠭᠲᠠᠭᠤᠨ ᠢᠶᠠᠷ | ᠬᠥᠭᠵᠢᠭᠦᠯᠦᠨ᠎ᠡ᠃ ᠤᠮᠠᠷᠠᠲᠤ ᠣᠷᠣᠨ ᠤ ᠬᠠᠬᠢᠷ ᠬᠦᠢᠲᠡᠨ ᠭᠠᠵᠠᠷ ᠣᠷᠣᠨ ᠳᠤ ᠢᠳᠡᠪᠬᠢ ᠪᠤᠰᠤ ᠪᠠᠷ ᠡᠨᠧᠷᠭᠢ | ᠬᠡᠷᠡᠭᠯᠡᠬᠦ ᠮᠠᠶ᠋ᠢᠭ ᠤᠨ ᠪᠠᠷᠢᠯᠭ᠎ᠠ ᠶᠢᠨ ᠲᠥᠰᠦᠯ ᠤᠨ ᠵᠢᠷᠤᠭ ᠲᠥᠯᠥᠪᠯᠡᠭᠡ᠂ ᠢᠯᠴᠢ ᠶᠢᠨ ᠠᠵᠢᠯ ᠤᠨ ᠵᠢᠷᠤᠭ | ᠲᠥᠯᠥᠪᠯᠡᠭᠡ᠂ ᠳᠤᠯᠠᠭᠠᠯᠠᠭ᠎ᠠ ᠪᠠ ᠰᠠᠯᠬᠢ ᠠᠭᠠᠷ ᠤᠨ ᠵᠣᠬᠢᠴᠠᠭᠤᠯᠤᠭᠤᠷ ᠤᠨ ᠵᠢᠷᠤᠭ ᠲᠥᠯᠥᠪᠯᠡᠭᠡ ᠵᠡᠷᠭᠡ ᠲᠠᠯ᠎ᠠ ᠪᠠᠷ | ᠬᠠᠶᠢᠨ ᠰᠦᠪᠡᠭᠴᠢᠯᠡᠬᠦ ᠶᠢ ᠴᠢᠩᠭᠠᠳᠬᠠᠨ᠂ ᠢᠯᠴᠢ ᠬᠠᠮᠠᠭᠠᠯᠠᠬᠤ ᠪᠦᠲᠦᠴᠡ ᠶᠢᠨ ᠨᠢᠭᠡ ᠴᠣᠭᠴᠠᠵᠢᠭᠤᠯᠬᠤ | ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ | ᠪᠠᠷᠢᠯᠭ᠎ᠠ ᠳᠤ ᠨᠡᠷᠡᠨ ᠤ ᠡᠨᠧᠷᠭᠢ᠂ ᠭᠦᠢᠬᠡᠨ ᠳᠠᠪᠬᠤᠷᠭ᠎ᠠ ᠳᠠᠬᠢ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ | ᠡᠨᠧᠷᠭᠢ ᠵᠡᠷᠭᠡ ᠰᠢᠨ᠎ᠡ ᠡᠨᠧᠷᠭᠢ ᠬᠡᠷᠡᠭᠯᠡᠬᠦ ᠶᠢ ᠠᠬᠢᠭᠤᠯᠤᠨ᠂ ︽ᠵᠢᠷᠤᠭ ᠲᠥᠯᠥᠪᠯᠡᠭᠡ ᠪᠠᠷ ᠡᠨᠧᠷᠭᠢ ᠠᠷᠪᠢᠯᠠᠬᠤ︾ | ᠪᠠᠶᠢᠭᠰᠠᠨ ᠢ ︽ᠪᠣᠳᠠᠲᠠᠶ ᠪᠠᠷ ᠡᠨᠧᠷᠭᠢ ᠠᠷᠪᠢᠯᠠᠬᠤ︾ ᠪᠣᠯᠭᠠᠨ ᠬᠤᠪᠢᠷᠠᠭᠤᠯᠵᠤ᠂ ᠢᠳᠡᠪᠬᠢ ᠪᠤᠰᠤ ᠪᠠᠷ ᠡᠨᠧᠷᠭᠢ | ᠬᠡᠷᠡᠭᠯᠡᠬᠦ ᠮᠠᠶ᠋ᠢᠭ ᠤᠨ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠪᠠ ᠪᠠᠷᠤᠭ ᠡᠨᠧᠷᠭᠢ ᠶᠢᠨ ᠬᠤᠷᠣᠭᠳᠠᠯ ᠪᠠᠶᠢᠬᠤ | ᠦᠬᠡᠢ ᠪᠠ ᠡᠨᠧᠷᠭᠢ ᠶᠢᠨ ᠬᠤᠷᠣᠭᠳᠠᠯ ᠥᠴᠥᠬᠡᠨ ᠴᠦ ᠦᠭᠡᠶ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ ᠠᠵᠢᠯ ᠢ ᠢᠳᠡᠪᠬᠢᠲᠡᠶ ᠥᠷᠨᠢᠭᠦᠯᠦᠨ᠎ᠡ᠃ 2025 ᠣᠨ ᠪᠣᠯᠬᠤ ᠳᠤ᠂ ᠪᠥᠬᠦ ᠣᠷᠣᠨ ᠤ ᠬᠤᠲᠠ | ᠪᠠᠯᠭᠠᠰᠤᠨ ᠳᠤ ᠡᠨᠧᠷᠭᠢ ᠶᠢᠨ ᠬᠤᠷᠣᠭᠳᠠᠯ ᠬᠡᠲᠦ ᠪᠠᠭ᠎ᠠ ᠪᠠᠶᠢᠬᠤ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠪᠥᠬᠦ ᠲᠠᠯ᠎ᠠ ᠪᠠᠷ ᠬᠡᠷᠡᠭᠵᠢᠭᠦᠯᠦᠨ᠎ᠡ︔ 2030 ᠣᠨ ᠪᠣᠯᠬᠤ ᠳᠤ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ | ᠪᠠᠷᠢᠯᠭ᠎ᠠ ᠶᠢᠨ ᠪᠠᠷᠤᠭ ᠡᠨᠧᠷᠭᠢ ᠶᠢᠨ ᠬᠤᠷᠣᠭᠳᠠᠯ ᠪᠠᠶᠢᠬᠤ ᠦᠬᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 10 % | ᠭᠠᠷᠤᠢ ᠪᠣᠯᠭᠠᠨ᠎ᠠ᠃ | ︵ᠵᠢᠷᠭᠤᠭ᠎ᠠ︶ ᠵᠣᠬᠢᠶᠠᠨ ᠪᠠᠶᠢᠭᠤᠯᠵᠤ ᠬᠠᠮᠢᠶᠠᠷᠬᠤ ᠵᠠᠭᠪᠤᠷ ᠢ ᠰᠢᠨᠡᠴᠢᠯᠡᠨ᠎ᠡ᠃ | 1 . ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢ ᠬᠦᠴᠦᠲᠡᠢ ᠬᠡᠷᠡᠭᠵᠢᠭᠦᠯᠦᠨ᠎ᠡ᠃ ᠤᠯᠤᠰ ᠤᠨ | ᠥᠮᠴᠢᠯᠡᠯᠲᠦ ᠪᠠᠯᠠ ᠮᠥᠩᠭᠦ ᠪᠠᠷ ᠪᠠᠯᠠ ᠣᠷᠣᠭᠤᠯᠤᠭᠰᠠᠨ ᠲᠥᠷᠥᠯ ᠵᠦᠢᠯ ᠵᠢᠴᠢ ᠤᠭᠰᠠᠷᠠᠮᠠᠯ ᠮᠠᠶ᠋ᠢᠭ ᠤᠨ | ᠪᠠᠷᠢᠯᠭ᠎ᠠ ᠶᠢᠨ ᠲᠥᠷᠥᠯ ᠵᠦᠢᠯ ᠳᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠵᠠᠭᠪᠤᠷ ᠢ ᠢᠳᠡᠪᠬᠢᠲᠡᠶ | ᠬᠡᠷᠡᠭᠯᠡᠵᠦ᠂ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠪᠠᠷᠢᠯᠭ᠎ᠠ ᠪᠠᠷᠢᠬᠤ ᠶᠢᠨ ᠭᠦᠨᠵᠡᠭᠡᠢ ᠠᠭᠤᠰᠣᠯᠴᠠᠬᠤ ᠶᠢ | ᠠᠬᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠨᠢᠷᠤᠭᠤᠪᠴᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠲᠥᠷᠥᠯ ᠵᠦᠢᠯ ᠤᠨ ᠬᠠᠮᠢᠶᠠᠷᠤᠯᠲᠠ᠂ ᠮᠡᠷᠭᠡᠵᠢᠯ ᠤᠨ ᠰᠢᠨ᠎ᠡ ᠡᠭᠦᠳᠦᠯᠲᠡ ᠪᠠ ᠡᠬᠢ ᠪᠠᠶᠠᠯᠢᠭ | ᠲᠣᠬᠢᠷᠠᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠶᠡᠷᠦᠩᠬᠡᠶᠢᠯᠡᠨ ᠬᠠᠮᠢᠶᠠᠷᠬᠤ ᠴᠢᠳᠠᠪᠤᠷᠢ ᠲᠠᠢ ᠪᠠᠷᠢᠯᠭ᠎ᠠ ᠶᠢᠨ | ᠶᠡᠷᠦᠩᠬᠡᠶ ᠳᠠᠭᠠᠭᠠᠴᠢᠯᠠᠬᠤ ᠠᠵᠤ ᠠᠬᠤᠶᠢᠯᠠᠯ ᠢ ᠪᠣᠢ ᠪᠣᠯᠭᠠᠨ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠭᠰᠠᠨ | ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠡᠷᠦᠩᠬᠡᠶ | ᠳᠠᠭᠠᠭᠠᠴᠢᠯᠠᠭᠰᠠᠨ ᠨᠢᠭᠡᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ 2025 ᠣᠨ ᠪᠣᠯᠬᠤ ᠳᠤ᠂ | ᠪᠥᠬᠦ ᠣᠷᠣᠨ ᠳᠤ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠶᠡᠷᠦᠩᠬᠡᠶᠢᠯᠡᠨ ᠬᠠᠮᠢᠶᠠᠷᠬᠤ ᠴᠢᠳᠠᠪᠤᠷᠢ ᠲᠠᠢ | ᠪᠠᠷᠢᠯᠭ᠎ᠠ ᠶᠢᠨ ᠦᠢᠯᠡᠰ ᠤᠨ ᠪᠡᠶ᠎ᠡ ᠪᠠᠨ ᠳᠠᠭᠠᠭᠠᠭᠰᠠᠨ ᠨᠢᠷᠤᠭᠤᠪᠴᠢ ᠠᠵᠤ ᠠᠬᠤᠶᠢᠯᠠᠯ ᠢ 50 ᠭᠠᠷᠤᠢ | ᠪᠦᠢᠵᠢᠭᠤᠯᠵᠣ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠲᠥᠬᠦᠷ ᠲᠥᠷᠥ ᠶᠢᠨ ᠪᠣᠳᠣᠯᠭ᠎ᠠ ᠶᠢ | ᠦᠨᠳᠦᠰᠦᠨ ᠳᠤ ᠪᠠᠨ ᠪᠦᠷᠢᠨᠰᠢᠬᠦᠯᠵᠦ᠂ ᠪᠠᠷᠢᠯᠭ᠎ᠠ ᠶᠢᠨ ᠶᠡᠷᠦᠩᠬᠡᠶ ᠳᠠᠭᠠᠭᠠᠴᠢᠯᠠᠯᠲᠠ ᠶᠢᠨ ᠵᠠᠬ᠎ᠠ ᠳᠡᠯᠭᠡᠭᠦᠷ ᠢ | ᠦᠨᠳᠦᠰᠦᠨ ᠳᠤ ᠪᠠᠨ ᠪᠣᠯᠪᠠᠰᠤᠷᠠᠩᠭᠤᠶ ᠪᠣᠯᠭᠠᠨ᠎ᠠ᠃ | 2 . ᠢᠨᠵᠧᠨᠧᠷᠢᠩ ᠤᠨ ᠪᠦᠬᠦ ᠶᠠᠪᠤᠴᠠ ᠶᠢᠨ ᠯᠠᠪᠯᠠᠭ᠎ᠠ ᠶᠢ ᠲᠦᠷᠭᠡᠳᠬᠡᠨ ᠬᠥᠭᠵᠢᠭᠦᠯᠦᠨ᠎ᠡ᠃ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ᠂ ᠨᠠᠶᠢᠳᠠᠭᠰᠠᠨ ᠲᠠᠯ᠎ᠠ ᠶᠢᠨ ᠣᠯᠠᠨ | ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠢᠨᠵᠧᠨᠧᠷᠢᠩ ᠤᠨ ᠪᠦᠬᠦ ᠶᠠᠪᠤᠴᠠ ᠶᠢᠨ ᠯᠠᠪᠯᠠᠭ᠎ᠠ ᠶᠢᠨ | ᠦᠢᠯᠡᠴᠢᠯᠡᠭᠡᠨ ᠢ ᠶᠡᠭᠡ ᠪᠠᠷ ᠬᠥᠭᠵᠢᠭᠦᠯᠵᠦ᠂ ᠢᠨᠵᠧᠨᠧᠷᠢᠩ ᠤᠨ ᠯᠠᠪᠯᠠᠭ᠎ᠠ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠪᠠᠨ ᠦᠷᠭᠡᠣᠡᠭᠡᠭᠦ᠂ ᠪᠣᠳᠠᠲᠤ ᠬᠦᠴᠦᠨ ᠴᠢᠩᠭ᠎ᠠ᠂ ᠠᠮᠵᠢᠯᠲᠠ | ᠪᠦᠲᠦᠮᠵᠢ ᠰᠢᠯᠢᠳᠡᠭ᠂ ᠢᠲᠡᠭᠡᠯ ᠰᠠᠶᠢᠲᠠᠢ ᠪᠠᠶᠢᠬᠤ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠬᠢᠨᠠᠨ | ᠬᠠᠮᠢᠶᠠᠷᠬᠤ᠂ ᠪᠠᠷᠢᠵᠤ ᠪᠠᠶᠢᠭᠤᠯᠬᠤ ᠦᠨ᠎ᠡ ᠶᠢᠨ ᠯᠠᠪᠯᠠᠭ᠎ᠠ ᠥᠭᠬᠦ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ | ᠭᠦᠢᠴᠡᠳᠬᠡᠬᠦ᠂ ᠢᠨᠵᠧᠨᠧᠷᠢᠩ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠤ ᠠᠬᠤᠶᠢᠯᠠᠯ ᠢ ᠪᠣᠢ ᠪᠣᠯᠭᠠᠵᠤ᠂ | ᠢᠨᠵᠧᠨᠧᠷᠢᠩ ᠤᠨ ᠪᠦᠬᠦ ᠶᠠᠪᠤᠴᠠ ᠶᠢᠨ ᠯᠠᠪᠯᠠᠭ᠎ᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ 2022 | ᠣᠨ ᠠᠴᠠ ᠡᠬᠢᠯᠡᠨ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠦᠷᠦᠯ ᠵᠦᠢᠯ ᠪᠠ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠲᠦᠷᠦᠯ ᠵᠦᠢᠯ ᠳᠤ ᠢᠨᠵᠧᠨᠧᠷᠢᠩ ᠤᠨ ᠪᠦᠳᠦᠭᠡᠨ | ᠪᠠᠶᠢᠭᠤᠯᠬᠤ ᠪᠦᠬᠦ ᠶᠠᠪᠤᠴᠠ ᠶᠢᠨ ᠯᠠᠪᠯᠠᠭ᠎ᠠ ᠶᠢ ᠤᠷᠢᠳ ᠢᠶᠠᠷ ᠬᠡᠷᠡᠭᠵᠢᠭᠦᠯᠦᠨ᠎ᠡ᠃ | 3.ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠪᠡᠯᠡᠳᠬᠡᠯ ᠲᠣᠨᠣᠭᠯᠠᠭᠠᠰᠤ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠠᠵᠤ | ᠠᠬᠤᠶᠢᠯᠠᠯ ᠤᠨ ᠦᠢᠯᠡᠳᠪᠦᠷᠢ ᠳᠤ ᠰᠠᠭᠤᠵᠤ ᠦᠢᠯᠡᠳᠬᠦ ᠶᠢ ᠬᠢᠨᠠᠬᠤ ᠲᠦᠷᠢᠮ ᠢ ᠪᠠᠶᠢᠭᠤᠯᠵᠤ᠂ ᠪᠥᠬᠦ ᠶᠠᠪᠤᠴᠠ ᠳᠤ | ᠶᠠᠰᠤ ᠴᠢᠨᠠᠷ ᠤᠨ ᠬᠠᠷᠢᠭᠤᠴᠠᠯᠭ᠎ᠠ ᠶᠢ ᠮᠥᠷᠳᠡᠨ ᠤᠬᠤᠴᠢᠯᠠᠬᠤ ᠶᠢ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ | ᠪᠠᠷᠢᠯᠭ᠎ᠠ ᠶᠢᠨ ᠪᠡᠯᠡᠳᠬᠡᠯ ᠲᠣᠨᠣᠭᠯᠠᠭᠠᠰᠤ ᠶᠢᠨ ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠪᠠᠷᠢᠯᠭ᠎ᠠ ᠶᠢᠨ ᠳᠠᠭᠠᠳᠬᠠᠯ ᠤᠨ ᠳᠦᠷᠢᠮ ᠢ | ᠰᠦᠪᠡᠭᠴᠢᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠳᠠᠭᠠᠳᠬᠠᠯ ᠪᠠ ᠳᠠᠭᠠᠭᠠᠯᠲᠠ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠲᠦᠭᠰᠢᠭᠦᠷᠢ ᠠᠳᠡᠯ ᠢ ᠰᠡᠷᠭᠡᠶᠢᠯᠡᠬᠦ ᠪᠠ ᠵᠠᠷᠤᠳᠠᠯ ᠤᠨ ᠨᠣᠷᠮ᠎ᠠ ᠶᠢ ᠲᠣᠬᠢᠷᠠᠭᠤᠯᠬᠤ | ᠲᠣᠭᠲᠠᠴᠠ ᠪᠠᠷ ᠳᠠᠮᠵᠢᠭᠤᠯᠤᠨ ᠠᠵᠤ ᠠᠬᠤᠶᠢᠯᠠᠯ ᠢ ᠬᠠᠪᠰᠤᠷᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠨᠢ | ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠎ᠠ᠃ ᠣᠷᠣᠨ ᠰᠠᠭᠤᠴᠠ ᠶᠢᠨ ᠪᠣᠬᠢᠷᠲᠤᠯ ᠥᠬᠡᠶ ᠴᠢᠳᠠᠮᠵᠢ | ᠪᠠ ᠪᠦᠷᠢᠨ ᠵᠠᠰᠠᠵᠤ ᠴᠢᠮᠡᠭᠯᠡᠬᠦ ᠶᠠᠰᠤ ᠴᠢᠨᠠᠷ ᠤᠨ ᠬᠠᠮᠢᠶ᠎ᠠ ᠪᠥᠬᠦᠶ ᠭᠦᠢᠴᠡᠳᠬᠡᠯ ᠲᠤᠭ᠎ᠠ ᠶᠢ ᠲᠠᠸᠠᠷ ᠤᠨ ᠬᠡᠷ | ᠪᠠᠶᠢᠰᠢᠩ ᠬᠤᠳᠠᠯᠳᠤᠭᠠᠯᠠᠬᠤ ᠭᠡᠷ᠎ᠡ᠂ ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ ᠪᠠ | ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠲᠤ ᠣᠷᠣᠭᠤᠯᠤᠨ᠎ᠠ᠃ ᠤᠭᠰᠠᠷᠠᠮᠠᠯ ᠮᠠᠶ᠋ᠢᠭ ᠤᠨ | ᠪᠠᠷᠢᠯᠭ᠎ᠠ ᠪᠠ ᠪᠣᠬᠢᠷᠲᠤᠯ ᠦᠭᠡᠶ ᠪᠠᠷᠢᠯᠭ᠎ᠠ ᠶᠢᠨ ᠪᠠᠷᠢᠵᠤ ᠪᠠᠶᠢᠭᠤᠯᠬᠤ ᠦᠨ᠎ᠡ ᠶᠢᠨ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠤᠨ᠎ᠠ᠃ | ︵ᠳᠣᠯᠤᠭ᠎ᠠ︶ ᠴᠢᠳᠠᠪᠤᠷᠢᠲᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠷᠠᠭᠤᠯᠤᠨ᠎ᠠ᠃ | 1.ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠴᠢᠳᠠᠪᠤᠷᠢᠲᠠᠨ ᠤ ᠡᠩᠨᠡᠭᠡ ᠶᠢ ᠪᠣᠢ ᠪᠣᠯᠭᠠᠨ᠎ᠠ᠃ | ᠡᠷᠬᠢᠯᠡᠭᠰᠡᠨ ᠠᠵᠢᠯ ᠤᠨ ᠤᠷ᠎ᠠ ᠮᠡᠷᠭᠡᠰᠢᠯ ᠤᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ᠂ ᠡᠷᠬᠢᠯᠡᠭᠰᠡᠨ | ᠠᠵᠢᠯ ᠤᠨ ᠤᠷ᠎ᠠ ᠮᠡᠷᠭᠡᠰᠢᠯ ᠤᠨ ᠴᠢᠳᠠᠪᠤᠷᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠡᠷᠬᠢᠯᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠵᠢᠷᠤᠮᠵᠢᠭᠤᠯᠬᠤ | ᠪᠠ ᠬᠥᠲᠥᠯᠥᠨ ᠵᠢᠯᠣᠭᠤᠳᠴᠤ ᠪᠠᠶᠢᠭᠠᠳ ᠪᠠᠷᠢᠯᠭ᠎ᠠ ᠶᠢᠨ ᠠᠵᠢᠯᠴᠢᠨ ᠢ ᠪᠣᠯᠪᠠᠰᠤᠷᠠᠭᠤᠯᠬᠤ ᠡᠷᠴᠢᠮ ᠢ ᠨᠢ | ᠴᠢᠩᠭᠠᠷᠠᠭᠤᠯᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠤᠵᠠᠭᠠᠶᠢᠷᠠᠭᠤᠯᠤᠨ᠂ ᠳᠡᠭᠡᠳᠦ ᠤᠷ᠎ᠠ | ᠮᠡᠷᠭᠡᠰᠢᠯ ᠲᠠᠢ ᠴᠢᠳᠠᠪᠤᠷᠢᠲᠠᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ | ᠪᠠᠷᠢᠯᠭ᠎ᠠ ᠶᠢᠨ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ᠂ ᠰᠢᠨ᠎ᠡ ᠡᠵᠡᠩᠨᠡᠯᠲᠡ ᠶᠢᠨ | ᠪᠠᠶᠢᠳᠠᠯ᠂ ᠰᠢᠨ᠎ᠡ ᠮᠡᠷᠭᠡᠵᠢᠯ ᠯᠦᠭᠡ ᠵᠠᠯᠭᠠᠯᠳᠤᠬᠤ ᠶᠢ ᠳᠡᠮᠵᠢᠵᠦ᠂ ᠬᠠᠮᠢᠶ᠎ᠠ ᠪᠥᠬᠦᠶ ᠬᠢᠴᠢᠶᠡᠯ ᠨᠡᠭᠡᠭᠡᠵᠣ᠂ | ᠦᠢᠯᠡᠳᠪᠦᠷᠢᠯᠡᠬᠦ ᠵᠢᠭᠠᠬᠤ ᠰᠤᠳᠤᠯᠬᠤ ᠰᠠᠭᠤᠷᠢᠨ ᠭᠠᠵᠠᠷ ᠪᠠᠶᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠠᠵᠤ | ᠠᠬᠤᠶᠢᠯᠠᠯ ᠤᠨ ᠣᠳᠣ ᠦᠶ᠎ᠡ ᠶᠢᠨ ᠱᠠᠪᠢ ᠣᠷᠣᠬᠤ ᠳᠦᠷᠢᠮ ᠢ ᠬᠦᠴᠦᠲᠡᠢ ᠬᠡᠷᠡᠭᠵᠢᠭᠦᠯᠵᠦ᠂ BIM ᠮᠡᠷᠭᠡᠵᠢᠯ ᠤᠨ | ᠬᠡᠷᠡᠭᠯᠡᠯᠲᠡ᠂ ᠪᠣᠯᠣᠳ ᠪᠦᠲᠦᠴᠡ ᠲᠠᠢ ᠪᠠᠷᠢᠯᠭ᠎ᠠ ᠪᠠᠷᠢᠬᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠪᠠᠷᠢᠬᠤ᠂ | ᠤᠭᠰᠠᠷᠠᠮᠠᠯ ᠮᠠᠶ᠋ᠢᠭ ᠢᠶᠠᠷ ᠵᠠᠰᠠᠵᠤ ᠴᠢᠮᠡᠭᠯᠡᠬᠦ ᠵᠡᠷᠭᠡ ᠤᠷ᠎ᠠ ᠮᠡᠷᠭᠡᠰᠢᠯ ᠤᠨ ᠴᠢᠳᠠᠪᠤᠷᠢ ᠲᠠᠢ ᠴᠢᠳᠠᠪᠤᠷᠢᠲᠠᠨ ᠢ | ᠭᠤᠣᠯᠳᠠᠯᠭ᠎ᠠ ᠲᠠᠢ ᠬᠦᠮᠣᠵᠢᠭᠦᠯᠵᠣ᠂ ᠤᠯᠠᠮᠵᠢᠯᠠᠯᠲᠤ ᠪᠠᠷᠢᠯᠭ᠎ᠠ ᠶᠢᠨ ᠳᠠᠷᠬᠠᠳ ᠢ ᠬᠥᠮᠦᠵᠢᠭᠦᠯᠬᠦ ᠪᠠᠨ ᠴᠢᠩᠭᠠᠳᠬᠠᠨ᠂ | ᠵᠣᠬᠢᠬᠤ ᠬᠠᠮᠢᠶᠠᠷᠤᠯᠲᠠ ᠶᠢᠨ ᠴᠢᠳᠠᠪᠤᠷᠢ ᠲᠠᠢ ᠠᠩᠭᠢ ᠶᠢᠨ ᠳᠠᠷᠤᠭ᠎ᠠ᠂ ᠳᠤᠭᠤᠶᠢᠯᠠᠩ ᠤᠨ ᠳᠠᠷᠤᠭ᠎ᠠ ᠶᠢᠨ ᠲᠤᠰᠬᠠᠶ | ᠠᠵᠢᠯ ᠤᠨ ᠡᠩᠨᠡᠭᠡ ᠪᠠᠶᠢᠭᠤᠯᠬᠤ ᠶᠢ ᠳᠠᠮᠵᠢᠨ᠎ᠠ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠴᠠᠯᠢᠩ ᠬᠥᠯᠥᠰᠥ ᠶᠢ ᠨᠢ ᠪᠠᠷᠢᠯᠭ᠎ᠠ ᠶᠢᠨ ᠠᠵᠢᠯᠴᠢᠨ ᠤ ᠤᠷ᠎ᠠ ᠮᠡᠷᠭᠡᠰᠢᠯ ᠤᠨ ᠵᠡᠷᠭᠡ | ᠳᠡᠰ ᠯᠦᠭᠡ ᠬᠤᠯᠪᠣᠭᠳᠠᠭᠤᠯᠵᠤ᠂ ᠪᠠᠷᠢᠯᠭ᠎ᠠ ᠪᠠᠶᠢᠭᠤᠯᠬᠤ ᠬᠦᠷᠢᠶᠡᠨ ᠳᠠᠬᠢ ᠴᠠᠯᠢᠩ ᠬᠥᠯᠥᠰᠥ ᠶᠢ ᠨᠢ ᠣᠯᠭᠤᠬᠤ ᠶᠢ | ᠪᠠᠲᠤᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ | 2.ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢ ᠴᠢᠩᠭᠠᠷᠠᠭᠤᠯᠤᠨ᠎ᠠ᠃ | ᠪᠠᠷᠢᠯᠭ᠎ᠠ ᠶᠢᠨ ᠦᠢᠯᠡᠰ ᠤᠨ ᠨᠢᠷᠤᠭᠤᠪᠴᠢ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠬᠤᠯᠪᠣᠭᠠᠯᠠᠵᠤ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ | ᠦᠢᠯᠡᠳᠪᠦᠷᠢᠵᠢᠯᠲᠡ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠪᠠᠶᠢᠭᠤᠯᠬᠤ ᠶᠢ ᠨᠢ | ᠵᠣᠷᠢᠭᠵᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ | ᠦᠢᠯᠡᠳᠪᠦᠷᠢᠵᠢᠯᠲᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ | ᠵᠡᠷᠭᠡ ᠰᠢᠨ᠎ᠡ ᠶᠢ ᠡᠭᠦᠳᠬᠦ ᠰᠠᠭᠤᠷᠢᠨ ᠭᠠᠵᠠᠷ ᠪᠠᠶᠢᠭᠤᠯᠬᠤ ᠶᠢ ᠳᠠᠮᠵᠢᠵᠤ᠂ BIM ᠰᠠᠭᠤᠷᠢ ᠳᠠᠪᠬᠤᠷᠭ᠎ᠠ ᠶᠢᠨ | ᠲᠠᠪᠴᠠᠩ ᠤᠨ ᠵᠥᠭᠡᠯᠡᠨ ᠬᠡᠷᠡᠭᠰᠡᠯ ᠰᠤᠳᠤᠯᠤᠨ ᠨᠡᠭᠡᠭᠡᠬᠦ᠂ ᠪᠣᠯᠣᠳ ᠪᠦᠳᠦᠴᠡᠳᠦ ᠪᠠᠷᠢᠯᠭ᠎ᠠ ᠶᠢᠨ ᠬᠦᠷᠢᠶᠡᠯᠡᠨ | ᠬᠠᠮᠠᠭᠠᠯᠠᠬᠤ ᠲᠣᠭᠲᠠᠯᠴᠠᠭ᠎ᠠ᠂ ᠮᠠᠲ᠋ᠧᠷᠢᠶᠠᠯ ᠤᠨ ᠰᠢᠨᠵᠢ ᠴᠢᠳᠠᠮᠵᠢ᠂ ᠬᠤᠯᠪᠣᠬᠤ ᠤᠷᠠᠯᠠᠯ ᠵᠡᠷᠭᠡ ᠲᠠᠯ᠎ᠠ ᠪᠠᠷ | ᠬᠠᠮᠲᠤᠷᠠᠵᠤ ᠰᠢᠪᠲᠤᠯᠤᠯᠲᠠ ᠬᠢᠬᠦ ᠵᠢᠴᠢ ᠤᠭᠰᠠᠷᠠᠮᠠᠯ ᠮᠠᠶ᠋ᠢᠭ ᠤᠨ ᠪᠧᠲ᠋ᠤᠨ ᠪᠦᠲᠦᠴᠡ ᠶᠢᠨ ᠪᠧᠲ᠋ᠤᠨ ᠴᠢᠳᠬᠤᠬᠤ | ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠪᠦᠲᠦᠮᠵᠢᠲᠡᠢ ᠰᠠᠶᠢᠨ ᠬᠤᠯᠪᠣᠬᠤ᠂ ᠪᠠᠷᠢᠯᠭ᠎ᠠ ᠶᠢᠨ ᠮᠠᠰᠢᠨ ᠬᠥᠮᠦᠨ | ᠵᠡᠷᠭᠡ ᠣᠶᠤᠨᠴᠢ ᠪᠠᠷ ᠪᠠᠷᠢᠵᠤ ᠪᠠᠶᠢᠭᠤᠯᠬᠤ ᠦᠢᠯᠡᠳᠬᠦᠨ ᠵᠡᠷᠭᠡ ᠮᠡᠷᠭᠡᠵᠢᠯ ᠤᠨ ᠲᠠᠯ᠎ᠠ ᠪᠠᠷ ᠰᠤᠳᠤᠯᠤᠨ | ᠨᠡᠭᠡᠭᠡᠬᠦ ᠶᠢ ᠨᠢ ᠳᠠᠮᠵᠢᠨ᠎ᠠ᠃ BIM ᠮᠡᠷᠭᠡᠵᠢᠯ ᠢ ᠨᠢᠭᠡ ᠴᠣᠭᠴᠠᠵᠢᠭᠤᠯᠤᠨ ᠵᠢᠷᠤᠭᠯᠠᠵᠤ ᠲᠥᠯᠥᠪᠯᠡᠨ ᠬᠡᠷᠡᠭᠯᠡᠬᠦ | ᠲᠠᠪᠴᠠᠩ ᠳᠤ ᠨᠡᠶᠢᠴᠡᠬᠦ ᠲᠥᠷᠥᠯ ᠵᠦᠢᠯ᠂ ᠤᠭᠰᠠᠷᠠᠮᠠᠯ ᠮᠠᠶ᠋ᠢᠭ ᠤᠨ ᠪᠠᠷᠢᠯᠭ᠎ᠠ ᠪᠠ ᠪᠣᠬᠢᠷᠲᠤᠯ ᠥᠬᠡᠶ ᠪᠠᠷᠢᠯᠭ᠎ᠠ ᠶᠢᠨ | ᠪᠠᠷᠢᠵᠤ ᠪᠠᠶᠢᠭᠤᠯᠬᠤ ᠲᠥᠷᠥᠯ ᠵᠦᠢᠯ ᠵᠢᠴᠢ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠬᠥᠲᠥᠯᠦᠨ ᠵᠢᠯᠤᠭᠤᠳᠤᠭᠰᠠᠨ ᠱᠠᠩᠨᠠᠯ ᠤᠨ ᠪᠠᠯᠠ ᠮᠥᠩᠭᠦ | ᠭᠤᠶᠤᠴᠢᠯᠠᠬᠤ ᠶᠢ ᠨᠢ ᠳᠡᠮᠵᠢᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠣᠷᠣᠨ ᠨᠤᠲᠤᠭ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ | ᠲᠤᠰ ᠵᠠᠰᠠᠭ ᠵᠠᠬᠢᠷᠭᠠᠨ ᠤ ᠣᠷᠣᠨ ᠳᠠᠬᠢ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢ | ᠠᠬᠢᠭᠤᠯᠬᠤ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠪᠠ | ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠶᠢ | ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠵᠠᠮ ᠪᠣᠯᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ | ᠴᠢᠩᠭᠠᠳᠬᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠲᠤᠰᠬᠠᠶ ᠲᠦᠯᠣᠪᠵᠢᠭᠦᠯᠭᠡ | ᠪᠠ ᠣᠨ ᠤ ᠬᠥᠭᠵᠢᠯᠲᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠢᠨᠠᠮᠠᠭᠠᠶ ᠵᠣᠬᠢᠶᠠᠨ ᠪᠠᠶᠢᠭᠤᠯᠵᠤ᠂ | ᠬᠥᠭᠵᠢᠯᠲᠡ ᠶᠢᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ ᠬᠡᠷᠡᠭᠵᠢᠭᠦᠯᠬᠦ ᠬᠡᠪᠴᠢᠶ᠎ᠡ ᠪᠠᠨ ᠲᠣᠳᠣᠷᠬᠠᠶ | ᠲᠣᠭᠲᠠᠭᠠᠨ᠎ᠠ᠃ 2022 ᠣᠨ ᠠᠴᠠ ᠡᠬᠢᠯᠡᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ ᠶᠢᠨ ᠭᠤᠤᠯ ᠪᠣᠯᠬᠤ ᠬᠤᠲᠠ ᠶᠢᠨ ᠲᠣᠭᠤᠷᠢᠭ ᠲᠠᠬᠢ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠦᠯᠣᠪᠵᠢᠭᠦᠯᠭᠦ ᠨᠥᠬᠦᠴᠡᠯ᠂ ᠲᠥᠷᠥᠯ ᠵᠦᠢᠯ ᠲᠣᠭᠳᠠᠭᠠᠬᠤ ᠶᠢ | ᠬᠢᠨᠠᠨ ᠵᠥᠪᠰᠢᠶᠡᠷᠡᠬᠦ ᠪᠠ ᠪᠠᠷᠢᠯᠭ᠎ᠠ ᠶᠢᠨ ᠲᠥᠯᠥᠪᠵᠢᠭᠦᠯᠭᠡ ᠶᠢ ᠵᠢᠷᠣᠭᠯᠠᠵᠣ ᠲᠥᠯᠥᠪᠯᠡᠬᠦ ᠳᠤ ᠪᠠᠨ ᠤᠭᠰᠠᠷᠠᠮᠠᠯ | ᠮᠠᠶ᠋ᠢᠭ ᠤᠨ ᠪᠠᠷᠢᠯᠭ᠎ᠠ᠂ ᠪᠣᠬᠢᠷᠲᠤᠯ ᠥᠬᠡᠶ ᠣᠳᠣᠨ ᠲᠠᠰ ᠤᠨ ᠪᠠᠷᠢᠯᠭ᠎ᠠ᠂ ᠢᠳᠡᠪᠬᠢ ᠪᠤᠰᠤ ᠪᠠᠷ ᠡᠨᠧᠷᠭᠢ ᠬᠡᠷᠡᠭᠯᠡᠬᠦ | ᠮᠠᠶ᠋ᠢᠭ ᠤᠨ ᠪᠠᠷᠢᠯᠭ᠎ᠠ᠂ ᠤᠭᠰᠠᠷᠠᠮᠠᠯ ᠮᠠᠶ᠋ᠢᠭ ᠢᠶᠠᠷ ᠵᠠᠰᠠᠵᠤ ᠴᠢᠮᠡᠭᠯᠡᠬᠦ ᠪᠠᠷᠢᠯᠭ᠎ᠠ ᠶᠢᠨ ᠬᠠᠷᠢᠴᠠᠯ ᠢᠶᠠᠨ ᠲᠣᠳᠣᠷᠬᠠᠶ | ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ ᠤ ᠰᠢᠨ᠎ᠡ ᠮᠠᠶ᠋ᠢᠭ ᠤᠨ ᠪᠠᠷᠢᠯᠭ᠎ᠠ ᠶᠢᠨ | ᠠᠵᠤ ᠦᠢᠯᠡᠳᠪᠦᠷᠢᠵᠢᠯᠲᠡ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠣᠨ ᠤ ᠠᠵᠢᠯ ᠤᠨ ᠬᠠᠷᠠᠯᠲᠠ ᠳᠤ | ᠬᠠᠷᠢᠭᠤᠴᠠᠯᠭ᠎ᠠ ᠶᠢᠨ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠬᠤᠶᠠᠷ︶ ᠡᠳ᠋ ᠤᠨ ᠵᠠᠰᠠᠭ ᠭᠠᠵᠠᠷ ᠰᠢᠷᠣᠶ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠᠷ | ᠳᠡᠮᠵᠢᠬᠦ ᠶᠢ ᠴᠢᠩᠭᠠᠳᠬᠠᠨ᠎ᠠ᠃ 2023 ᠣᠨ ᠠᠴᠠ ᠡᠬᠢᠯᠡᠨ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ ᠳᠠᠬᠢ ᠤᠯᠤᠰ ᠤᠨ ᠥᠮᠴᠢᠯᠡᠯᠲᠦ ᠪᠠᠯᠠ ᠮᠥᠩᠭᠦ | ᠪᠠᠯᠠ ᠣᠷᠣᠭᠤᠯᠣᠨ ᠪᠥᠲᠥᠭᠡᠨ ᠪᠠᠢᠭᠤᠯᠣᠯᠳᠡ ᠳᠤ ᠣᠷᠣᠯᠴᠠᠭᠰᠠᠨ ᠣᠯᠠᠨ ᠨᠡᠶᠢᠲᠡ ᠶᠢᠨ ᠪᠠᠷᠢᠯᠭ᠎ᠠ ᠨᠢ ᠲᠦᠷᠦᠭᠦᠯᠡᠵᠦ | ᠤᠭᠰᠠᠷᠠᠮᠠᠯ ᠮᠠᠶ᠋ᠢᠭ ᠤᠨ ᠪᠠᠷᠢᠯᠭ᠎ᠠ ᠪᠠ ᠪᠣᠬᠢᠷᠲᠤᠯ ᠥᠬᠡᠶ ᠣᠳᠣᠨ ᠲᠠᠰ ᠤᠨ ᠪᠠᠷᠢᠯᠭ᠎ᠠ ᠶᠢᠨ ᠪᠠᠷᠢᠮᠵᠢᠶ᠎ᠠ ᠶᠣᠰᠣᠭᠠᠷ | ᠪᠦᠲᠦᠭᠡᠨ ᠪᠠᠶᠢᠭᠤᠯᠵᠤ᠂ ᠨᠡᠶᠢᠭᠡᠮ ᠠᠴᠠ ᠪᠠᠯᠠ ᠣᠷᠣᠭᠤᠯᠤᠭᠰᠠᠨ ᠲᠥᠷᠥᠯ ᠵᠦᠢᠯ ᠢ ᠤᠭᠰᠠᠷᠠᠮᠠᠯ ᠮᠠᠶ᠋ᠢᠭ ᠤᠨ | ᠪᠠᠷᠢᠯᠭ᠎ᠠ ᠪᠠ ᠪᠣᠬᠢᠷᠲᠤᠯ ᠥᠬᠡᠶ ᠪᠠᠷᠢᠯᠭ᠎ᠠ ᠪᠠᠷ ᠪᠠᠶᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃ ᠤᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ︵ᠬᠦᠷᠢᠶᠡᠯᠡᠩ ᠲᠣᠭᠤᠷᠢᠭ︶ ᠢ ᠥᠪᠡᠷᠲᠡᠭᠡᠨ | ᠵᠠᠰᠠᠬᠤ ᠣᠷᠣᠨ ᠤ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠬᠡᠪᠴᠢᠶᠡᠨ ᠳᠤ | ᠣᠷᠣᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠣᠷᠣᠨ ᠤ ᠳᠣᠲᠣᠷ᠎ᠠ ᠭᠠᠳᠠᠨᠠᠬᠢ ᠠᠵᠤ | ᠠᠬᠤᠶᠢᠯᠠᠯ ᠤᠨ ᠤᠭᠰᠠᠷᠠᠮᠠᠯ ᠮᠠᠶ᠋ᠢᠭ ᠤᠨ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠢᠳᠡᠪᠬᠢᠲᠡᠶ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠣᠰᠣᠭᠠᠷ ᠭᠠᠵᠠᠷ ᠰᠢᠷᠣᠶ ᠬᠡᠷᠡᠭᠯᠡᠬᠦ | ᠳᠡᠮᠵᠢᠯᠭᠡ ᠬᠠᠩᠭᠠᠨ᠎ᠠ᠃ ᠡᠯ᠎ᠡ ᠠᠶᠢᠮᠠᠭ ᠬᠤᠲᠠ ᠶᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ | ᠲᠣᠬᠢᠷᠠᠭᠤᠯᠤᠨ ᠪᠠᠭᠲᠠᠭᠠᠮᠵᠢ ᠶᠢᠨ ᠨᠣᠷᠮ᠎ᠠ ᠪᠠᠷ ᠱᠠᠩᠨᠠᠬᠤ ᠲᠥᠷᠥ ᠶᠢᠨ ᠪᠣᠳᠣᠯᠭ᠎ᠠ ᠶᠢ ᠰᠣᠳᠣᠯᠵᠣ ᠲᠣᠭᠲᠠᠭᠠᠬᠤ ᠶᠢ | ᠳᠠᠮᠵᠢᠨ᠎ᠠ᠃ ᠨᠥᠬᠦᠴᠡᠯ ᠳᠤ ᠨᠡᠶᠢᠴᠡᠬᠦ ᠥᠪᠡᠷᠲᠡᠭᠡᠨ ᠵᠠᠰᠠᠬᠤ ᠣᠷᠣᠨ ᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ | ᠵᠢᠱᠢᠶ᠎ᠡ ᠦᠵᠡᠭᠦᠯᠬᠦ ᠲᠥᠷᠥᠯ ᠵᠦᠢᠯ ᠳᠤ᠂ ᠬᠤᠯᠪᠣᠭᠳᠠᠯ ᠪᠥᠬᠦᠶ ᠭᠠᠶᠢᠯᠢ ᠰᠦᠢᠳᠬᠡᠯ ᠤᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠬᠦᠷᠲᠡᠭᠡᠨ᠎ᠡ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠤᠨ | ᠭᠠᠷᠴᠠᠭ ᠲᠠᠬᠢ ᠤᠭᠰᠠᠷᠠᠭ᠎ᠠ ᠪᠡᠯᠡᠨ ᠦᠢᠯᠡᠳᠬᠦᠨ ᠤᠭᠰᠠᠷᠠᠭ᠎ᠠ ᠲᠣᠨᠤᠭ ᠦᠢᠯᠡᠳᠪᠦᠷᠢᠯᠡᠬᠦ ᠠᠵᠤ ᠠᠬᠤᠶᠢᠯᠠᠯ ᠨᠢ | ᠥᠷᠲᠡᠭ ᠨᠡᠮᠡᠭᠳᠡᠯ ᠤᠨ ᠭᠠᠶᠢᠯᠢ ᠶᠢᠨ ᠲᠠᠲᠠᠪᠤᠷᠢᠯᠠᠬᠤ ᠪᠠ ᠪᠤᠴᠠᠭᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠣᠭᠲᠠᠭᠠᠯ ᠶᠣᠰᠣᠭᠠᠷ ᠭᠥᠷᠳᠡᠵᠦ ᠪᠣᠯᠤᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ᠂ | ᠢᠳᠡᠪᠬᠢ ᠪᠤᠰᠤ ᠪᠠᠷ ᠡᠨᠧᠷᠭᠢ ᠬᠡᠷᠡᠭᠯᠡᠬᠦ ᠮᠠᠶ᠋ᠢᠭ ᠤᠨ ᠪᠠᠷᠢᠯᠭ᠎ᠠ ᠶᠢ ᠨᠣᠭᠤᠭᠠᠨ ᠮᠥᠩᠭᠦᠨ ᠭᠦᠢᠯᠭᠡᠭᠡᠨ ᠢᠶᠠᠷ ᠳᠡᠮᠵᠢᠬᠦ | ᠡᠷᠴᠢᠮ ᠢ ᠴᠢᠩᠭᠠᠷᠠᠭᠤᠯᠤᠨ᠎ᠠ᠃ | ︵ᠭᠤᠷᠪᠠ︶ ᠪᠠᠷᠢᠯᠭ᠎ᠠ ᠪᠠᠷᠢᠬᠤ ᠠᠵᠢᠯ ᠲᠥᠷᠥᠯ ᠢ ᠲᠥᠷᠥ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ᠃ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠢ ᠳᠡᠮᠵᠢᠵᠦ ᠪᠠᠶᠢᠭᠠᠳ ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠬᠦ ᠪᠠ ᠬᠢᠨᠠᠨ ᠰᠢᠨᠵᠢᠬᠦ ᠠᠵᠢᠯ ᠢ ᠰᠠᠶᠢᠲᠤᠷ ᠬᠢᠯᠭᠡᠵᠦ᠂ ᠪᠣᠬᠢᠷᠲᠤᠯ ᠶᠡᠬᠡᠲᠡᠢ ᠴᠠᠭ ᠠᠭᠤᠷ ᠲᠠᠢ | ᠡᠳᠦᠷ ᠲᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠵᠡᠷᠭᠡ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ | ᠦᠢᠯᠡᠳᠪᠦᠷᠢᠵᠢᠭᠦᠯᠬᠦ ᠲᠥᠷᠥᠯ ᠵᠦᠢᠯ ᠢ ᠰᠢᠷᠣᠶ ᠴᠢᠯᠠᠭᠤ ᠶᠢᠨ ᠪᠤᠰᠤ ᠠᠵᠢᠯᠯᠠᠬᠤ ᠭᠤᠭᠴᠣᠭᠠᠨ ᠳᠤ ᠠᠵᠢᠯ ᠢ ᠨᠢ | ᠵᠣᠭᠰᠣᠭᠠᠬᠤ ᠥᠬᠡᠶ ᠪᠠᠶᠢᠵᠤ ᠪᠣᠯᠤᠨ᠎ᠠ᠃ ᠪᠠᠷᠢᠯᠭ᠎ᠠ ᠶᠢᠨ ᠬᠤᠭ ᠨᠣᠪᠰᠢ ᠭᠠᠳᠠᠭᠰᠢᠯᠠᠭᠤᠯᠬᠤ ᠳᠤ ᠬᠢᠵᠠᠭᠠᠷᠯᠠᠬᠤ | ᠪᠠᠷᠢᠮᠵᠢᠶ᠎ᠠ ᠲᠣᠭᠲᠠᠭᠠᠨ᠂ ᠪᠠᠷᠢᠯᠭ᠎ᠠ ᠪᠠᠷᠢᠬᠤ ᠲᠤᠬᠠᠶ ᠶᠢᠨ ᠲᠠᠯᠠᠪᠠᠶ ᠶᠢᠨ ᠪᠠᠷᠢᠯᠭ᠎ᠠ ᠶᠢᠨ ᠬᠤᠭ ᠨᠣᠪᠰᠢ | ᠭᠠᠳᠠᠭᠰᠢᠯᠠᠭᠤᠯᠵᠤ ᠪᠠᠶᠢᠭ᠎ᠠ ᠶᠢ ᠨᠢ ᠢᠯᠡ ᠨᠡᠶᠢᠲᠡᠯᠡᠬᠦ ᠪᠣᠯᠭᠠᠵᠤ᠂ ᠡᠯ᠎ᠡ ᠭᠠᠵᠠᠷ ᠣᠷᠣᠨ ᠨᠢ ᠪᠠᠷᠢᠯᠭ᠎ᠠ ᠪᠠᠷᠢᠬᠤ | ᠲᠤᠬᠠᠶ ᠶᠢᠨ ᠲᠠᠯᠠᠪᠠᠶ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠳᠤ | ᠬᠦᠷᠦᠭᠰᠡᠨ ᠪᠠᠷᠢᠯᠭ᠎ᠠ ᠪᠠᠷᠢᠬᠤ ᠠᠵᠤ ᠠᠬᠤᠶᠢᠯᠠᠯ ᠢᠶᠠᠨ ᠱᠠᠩᠨᠠᠬᠤ ᠶᠢ ᠵᠣᠷᠢᠭᠵᠢᠭᠤᠯᠣᠨ᠎ᠠ᠃ ᠤᠭᠰᠠᠷᠠᠮᠠᠯ ᠮᠠᠶ᠋ᠢᠭ ᠤᠨ | ᠪᠠᠷᠢᠯᠭ᠎ᠠ ᠪᠠ ᠪᠣᠬᠢᠷᠲᠤᠯ ᠥᠬᠡᠶ ᠣᠳᠣᠨ ᠲᠠᠰ ᠤᠨ ᠪᠠᠷᠢᠯᠭ᠎ᠠ ᠶᠢᠨ ᠲᠥᠷᠥᠯ ᠵᠦᠢᠯ ᠢ ᠯᠦ ᠪᠠᠨ ᠱᠠᠩᠨᠠᠯ᠂ ᠲᠠᠯ᠎ᠠ | ᠨᠤᠲᠤᠭ ᠬᠤᠨᠳᠠᠭᠠᠲᠤ ᠵᠡᠷᠭᠡ ᠱᠠᠩᠨᠠᠯ ᠣᠯᠭᠤᠬᠤ ᠪᠠᠷ ᠡᠩ ᠲᠡᠷᠢᠭᠦᠨ ᠳᠤ ᠭᠤᠶᠤᠴᠢᠯᠠᠨ ᠮᠡᠳᠡᠭᠦᠯᠦᠨ᠎ᠡ᠃ | ᠤᠯᠤᠰ ᠤᠨ ᠥᠮᠴᠢᠯᠡᠯᠲᠦ ᠪᠠᠯᠠ ᠮᠥᠩᠭᠦ ᠪᠠᠷ ᠪᠠᠯᠠ ᠣᠷᠣᠭᠤᠯᠤᠭᠰᠠᠨ ᠪᠠᠷᠢᠯᠭ᠎ᠠ ᠶᠢᠨ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠪᠠ ᠪᠣᠬᠢᠷᠲᠤᠯ ᠥᠬᠡᠶ | ᠣᠳᠣᠨ ᠲᠠᠰ ᠤᠨ ᠪᠠᠷᠢᠯᠭ᠎ᠠ ᠶᠢᠨ ᠱᠠᠭᠠᠷᠳᠠᠯᠭ᠎ᠠ ᠶᠢ ᠪᠣᠳᠠᠲᠤ ᠴᠢᠨᠠᠷ ᠤᠨ ᠠᠭᠤᠯᠭ᠎ᠠ ᠪᠣᠯᠭᠠᠬᠤ ᠪᠠᠷ ᠲᠣᠳᠣᠷᠬᠠᠶ | ᠲᠣᠭᠲᠠᠭᠠᠨ᠎ᠠ᠃ ᠨᠥᠬᠦᠴᠡᠯ ᠪᠦᠷᠢᠯᠳᠦᠭᠦᠯᠦᠭᠰᠡᠨ ᠪᠠᠷᠢᠯᠭ᠎ᠠ ᠶᠢᠨ ᠦᠢᠯᠡᠰ ᠤᠨ ᠳᠤᠮᠳᠠ ᠵᠢᠵᠢᠭ ᠠᠵᠤ | ᠠᠬᠤᠶᠢᠯᠠᠯ ᠤᠳ ᠬᠤᠯᠪᠣᠭᠠᠲᠤ ᠴᠣᠭᠴᠠ ᠪᠠᠶᠢᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠪᠠ ᠪᠣᠬᠢᠷᠲᠤᠯ ᠥᠬᠡᠶ | ᠪᠠᠷᠢᠯᠭ᠎ᠠ ᠶᠢᠨ ᠲᠥᠷᠥᠯ ᠵᠦᠢᠯ ᠢ ᠳᠠᠭᠠᠭᠠᠨ ᠠᠪᠬᠤ ᠶᠢ ᠵᠣᠷᠢᠭᠵᠢᠭᠤᠯᠤᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ | ᠬᠡᠷᠡᠭᠯᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠨᠢ ᠰᠢᠪᠠᠷ ᠰᠢᠷᠣᠶ ᠶᠢᠨ ᠪᠠᠷᠢᠯᠭ᠎ᠠ ᠪᠠᠷᠢᠬᠤ | ᠠᠵᠢᠯ ᠤᠨ ᠰᠠᠭᠤᠷᠢ ᠪᠠᠷᠢᠮᠵᠢᠶᠠᠨ ᠤ ᠡᠶᠡᠷᠭᠦ ᠰᠥᠭᠡᠷᠭᠦ ᠲᠡᠭ ᠲᠦᠪᠰᠢᠨ ᠳᠤ ᠬᠦᠷᠪᠡᠯ ᠤᠷᠢᠳᠴᠢᠯᠠᠨ ᠬᠤᠳᠠᠯᠳᠤᠬᠤ | ᠵᠥᠪᠰᠢᠶᠡᠷᠡᠯ ᠢ ᠭᠦᠢᠴᠡᠳᠬᠡᠵᠦ ᠪᠣᠯᠤᠨ᠎ᠠ᠃ ᠰᠢᠨ᠎ᠡ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠬᠦ ᠲᠥᠷᠥᠯ | ᠵᠦᠢᠯ ᠤᠨ ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠡᠭᠦᠳᠦᠯᠲᠡ ᠶᠢᠨ ᠱᠠᠩᠨᠠᠯ ᠢ ᠰᠢᠯᠭᠠᠷᠠᠭᠤᠯᠬᠤ ᠳᠤ | ᠣᠷᠣᠯᠴᠠᠭᠤᠯᠬᠤ ᠶᠢ ᠭᠦᠴᠣᠯᠡᠨ ᠳᠡᠮᠵᠢᠨ᠎ᠡ᠃ | 2021 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ |