ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2021︺76 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2021 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠢ ᠵᠢᠷᠤᠮᠵᠢᠭᠤᠯᠤᠨ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠪᠠ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠬᠤᠯᠪᠣᠭᠳᠠᠯ ᠪᠦᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠭᠡᠳᠡᠭ ᠨᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ ᠪᠠᠶᠢᠭᠤᠯᠵᠤ᠂ ᠠᠵᠤ ᠦᠢᠯᠡᠳᠪᠦᠷᠢ ᠪᠠᠷ ᠭᠤᠣᠯ ᠤᠳᠤᠷᠢᠳᠤᠮᠵᠢ ︵ᠠᠵᠤ | ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠡᠵᠡᠯᠡᠬᠦ ᠬᠤᠪᠢ ᠶᠢᠨ ᠵᠢᠩ ᠨᠢ ᠬᠠᠮᠤᠭ ᠶᠡᠭᠡ︶ ᠪᠣᠯᠭᠠᠭᠰᠠᠨ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠠᠵᠤ ᠦᠢᠯᠡᠰ ᠤᠨ ᠳᠠᠭᠠᠭᠠᠨ ᠵᠠᠯᠭᠠᠭᠤᠯᠬᠤ ᠨᠡᠭᠡᠭᠡᠯᠲᠡ ᠶᠢᠨ ᠲᠣᠭᠤᠷᠢᠭ᠂ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ᠂ ᠬᠢᠯᠢ ᠶᠢᠨ ᠠᠵᠤ ᠠᠬᠤᠶ ︵ᠮᠡᠷᠭᠡᠵᠢᠯ︶ ᠶᠢᠨ ᠬᠠᠮᠳᠤᠷᠠᠯᠴᠠᠭ᠎ᠠ ᠶᠢᠨ | ᠲᠣᠭᠤᠷᠢᠭ᠂ ᠬᠢᠯᠢ ᠶᠢᠨ ᠪᠣᠭᠤᠮᠲᠠ ᠳᠠᠬᠢ ᠡᠳ᠋ᠰᠢᠭᠦᠯᠵᠦ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠵᠢᠭᠠᠵᠤ ᠪᠤᠶ᠃ | | ᠭᠤᠷᠪᠠᠳᠤᠭᠠᠷ ᠵᠦᠢᠯ ᠲᠤᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠣᠷᠣᠨ ᠳᠠᠬᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠠᠶᠢᠭᠤᠯᠬᠤ᠂ | ᠳᠡᠰ ᠳᠡᠪᠰᠢᠭᠦᠯᠦᠨ ᠲᠥᠷᠥᠯ ᠠᠩᠭᠢᠯᠠᠯ ᠲᠠᠢ ᠪᠠᠶᠢᠯᠭᠠᠬᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠠᠵᠤ | ᠦᠢᠯᠡᠰ ᠤᠨ ᠬᠥᠭᠵᠢᠯᠲᠡ᠂ ᠦᠨᠡᠯᠡᠵᠦ ᠰᠢᠯᠭᠠᠨ ᠬᠢᠨᠠᠬᠤ᠂ ᠦᠢᠯᠡᠴᠢᠯᠡᠭᠡ ᠪᠠ ᠪᠠᠲᠤᠯᠠᠭ᠎ᠠ ᠵᠡᠷᠭᠡ ᠳᠤ ᠬᠡᠷᠡᠭᠯᠡᠭᠳᠡᠨ᠎ᠡ᠃ | | ᠳᠥᠷᠪᠡᠳᠦᠭᠡᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠰᠢᠨ᠎ᠡ ᠬᠥᠭᠵᠢᠯᠲᠡ ᠶᠢᠨ | ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠥᠯᠥᠪᠵᠢᠭᠦᠯᠵᠦ | ᠬᠥᠲᠥᠯᠥᠨ ᠳᠠᠭᠠᠭᠤᠯᠬᠤ᠂ ᠬᠤᠷᠠᠭᠤᠯᠵᠤ ᠡᠷᠴᠢᠮᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠲᠤᠯᠭᠠᠭᠤᠷᠢᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠵᠠᠷᠴᠢᠮ ᠢ ᠵᠢᠷᠤᠮᠯᠠᠨ᠂ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠰᠠᠶᠢᠵᠢᠷᠠᠭᠤᠯᠵᠤ ᠲᠠᠰ ᠳᠡᠪᠰᠢᠭᠦᠯᠬᠦ ᠪᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ | ᠪᠤᠶᠢᠵᠢᠭᠤᠯᠤᠨ ᠬᠥᠭᠵᠢᠭᠦᠯᠬᠦ ᠪᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠢ ᠰᠢᠨ᠎ᠡ ᠮᠠᠶ᠋ᠢᠭ ᠤᠨ ᠠᠵᠤ | ᠦᠢᠯᠡᠳᠪᠦᠷᠢᠵᠢᠭᠰᠡᠨ ᠬᠥᠭᠵᠢᠯᠲᠡ ᠶᠢᠨ ᠬᠥᠲᠥᠯᠥᠨ ᠳᠠᠭᠠᠭᠤᠯᠬᠤ ᠲᠣᠭᠤᠷᠢᠭ᠂ ᠥᠨᠳᠥᠷ ᠬᠢᠷᠢ ᠲᠦᠪᠰᠢᠨ ᠪᠥᠬᠦᠶ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠵᠢᠱᠢᠶ᠎ᠡ ᠦᠵᠡᠭᠦᠯᠬᠦ ᠲᠣᠭᠤᠷᠢᠭ᠂ ᠣᠯᠠᠨ ᠢᠶᠠᠷ ᠢᠶᠠᠨ ᠦᠢᠯᠡᠰ | ᠪᠣᠰᠬᠠᠵᠤ ᠰᠢᠨ᠎ᠡ ᠶᠢ ᠡᠭᠦᠳᠬᠦ ᠲᠥᠪᠯᠡᠷᠡᠯ ᠤᠨ ᠲᠣᠭᠤᠷᠢᠭ᠂ ᠥᠭᠡᠷᠡᠴᠢᠯᠡᠯᠲᠡ ᠨᠡᠭᠡᠭᠡᠯᠲᠡ ᠪᠠ ᠪᠠᠶᠢᠭᠤᠯᠤᠯ | ᠲᠣᠭᠲᠠᠴᠠ ᠶᠢᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠬᠦ ᠳᠤ ᠤᠷᠢᠳ ᠢᠶᠠᠷ ᠬᠡᠷᠡᠭᠵᠢᠭᠦᠯᠬᠦ ᠲᠣᠭᠤᠷᠢᠭ ᠪᠣᠯᠭᠠᠨ | ᠪᠥᠲᠥᠭᠡᠨ ᠪᠠᠶᠢᠭᠤᠯᠬᠤ ᠬᠡᠷᠡᠭᠲᠡᠶ᠃ | ᠬᠤᠶᠠᠳᠤᠭᠠᠷ ᠪᠦᠯᠦᠭ ᠲᠥᠯᠥᠪᠵᠢᠭᠦᠯᠦᠨ ᠪᠦᠲᠦᠭᠡᠨ ᠪᠠᠶᠢᠭᠤᠯᠬᠤ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ | ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ | ᠲᠥᠯᠥᠪᠯᠡᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ | ᠬᠡᠮᠵᠢᠶ᠎ᠡ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠬᠠᠮᠢᠶᠠᠷᠤᠯᠲᠠ ᠶᠢᠨ ᠪᠠᠶᠢᠭᠤᠯᠤᠯ ᠪᠠ ᠬᠥᠭᠵᠢᠯᠲᠡ ᠶᠢᠨ | ᠴᠢᠭᠯᠡᠯ ᠢ ᠲᠣᠳᠣᠷᠬᠠᠶ ᠲᠣᠭᠲᠠᠭᠠᠨ᠂ ᠪᠠᠶᠢᠷᠢᠰᠢᠭᠤᠯᠤᠯ ᠨᠢ ᠵᠣᠬᠢᠰᠲᠠᠶ᠂ ᠪᠦᠲᠦᠴᠡ ᠨᠢ ᠰᠢᠯᠢᠳᠡᠭᠵᠢᠭᠰᠡᠨ᠂ | ᠴᠢᠳᠠᠮᠵᠢ ᠨᠢ ᠵᠣᠬᠢᠴᠠᠩᠭᠤᠶ᠂ ᠲᠤᠰ ᠲᠤᠰ ᠤᠨ ᠣᠨᠴᠠᠯᠢᠭ ᠲᠠᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠬᠡᠷᠡᠭᠲᠡᠢ᠃ | ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠨᠢ ᠲᠣᠰ ᠭᠠᠵᠠᠷ ᠣᠷᠣᠨ ᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠥᠪᠵᠢᠭᠦᠯᠭᠡ ᠵᠡᠷᠭᠡ ᠳᠤ ᠨᠡᠶᠢᠴᠡᠭᠰᠡᠨ ᠪᠠᠶᠢᠬᠤ ᠬᠡᠷᠡᠭᠲᠡᠶ᠃ | ᠵᠢᠷᠭᠤᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠪᠠᠶᠢᠭ᠎ᠠ ᠠᠶᠢᠮᠠᠭ ᠬᠤᠲᠠ ᠪᠤᠶᠤ | ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠲᠤᠰ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ᠂ ᠬᠥᠭᠵᠢᠯᠲᠡ ᠶᠢᠨ ᠬᠠᠷᠠᠯᠲᠠ᠂ ᠠᠵᠤ | ᠦᠢᠯᠡᠰ ᠤᠨ ᠣᠨᠴᠠᠯᠢᠭ᠂ ᠣᠷᠣᠨ ᠵᠠᠶ ᠶᠢᠨ ᠪᠠᠶᠢᠷᠢᠰᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠠᠭᠤᠯᠭ᠎ᠠ ᠶᠢ ᠲᠣᠳᠣᠷᠬᠠᠶ ᠲᠣᠭᠲᠠᠭᠠᠵᠤ᠂ ᠣᠯᠠᠨ ᠲᠥᠯᠥᠪᠵᠢᠭᠦᠯᠭᠡ ᠪᠠᠨ ᠨᠢᠭᠡᠳᠬᠡᠬᠦ ᠶᠢ | ᠬᠡᠷᠡᠭᠵᠢᠭᠦᠯᠬᠦ ᠶᠢᠨ ᠬᠠᠮᠲᠤ᠂ ᠬᠠᠤᠯᠢ ᠶᠣᠰᠣᠭᠠᠷ ᠳᠡᠰ ᠳᠠᠷᠠᠭᠠᠯᠠᠯ ᠲᠠᠢ ᠪᠠᠷ ᠡᠷᠬᠡ ᠮᠡᠳᠡᠯ ᠲᠠᠢ ᠬᠢᠨᠠᠨ ᠵᠥᠪᠰᠢᠶᠡᠷᠡᠬᠦ | ᠪᠠᠶᠢᠭᠤᠯᠭ᠎ᠠ ᠳᠤ ᠮᠡᠳᠡᠭᠦᠯᠦᠨ ᠬᠢᠨᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ | ᠬᠡᠷᠡᠭᠲᠡᠢ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠤᠯᠪᠣᠭᠳᠠᠯ ᠪᠦᠬᠦᠢ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠪᠠᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠨᠢ ᠦᠨᠡᠯᠡᠬᠦ ᠪᠠ | ᠤᠰᠤᠨ ᠤ ᠡᠬᠢ ᠰᠤᠷᠪᠤᠯᠵᠢ ᠶᠢ ᠨᠢ ᠨᠤᠲᠠᠯᠠᠬᠤ ᠠᠵᠢᠯ ᠢ ᠵᠡᠷᠭᠡ ᠳᠤ ᠨᠢ ᠬᠠᠤᠯᠢ ᠶᠣᠰᠣᠭᠠᠷ ᠥᠷᠨᠢᠭᠦᠯᠵᠦ᠂ ᠣᠷᠴᠢᠨ | ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠪᠠ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ ᠶᠢᠨ | ᠦᠨᠡᠮᠯᠡᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠲᠥᠯᠥᠪᠵᠢᠭᠦᠯᠭᠡ ᠶᠢᠨ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠶᠢᠨ ᠳ᠋ᠦᠩᠨᠡᠯᠲᠡ ᠵᠢᠴᠢ ᠬᠢᠨᠠᠵᠤ ᠪᠠᠶᠢᠴᠠᠭᠠᠭᠰᠠᠨ ᠰᠠᠨᠠᠯ ᠢ ᠲᠥᠯᠥᠪᠵᠢᠭᠦᠯᠭᠡ ᠳᠤ ᠪᠠᠨ | ᠨᠠᠶᠢᠳᠠᠪᠤᠷᠢᠵᠢᠭᠤᠯᠵᠤ᠂ ︽ᠤᠰᠤᠨ ᠤ ᠪᠠᠶᠢᠳᠠᠯ ᠢᠶᠠᠷ ᠬᠤᠲᠠ ᠶᠢᠨ ᠬᠡᠪᠴᠢᠶ᠎ᠡ ᠶᠢ ᠲᠣᠭᠲᠠᠭᠠᠬᠤ᠂ ᠤᠰᠤᠨ ᠤ | ᠪᠠᠶᠢᠳᠠᠯ ᠢᠶᠠᠷ ᠭᠠᠵᠠᠷ ᠰᠢᠷᠣᠢ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠥᠮᠦᠨ ᠠᠮᠠ ᠶᠢ ᠲᠣᠭᠲᠠᠭᠠᠬᠤ᠂ | ᠤᠰᠤᠨ ᠤ ᠬᠡᠮᠵᠢᠶ᠎ᠡ ᠪᠠᠷ ᠤᠨᠠᠯᠲᠠ ᠭᠠᠷᠤᠯᠲᠠ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠨ᠂ ᠠᠵᠤ ᠦᠢᠯᠡᠰ ᠢ | ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃ | ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠭᠤᠣᠯ ᠤᠳᠤᠷᠢᠳᠤᠮᠵᠢ ᠪᠣᠯᠬᠤ ᠠᠵᠤ ᠦᠢᠯᠡᠰ ᠤᠨ ᠭᠤᠣᠯᠳᠠᠯᠭ᠎ᠠ ᠲᠠᠢ | ᠲᠥᠷᠥᠯ ᠵᠦᠢᠯ ᠤᠨ ᠰᠠᠭᠤᠷᠢᠰᠢᠬᠤ ᠪᠠ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ᠂ ᠲᠡᠷᠢᠭᠦᠨ ᠤ ᠦᠢᠯᠡᠳᠬᠦ | ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ | ᠬᠡᠷᠡᠭᠯᠡᠬᠦ ᠭᠠᠵᠠᠷ ᠰᠢᠷᠣᠢ ᠳᠤ ᠨᠡᠶᠢᠴᠡᠭᠰᠡᠨ ᠪᠠᠶᠢᠪᠠᠯ ᠤᠷᠢᠳ ᠢᠶᠠᠷ ᠪᠠᠲᠤᠯᠠᠨ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠳᠤ | ᠬᠡᠷᠡᠭᠯᠡᠬᠦ ᠭᠠᠵᠠᠷ ᠰᠢᠷᠤᠢ ᠶᠢ ᠨᠢᠭᠡᠲᠦᠯᠲᠡᠢ ᠲᠦᠯᠦᠪᠯᠡᠨ ᠲᠣᠬᠢᠷᠠᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠭᠠᠵᠠᠷ ᠰᠢᠷᠣᠶ ᠬᠠᠩᠭᠠᠵᠤ ᠠᠰᠢᠭᠯᠠᠬᠤ ᠶᠢ ᠪᠦᠷᠢᠳᠬᠡᠵᠦ ᠬᠢᠨᠠᠨ ᠰᠢᠯᠭᠠᠬᠤ᠂ ᠡᠷᠴᠢᠮᠵᠢᠭᠦᠯᠦᠨ | ᠠᠰᠢᠭᠯᠠᠵᠤ ᠦᠨᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠨᠡᠯᠡᠭᠰᠡᠨ ᠦᠷ᠎ᠡ ᠳ᠋ᠦᠩ ᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠰᠢᠯᠭᠠᠵᠤ ᠬᠢᠨᠠᠨ ᠦᠨᠡᠯᠡᠬᠦ ᠲᠣᠭᠲᠠᠯᠴᠠᠭ᠎ᠠ ᠳᠤ | ᠣᠷᠣᠭᠤᠯᠤᠨ᠂ ᠭᠠᠵᠠᠷ ᠰᠢᠷᠣᠶ ᠶᠢ ᠠᠰᠢᠭᠯᠠᠭᠰᠠᠨ ᠦᠷ᠎ᠡ ᠪᠦᠲᠦᠮᠵᠢ ᠪᠠᠷ ᠥᠨᠳᠥᠷ᠂ ᠭᠠᠵᠠᠷ ᠰᠢᠷᠣᠢ ᠶᠢ | ᠡᠷᠴᠢᠮᠵᠢᠭᠦᠯᠵᠦ ᠬᠡᠷᠡᠭᠯᠡᠭᠰᠡᠨ ᠦᠷ᠎ᠡ ᠪᠦᠲᠦᠮᠵᠢ ᠪᠠᠷ ᠮᠡᠳᠡᠭᠳᠡᠮ᠎ᠡ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠭᠠᠵᠠᠷ ᠬᠡᠷᠡᠭᠯᠡᠬᠦ ᠲᠠᠯ᠎ᠠ ᠪᠠᠷ ᠢᠯᠡᠭᠦᠬᠡᠨ ᠬᠠᠷᠠᠭᠠᠯᠵᠠᠵᠤ ᠳᠡᠮᠵᠢᠬᠦ ᠬᠡᠷᠡᠭᠲᠡᠶ᠃ ᠤᠭ ᠤᠨ ᠪᠠᠶᠢᠭ᠎ᠠ | ᠭᠠᠵᠠᠷ ᠰᠢᠷᠣᠶ ᠶᠢ ᠭᠦᠢᠯᠭᠡᠭᠡᠨ ᠡᠷᠭᠢᠯᠳᠦᠭᠦᠯᠵᠦ ᠠᠰᠢᠭᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠭᠠᠵᠠᠷ ᠬᠡᠷᠡᠭᠯᠡᠬᠦ ᠭᠦᠢᠴᠡᠳᠭᠡᠯ ᠲᠤᠭ᠎ᠠ ᠪᠠᠷ ᠱᠠᠩᠨᠠᠨ ᠬᠥᠬᠢᠭᠦᠯᠵᠦ ᠪᠣᠯᠤᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠢ | ᠵᠣᠬᠢᠰᠲᠠᠢ ᠲᠣᠬᠢᠷᠠᠭᠤᠯᠵᠤ᠂ ᠨᠡᠭᠡᠭᠡᠨ ᠠᠰᠢᠭᠯᠠᠬᠤ ᠡᠷᠴᠢᠮ ᠢᠶᠠᠨ ᠰᠢᠨᠵᠢᠯᠡᠬᠦ ᠤᠬᠠᠭᠠᠨᠴᠢ ᠪᠠᠷ ᠡᠵᠡᠮᠳᠡᠨ᠂ ᠭᠠᠵᠠᠷ | ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠬᠦ ᠬᠡᠷᠡᠭᠲᠡᠢ᠃ ᠠᠵᠤ ᠦᠢᠯᠡᠰ ᠲᠤ ᠬᠡᠷᠡᠭᠯᠡᠬᠦ ᠭᠠᠵᠠᠷ ᠪᠠ ᠠᠮᠢᠳᠤᠷᠠᠯ ᠤᠨ ᠬᠡᠷᠡᠭᠴᠡᠭᠡᠨ ᠳᠤ ᠬᠡᠷᠡᠭᠯᠡᠬᠦ | ᠭᠠᠵᠠᠷ ᠤᠨ ᠬᠠᠷᠢᠴᠠᠯ ᠢ ᠵᠣᠬᠢᠰᠲᠠᠶ ᠲᠥᠯᠥᠪᠵᠢᠭᠦᠯᠦᠨ᠂ ᠦᠢᠯᠡᠳᠪᠦᠷᠢᠯᠡᠯ᠂ ᠶᠡᠷᠦᠩᠬᠡᠶᠢᠯᠡᠭᠰᠡᠨ ᠦᠢᠯᠡᠴᠢᠯᠡᠭᠡ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠲᠥᠷᠥᠯ ᠤᠨ ᠴᠢᠳᠠᠮᠵᠢ ᠶᠢᠨ ᠣᠷᠣᠨ ᠬᠤᠪᠢᠶᠠᠷᠢᠯᠠᠯ ᠢ | ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠵᠤ ᠦᠢᠯᠡᠰ ᠤᠨ ᠬᠥᠭᠵᠢᠯᠲᠡ ᠪᠠ ᠬᠥᠮᠥᠰ ᠤᠨ ᠰᠠᠭᠤᠷᠢᠰᠢᠨ | ᠨᠤᠲᠤᠭᠰᠢᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠤᠨ᠂ ᠠᠵᠤ ᠦᠢᠯᠡᠰ ᠪᠠ ᠬᠤᠲᠠ ᠶᠢᠨ | ᠠᠭᠤᠰᠤᠯᠴᠠᠯ ᠪᠣᠯᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ | ᠬᠡᠷᠡᠭᠲᠡᠶ᠃ ᠬᠤᠳᠠᠯᠳᠤᠨ ᠠᠪᠴᠤ ᠨᠥᠭᠡᠴᠡᠯᠡᠬᠦ᠂ ᠰᠢᠯᠵᠢᠭᠦᠯᠦᠨ ᠡᠷᠭᠢᠯᠳᠦᠭᠦᠯᠬᠦ ᠶᠢ ᠵᠣᠷᠢᠭᠵᠢᠭᠤᠯᠬᠤ᠂ | ᠵᠥᠪᠯᠡᠯᠴᠡᠭᠡᠷ ᠢᠶᠠᠷ ᠰᠣᠯᠢᠵᠤ ᠬᠡᠷᠡᠭᠯᠡᠬᠦ᠂ ᠬᠠᠮᠲᠤᠷᠠᠯᠴᠠᠨ ᠡᠵᠡᠩᠨᠡᠬᠦ᠂ ᠥᠪᠡᠷ ᠢᠶᠠᠨ ᠡᠵᠡᠨ ᠮᠡᠳᠡᠵᠦ ᠨᠡᠭᠡᠭᠡᠨ | ᠠᠰᠢᠭᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠤᠯᠠ ᠪᠠᠶᠢᠭ᠎ᠠ ᠭᠠᠵᠠᠷ ᠰᠢᠷᠣᠶ᠂ ᠬᠡᠷᠡᠭᠯᠡᠬᠦ ᠦᠷ᠎ᠡ | ᠠᠰᠢᠭ ᠢᠶᠠᠷ ᠪᠠᠭᠠᠲᠠᠢ ᠭᠠᠵᠠᠷ ᠵᠡᠷᠭᠡ ᠤᠭ ᠤᠨ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠳᠠᠬᠢᠨᠲᠠ ᠨᠡᠭᠡᠭᠡᠨ ᠠᠰᠢᠭᠯᠠᠵᠤ ᠪᠣᠯᠤᠨ᠎ᠠ᠃ | ᠨᠠᠢᠮᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠪᠡᠯᠡᠳᠬᠡᠮᠵᠢ ᠶᠢᠨ ᠲᠥᠷᠥᠯ ᠵᠦᠢᠯ ᠢ ᠪᠦᠬᠦᠯᠢ ᠴᠣᠭᠴᠠ ᠪᠠᠷ ᠨᠢ ᠲᠥᠯᠥᠪᠵᠢᠭᠦᠯᠦᠨ ᠪᠠᠶᠢᠭᠤᠯᠵᠤ᠂ | ᠴᠠᠬᠢᠯᠭᠠᠨ ᠬᠠᠩᠭᠠᠬᠤ᠂ ᠬᠡᠢ ᠬᠠᠩᠭᠠᠬᠤ᠂ ᠤᠰᠤ ᠬᠠᠩᠭᠠᠬᠤ᠂ ᠢᠯᠴᠢ ᠬᠠᠩᠭᠠᠬᠤ᠂ ᠴᠢᠮᠡᠭᠡ ᠬᠤᠯᠪᠣᠭ᠎ᠠ᠂ ᠵᠠᠮ | ᠬᠠᠷᠢᠯᠴᠠᠭ᠎ᠠ᠂ ᠭᠠᠯ ᠰᠡᠷᠭᠡᠶᠢᠯᠡᠵᠦ ᠤᠨᠲᠠᠷᠠᠭᠠᠬᠤ᠂ ᠦᠶᠡᠷ ᠢ ᠰᠡᠷᠭᠡᠶᠢᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ | ᠪᠣᠬᠢᠷᠲᠤᠯ ᠢ ᠵᠠᠰᠠᠬᠤ ᠵᠡᠷᠭᠡ ᠪᠡᠯᠡᠳᠬᠡᠮᠵᠢ ᠶᠢ ᠲᠥᠬᠦᠷᠵᠢᠭᠦᠯᠬᠦ ᠶᠢᠨ ᠬᠠᠮᠲᠤ᠂ ᠠᠵᠤ ᠠᠬᠤᠶᠢᠯᠠᠯ ᠳᠤ ᠦᠢᠯᠡᠴᠢᠯᠡᠬᠦ | ᠣᠯᠠᠨ ᠨᠡᠶᠢᠲᠡ ᠶᠢᠨ ᠮᠡᠳᠡᠭᠡ ᠵᠠᠩᠭᠢ᠂ ᠮᠡᠷᠭᠡᠵᠢᠯ᠂ ᠪᠠᠷᠠᠭᠠᠨ ᠤ ᠭᠦᠢᠯᠭᠡᠭᠡᠨ ᠵᠡᠷᠭᠡ ᠦᠢᠯᠡᠴᠢᠯᠡᠭᠡᠨ ᠤ ᠲᠠᠪᠴᠠᠩ ᠪᠠ | ᠴᠢᠬᠤᠯᠠ ᠪᠦᠬᠦᠢ ᠨᠡᠶᠢᠭᠡᠮ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦᠯᠢ | ᠴᠣᠭᠴᠠ ᠶᠢᠨ ᠲᠥᠯᠥᠪᠵᠢᠭᠦᠯᠭᠡ ᠳᠤ ᠨᠢᠭᠡᠳᠦᠯᠲᠡᠶ ᠣᠷᠣᠭᠤᠯᠬᠤ ᠬᠡᠷᠡᠭᠲᠡᠶ᠃ ︽ᠢᠨᠲ᠋ᠧᠷ ᠰᠦᠯᠵᠢᠶ᠎ᠡ +︾ | ᠠᠵᠢᠯᠯᠠᠭ᠎ᠠ ᠶᠢ ᠠᠬᠢᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠢ ᠬᠢᠨᠠᠨ ᠰᠢᠨᠵᠢᠬᠦ᠂ ᠡᠨᠧᠷᠭᠢ ᠶᠢᠨ | ᠬᠤᠷᠣᠭᠳᠠᠯ ᠢ ᠬᠢᠨᠠᠨ ᠰᠢᠨᠵᠢᠬᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠢᠨᠠᠨ ᠰᠢᠨᠵᠢᠬᠦ ᠵᠡᠷᠭᠡ ᠴᠢᠳᠠᠮᠵᠢ ᠶᠢ ᠪᠠᠭᠲᠠᠭᠠᠭᠰᠠᠨ ᠣᠶᠣᠨᠯᠢᠭ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠬᠡᠷᠡᠭᠲᠡᠢ᠃ | ᠲᠤᠰᠬᠠᠶ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠢᠳᠡᠪᠬᠢᠲᠡᠶ ᠠᠰᠢᠭᠯᠠᠨ᠂ | ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠨᠡᠭᠡᠭᠡᠯᠲᠡ ᠶᠢᠨ ᠴᠢᠨᠠᠷᠲᠠᠶ᠂ ᠬᠤᠳᠠᠯᠳᠤᠭᠠᠨ ᠤ ᠴᠢᠨᠠᠷᠲᠠᠶ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠮᠥᠩᠭᠦᠨ ᠭᠦᠢᠯᠭᠡᠭᠡᠨ ᠤ ᠨᠡᠷᠡᠳᠬᠦᠨ ᠪᠠ | ᠦᠢᠯᠡᠴᠢᠯᠡᠭᠡ ᠳᠤ ᠪᠠᠨ ᠰᠢᠨ᠎ᠡ ᠡᠭᠦᠳᠦᠯᠲᠡ ᠲᠠᠢ ᠪᠣᠯᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠬᠤ ︵PPP︶ ᠠᠷᠭ᠎ᠠ ᠬᠡᠯᠪᠡᠷᠢ ᠶᠢ ᠠᠰᠢᠭᠯᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠪᠡᠯᠡᠳᠬᠡᠮᠵᠢ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠵᠦ ᠥᠷᠨᠢᠭᠦᠯᠬᠦ ᠶᠢ ᠨᠢ | ᠳᠡᠮᠵᠢᠬᠦ ᠬᠡᠷᠡᠭᠲᠡᠢ᠃ | ᠭᠤᠷᠪᠠᠳᠤᠭᠠᠷ ᠪᠦᠯᠦᠭ ᠳᠡᠰ ᠳᠡᠪᠰᠢᠭᠦᠯᠦᠨ ᠲᠥᠷᠥᠯ ᠠᠩᠭᠢᠯᠠᠯ ᠲᠠᠢ ᠪᠠᠶᠢᠯᠭᠠᠬᠤ | ᠶᠢᠰᠦᠳᠦᠭᠡᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠳᠤ ᠵᠣᠬᠢᠰᠲᠠᠶ | ᠪᠠᠶᠢᠷᠢᠰᠢᠭᠤᠯᠬᠤ᠂ ᠶᠡᠷᠦᠩᠬᠡᠶ ᠬᠡᠮᠵᠢᠶ᠎ᠡ ᠪᠠᠷ ᠡᠵᠡᠮᠳᠡᠬᠦ ᠵᠠᠷᠴᠢᠮ ᠢ ᠵᠢᠷᠤᠮᠯᠠᠨ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠶ ᠶᠢᠨ ᠲᠥᠯᠥᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠶᠡᠷᠦᠩᠬᠡᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠳᠤ ᠲᠣᠬᠢᠷᠠᠭᠤᠯᠪᠠ︶ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠨᠠᠵᠤ ᠬᠠᠷᠭᠤᠭᠤᠯᠬᠤ ᠠᠯᠪᠠᠨ ᠵᠠᠷ ᠤᠨ | ᠭᠠᠷᠴᠠᠭ︾ ᠲᠤ ᠲᠣᠭᠲᠠᠮᠠᠯ ᠬᠤᠭᠤᠴᠠᠭ᠎ᠠ ᠲᠠᠢ ᠵᠠᠰᠠᠪᠤᠷᠢ ᠣᠷᠣᠭᠤᠯᠵᠤ᠂ ᠨᠥᠬᠦᠴᠡᠯ ᠳᠤ ᠨᠡᠶᠢᠴᠡᠭᠰᠡᠨ | ᠨᠡᠭᠡᠭᠡᠯᠲᠡ ᠶᠢᠨ ᠲᠣᠭᠤᠷᠢᠭ ᠤᠨ ᠨᠡᠷᠡᠶᠢᠳᠦᠯ᠂ ᠲᠥᠷᠥᠯ ᠢᠯᠭᠠᠯ᠂ ᠣᠷᠣᠨ ᠬᠡᠰᠡᠭ᠂ ᠭᠤᠤᠯᠯᠠᠬᠤ ᠠᠵᠤ ᠦᠢᠯᠡᠰ᠂ | ᠳᠥᠷᠪᠡᠨ ᠲᠠᠯ᠎ᠠ ᠶᠢᠨ ᠬᠦᠷᠢᠶ᠎ᠡ ᠬᠡᠪᠴᠢᠶ᠎ᠡ᠂ ᠲᠠᠯᠠᠪᠠᠶ ᠵᠡᠷᠭᠡ ᠶᠢ ᠨᠡᠶᠢᠭᠡᠮ ᠳᠤ ᠨᠡᠶᠢᠲᠡᠯᠡᠨ᠂ ᠨᠡᠶᠢᠭᠡᠮ ᠤᠨ ᠬᠢᠨᠠᠯᠲᠠ | ᠲᠠᠯᠪᠢᠯᠲᠠ ᠶᠢ ᠬᠦᠯᠢᠶᠡᠬᠦ ᠬᠡᠷᠡᠭᠲᠡᠢ᠃ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠪᠠᠶᠢᠭᠤᠯᠬᠤ ᠳᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠭᠠᠵᠠᠷ ᠤᠨ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠬᠤᠯᠪᠣᠭᠳᠠᠯ ᠪᠦᠬᠦᠢ ᠳᠡᠰ ᠳᠠᠷᠠᠭᠠᠯᠠᠯ ᠶᠣᠰᠣᠭᠠᠷ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢᠶᠠᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠰᠤᠳᠤᠯᠬᠤ ᠶᠢᠨ | ᠬᠠᠮᠲᠤ ᠬᠢᠨᠠᠵᠤ ᠬᠠᠷᠭᠤᠭᠤᠯᠤᠭᠰᠠᠨ ᠰᠠᠨᠠᠯ ᠢᠶᠠᠨ ᠳᠤᠷᠠᠳᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ | ᠣᠳᠣ ᠪᠠᠶᠢᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠨᠡᠷᠡᠶᠢᠳᠦᠯ ᠢᠶᠠᠨ ᠬᠤᠪᠢᠷᠠᠭᠤᠯᠬᠤ᠂ | ᠲᠥᠯᠥᠪᠵᠢᠭᠦᠯᠭᠡ ᠶᠢᠨ ᠲᠠᠯᠠᠪᠠᠶ ᠪᠤᠶᠤ ᠣᠷᠣᠨ ᠪᠠᠶᠢᠷᠢ ᠪᠠᠨ ᠲᠣᠬᠢᠷᠠᠭᠤᠯᠬᠤ ᠴᠢᠬᠤᠯᠠᠲᠠᠶ ᠪᠣᠯ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠰ | ᠳᠡᠪᠰᠢᠭᠦᠯᠵᠦ ᠲᠣᠭᠤᠷᠢᠭ ᠢᠶᠠᠨ ᠥᠷᠭᠡᠳᠬᠡᠬᠦ ᠦᠨᠡᠯᠡᠯᠲᠡ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠭᠦᠢᠴᠡᠳᠬᠡᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠬᠥᠭᠵᠢᠯᠲᠡ ᠶᠢᠨ ᠰᠠᠭᠤᠷᠢ ᠪᠠᠷ ᠰᠠᠶᠢᠨ ᠪᠠᠶᠢᠭ᠎ᠠ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠲᠣᠭᠲᠠᠭᠰᠠᠨ ᠲᠠᠰ ᠳᠠᠷᠠᠭᠠᠯᠠᠯ ᠶᠣᠰᠣᠭᠠᠷ ᠤᠯᠤᠰ ᠤᠨ | ᠲᠠᠰ ᠤᠨ ᠨᠡᠭᠡᠭᠡᠯᠲᠡ ᠶᠢᠨ ᠲᠣᠭᠤᠷᠢᠭ ᠪᠣᠯᠭᠠᠨ ᠳᠡᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ | ᠤᠯᠤᠰ ᠤᠨ ᠲᠠᠰ ᠤᠨ ᠨᠡᠭᠡᠭᠡᠯᠲᠡ ᠶᠢᠨ ᠲᠣᠭᠤᠷᠢᠭ ᠢᠶᠠᠷ ᠲᠠᠰ ᠳᠡᠪᠰᠢᠭᠦᠯᠬᠦ ᠳᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ | ᠬᠤᠯᠪᠣᠭᠳᠠᠯ ᠪᠥᠬᠦᠶ ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠯᠴᠠᠨ ᠰᠤᠳᠤᠯᠬᠤ ᠶᠢᠨ ᠬᠠᠮᠲᠤ ᠬᠢᠨᠠᠵᠤ ᠬᠠᠷᠭᠤᠭᠤᠯᠤᠭᠰᠠᠨ ᠰᠠᠨᠠᠯ ᠳᠤᠷᠠᠳᠴᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠳᠤ | ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | ᠳᠡᠰ ᠳᠡᠪᠰᠢᠭᠦᠯᠦᠭᠡᠳ ᠤᠯᠤᠰ ᠤᠨ ᠲᠠᠰ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠠ ᠬᠢᠯᠢ ᠶᠢᠨ ᠠᠵᠤ ᠠᠬᠤᠶ ︵ | ᠮᠡᠷᠭᠡᠵᠢᠯ︶ ᠶᠢᠨ ᠬᠠᠮᠲᠤᠷᠠᠯᠴᠠᠭ᠎ᠠ ᠶᠢᠨ ᠲᠣᠭᠤᠷᠢᠭ᠂ ᠬᠢᠯᠢ ᠶᠢᠨ ᠪᠣᠭᠤᠮᠲᠠ ᠳᠠᠬᠢ ᠡᠳ᠋ᠰᠢᠭᠦᠯᠵᠦ ᠪᠣᠯᠪᠠᠰᠤᠷᠠᠭᠤᠯᠬᠤ | ᠬᠦᠷᠢᠶᠡᠯᠡᠩ ᠲᠣᠭᠤᠷᠢᠭ ᠵᠡᠷᠭᠡ ᠪᠣᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠲᠣᠭᠤᠷᠢᠭ ᠪᠣᠯᠭᠠᠬᠤ ᠳᠤ᠂ ᠡᠷᠬᠡᠪᠰᠢ | ᠬᠤᠳᠠᠯᠳᠤᠭᠠᠨ ᠤ ᠶᠠᠪᠤᠳᠠᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠪᠣᠭᠤᠮᠲᠠ ᠶᠢᠨ | ᠶᠡᠷᠦᠩᠬᠡᠶ ᠵᠠᠬᠢᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ | ᠬᠠᠩᠭᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ | ᠬᠡᠪᠴᠢᠶ᠎ᠡ ᠪᠠ ᠦᠷ᠎ᠡ ᠠᠰᠢᠭ ᠵᠡᠷᠭᠡ ᠶᠢᠨ ᠭᠦᠢᠴᠡᠳᠭᠡᠯ ᠲᠤᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠨᠢᠭᠡᠳᠦᠭᠡᠷ᠂ ᠬᠤᠶᠠᠳᠤᠭᠠᠷ ᠲᠥᠷᠥᠯ ᠭᠡᠵᠦ ᠬᠤᠪᠢᠶᠠᠨ᠎ᠠ᠃ ᠨᠢᠭᠡᠳᠦᠭᠡᠷ ᠲᠥᠷᠥᠯ ᠤᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠣᠨ ᠤ ᠦᠢᠯᠡᠳᠬᠦᠨ ᠤ ᠥᠷᠲᠡᠭ ᠢ 150 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠦᠨ᠂ ᠬᠤᠶᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠨᠢ ᠣᠨ ᠤ ᠦᠢᠯᠡᠳᠬᠦᠨ ᠤ ᠥᠷᠲᠡᠭ ᠢ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ | ᠮᠦ ᠪᠦᠷᠢ ᠶᠢᠨ ᠳᠤᠮᠳᠠᠴᠢ ᠤᠨᠠᠯᠲᠠ ᠶᠢᠨ ᠥᠷᠲᠡᠭ᠂ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ᠂ | ᠲᠣᠭᠤᠷᠢᠭ ᠲᠤ ᠣᠷᠣᠭᠰᠠᠨ ᠠᠵᠤ ᠠᠬᠤᠶᠢᠯᠠᠯ ᠤᠨ ᠲᠤᠭ᠎ᠠ᠂ ᠣᠨ ᠤ ᠭᠠᠶᠢᠯᠢ ᠲᠠᠲᠠᠪᠤᠷᠢ ᠵᠢᠴᠢ ᠠᠵᠤ | ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠷ ᠯᠠᠪᠯᠠᠯᠲᠠ ᠶᠢᠨ ᠦᠨᠳᠦᠰᠦᠯᠡᠯ ᠪᠣᠯᠭᠠᠬᠤ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠲᠥᠷᠥᠯ ᠬᠤᠪᠢᠶᠠᠵᠤ | ᠮᠠᠭᠠᠳᠯᠠᠨ ᠲᠣᠭᠲᠠᠭᠠᠬᠤ ᠳᠤ ᠳᠤᠤᠷᠠᠬᠢ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠄ | ︵ᠨᠢᠭᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ | ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ | ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠭᠤᠶᠤᠴᠢᠯᠠᠯ | ᠭᠠᠷᠭᠠᠵᠤ᠂ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠠᠩᠬ᠎ᠠ ᠬᠢᠨᠠᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠥᠷᠥᠯ ᠬᠤᠪᠢᠶᠠᠵᠤ | ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠭᠠᠷᠭᠠᠬᠤ ᠬᠡᠷᠡᠭᠲᠡᠶ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠠᠮᠢᠶ᠎ᠠ ᠪᠦᠬᠦᠢ | ᠨᠥᠬᠦᠴᠡᠯ ᠪᠠ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠯᠴᠠᠨ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠠᠵᠢᠯ ᠢ ᠵᠣᠬᠢᠶᠠᠨ | ᠪᠠᠶᠢᠭᠤᠯᠵᠤ᠂ ᠮᠠᠭᠠᠳᠯᠠᠨ ᠲᠣᠭᠲᠠᠭᠠᠭᠰᠠᠨ ᠰᠠᠨᠠᠭᠤᠯᠭ᠎ᠠ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠰᠤᠳᠤᠯᠤᠨ ᠲᠣᠭᠲᠠᠭᠠᠯᠭᠠᠬᠤ ᠬᠡᠷᠡᠭᠲᠡᠶ᠃ | ᠳᠥᠷᠪᠡᠳᠦᠭᠡᠷ ᠪᠦᠯᠦᠭ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ | ᠠᠷᠪᠠᠨ ᠳᠥᠷᠪᠡᠳᠦᠭᠡᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠣᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠤᠮᠵᠢ ᠪᠣᠯᠤᠨ᠎ᠠ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠨᠢ ᠨᠡᠶᠢᠯᠡᠵᠦ ᠬᠠᠮᠲᠤ ᠳᠤ ᠪᠠᠨ | ᠠᠵᠢᠯᠯᠠᠬᠤ᠂ ᠨᠢᠭᠡ ᠲᠦᠬᠦᠷᠵᠢᠭᠰᠡᠨ ᠪᠠᠶᠢᠭᠤᠯᠤᠮᠵᠢ᠂ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠬᠡᠷᠡᠭᠵᠢᠭᠦᠯᠬᠦ | ᠬᠡᠷᠡᠭᠲᠡᠢ᠃ ᠠᠵᠤ ᠠᠬᠤᠢ ᠶᠢᠨ ᠬᠠᠮᠢᠶᠠᠷᠤᠯᠲᠠ᠂ ᠪᠡᠯᠡ ᠣᠷᠣᠭᠤᠯᠤᠯᠲᠠ ᠶᠢᠨ ᠦᠢᠯᠡᠴᠢᠯᠡᠭᠡ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠠᠶᠢᠭᠤᠯᠤᠯᠲᠠ ᠵᠡᠷᠭᠡ ᠶᠢᠨ ᠲᠤᠰᠢᠶᠠᠯ ᠬᠠᠷᠢᠭᠤᠴᠠᠯᠭ᠎ᠠ ᠶᠢ | ᠴᠢᠩᠭᠠᠳᠬᠠᠵᠤ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠰᠣᠶᠣᠯ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠵᠡᠷᠭᠡ ᠨᠡᠶᠢᠭᠡᠮ ᠤᠨ ᠠᠵᠢᠯ ᠶᠠᠪᠤᠳᠠᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ | ᠴᠢᠳᠠᠪᠤᠷᠢ ᠶᠢ ᠨᠢ ᠠᠯᠬᠤᠮ ᠠᠯᠬᠤᠮ ᠢᠶᠠᠷ ᠰᠠᠯᠭᠠᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠷᠢᠶ᠎ᠠ ᠭᠠᠵᠠᠷ ᠲᠠᠬᠢ ᠵᠠᠰᠠᠭ ᠤᠨ ᠣᠷᠳᠣᠨ ᠨᠢ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ | ᠳᠠᠭᠠᠭᠠᠨ ᠠᠪᠴᠤ ᠵᠠᠯᠭᠠᠭᠤᠯᠬᠤ ᠠᠵᠢᠯ ᠢ ᠰᠠᠶᠢᠲᠤᠷ ᠬᠢᠵᠦ᠂ ᠰᠠᠯᠭᠠᠵᠤ ᠭᠠᠷᠭᠠᠭᠰᠠᠨ ᠨᠡᠶᠢᠭᠡᠮ ᠤᠨ ᠠᠵᠢᠯ | ᠶᠠᠪᠤᠳᠠᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠳᠠᠭᠠᠭᠠᠨ ᠠᠪᠴᠤ ᠵᠠᠯᠭᠠᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠡᠯ᠎ᠡ ᠭᠠᠵᠠᠷ ᠣᠷᠣᠨ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ ᠡᠷᠴᠢᠮ ᠢᠶᠠᠨ | ᠴᠢᠩᠭᠠᠷᠠᠭᠤᠯᠵᠤ᠂ ᠳᠣᠷᠣᠭᠰᠢ ᠲᠠᠯᠪᠢᠵᠤ ᠪᠣᠯᠬᠤ ᠬᠠᠮᠢᠶᠠᠷᠤᠯᠲᠠ ᠶᠢᠨ ᠡᠷᠬᠡ ᠮᠡᠳᠡᠯ ᠢ ᠬᠠᠤᠯᠢ ᠳᠤ ᠲᠣᠭᠲᠠᠭᠠᠭᠰᠠᠨ | ᠳᠡᠰ ᠳᠠᠷᠠᠭᠠᠯᠠᠯ ᠶᠣᠰᠣᠭᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠠᠯᠪᠢᠵᠤ ᠥᠭᠬᠦ ᠶᠢᠨ ᠬᠠᠮᠲᠤ | ᠨᠠᠷᠢᠨ ᠬᠠᠭᠤᠳᠠᠰᠤ ᠲᠠᠢ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠡᠳᠡᠨ ᠳᠤ ᠨᠡᠩ ᠶᠡᠭᠡ ᠪᠡᠶ᠎ᠡ ᠪᠠᠨ | ᠳᠠᠭᠠᠭᠠᠵᠤ ᠬᠥᠭᠵᠢᠬᠦ᠂ ᠪᠡᠶ᠎ᠡ ᠪᠠᠨ ᠳᠠᠭᠠᠭᠠᠵᠤ ᠥᠭᠡᠷᠡᠴᠢᠯᠡᠯᠲᠡ ᠬᠢᠬᠦ ᠪᠠ ᠪᠡᠶ᠎ᠡ ᠪᠠᠨ ᠳᠠᠭᠠᠭᠠᠵᠤ ᠰᠢᠨ᠎ᠡ | ᠡᠭᠦᠳᠦᠯᠲᠡ ᠲᠠᠢ ᠬᠠᠮᠢᠶᠠᠷᠬᠤ ᠡᠷᠬᠡ ᠮᠡᠳᠡᠯ ᠢ ᠣᠯᠭᠤᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠭᠦᠢᠴᠡᠳ ᠡᠷᠬᠡ ᠮᠡᠳᠡᠯ ᠲᠠᠢ ᠪᠠᠷ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ᠂ ᠵᠣᠬᠢᠴᠠᠭᠤᠯᠤᠨ | ᠬᠥᠭᠵᠢᠭᠦᠯᠬᠦ ᠪᠠᠨ ᠨᠢᠭᠡᠳᠦᠯᠲᠡᠶ ᠲᠥᠯᠥᠪᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠤ ᠳᠤᠤᠷᠠᠬᠢ ᠮᠡᠲᠦ ᠡᠷᠬᠡ ᠲᠤᠰᠢᠶᠠᠯ ᠢ ᠬᠡᠷᠡᠭᠵᠢᠭᠦᠯᠬᠦ ᠬᠡᠷᠡᠭᠲᠡᠢ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠬᠤᠲᠠ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠶᠡᠷᠦᠩᠬᠡᠢ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠬᠦᠷᠢᠶᠡᠯᠡᠩ | ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠵᠤ᠂ ᠬᠦᠷᠢᠶᠡᠯᠡᠩ ᠲᠣᠭᠤᠷᠢᠭ ᠤᠨ | ᠶᠡᠷᠦᠩᠬᠡᠢ ᠬᠥᠭᠵᠢᠯᠲᠡ ᠶᠢᠨ ᠲᠥᠯᠥᠪᠵᠢᠭᠦᠯᠭᠡ ᠪᠠ ᠬᠤᠯᠪᠣᠭᠳᠠᠯ ᠪᠦᠬᠦᠢ ᠲᠤᠰᠬᠠᠢ ᠲᠥᠯᠥᠪᠵᠢᠭᠦᠯᠭᠡ ᠵᠡᠷᠭᠡ ᠶᠢ | ᠨᠠᠶᠢᠷᠠᠭᠤᠯᠤᠨ ᠵᠣᠬᠢᠶᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠬᠡᠷᠡᠭᠲᠡᠢ᠃ | ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠᠷ | ᠦᠨᠳᠦᠰᠦᠯᠡᠯ ᠪᠣᠯᠭᠠᠨ᠂ ᠲᠤᠰ ᠬᠦᠷᠢᠶᠡᠯᠡᠩ ᠲᠣᠭᠤᠷᠢᠭ ᠤᠨ ᠭᠤᠣᠯᠯᠠᠬᠤ ᠠᠵᠤ ᠦᠢᠯᠡᠰ ᠲᠠᠢ ᠤᠶᠠᠯᠳᠤᠭᠤᠯᠵᠤ᠂ | ᠬᠦᠷᠢᠶᠡᠯᠡᠩ ᠲᠣᠭᠤᠷᠢᠭ ᠲᠠᠬᠢ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃ | ︵ᠭᠤᠷᠪᠠ︶ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠤᠨ ᠲᠤᠬᠠᠢ ᠡᠯ᠎ᠡ ᠱᠠᠲᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠦᠷᠢᠶᠡᠯᠡᠩ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ | ᠠᠵᠤ ᠠᠬᠤᠶᠢᠯᠠᠯ ᠤᠨ ᠨᠠᠮ ᠤᠨ ᠬᠤᠷᠢᠶ᠎ᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ | ᠴᠢᠬᠤᠯᠠᠴᠢᠯᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ︵ᠳᠥᠷᠪᠡ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭᠲᠠᠴᠠ ᠶᠢ ᠪᠦᠷᠢᠨᠰᠢᠭᠦᠯᠦᠨ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠠᠪᠴᠠᠩ ᠢ ᠪᠠᠶᠢᠭᠤᠯᠬᠤ ᠬᠡᠷᠡᠭᠲᠡᠢ᠃ | ︵ᠲᠠᠪᠤ︶ ᠰᠢᠨ᠎ᠡ ᠶᠢ ᠡᠭᠦᠳᠴᠦ ᠦᠢᠯᠡᠰ ᠪᠣᠰᠬᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠴᠢᠳᠠᠪᠤᠷᠢᠲᠠᠨ ᠤᠷᠢᠵᠤ ᠣᠶᠤᠨ ᠤ ᠮᠡᠳᠡᠯᠭᠡ ᠣᠷᠣᠭᠤᠯᠤᠨ ᠠᠪᠴᠢᠷᠠᠬᠤ ᠲᠠᠪᠴᠠᠩ ᠢ ᠪᠠᠶᠢᠭᠤᠯᠤᠨ᠂ ᠰᠢᠨ᠎ᠡ | ᠡᠭᠦᠳᠦᠯᠲᠡ ᠶᠢᠨ ᠡᠬᠢ ᠪᠠᠶᠠᠯᠢᠭ ᠢ ᠲᠥᠪᠯᠡᠷᠡᠭᠦᠯᠬᠦ ᠪᠠᠨ ᠴᠢᠩᠭᠠᠳᠬᠠᠵᠤ᠂ ᠰᠢᠨ᠎ᠡ ᠶᠢ ᠡᠭᠦᠳᠴᠦ ᠦᠢᠯᠡᠰ ᠪᠣᠰᠬᠠᠬᠤ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ | ︵ᠵᠢᠷᠭᠤᠭ᠎ᠠ︶ ᠬᠦᠷᠢᠶᠡᠯᠡᠩ ᠲᠣᠭᠤᠷᠢᠭ ᠲᠠᠬᠢ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ | ᠵᠣᠬᠢᠴᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ︵ᠳᠣᠯᠤᠭ᠎ᠠ︶ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠬᠠᠤᠯᠢ ᠶᠣᠰᠣᠭᠠᠷ ᠪᠡᠶ᠎ᠡ ᠪᠠᠨ | ᠳᠠᠭᠠᠭᠠᠵᠤ ᠡᠵᠡᠩᠨᠡᠬᠦ ᠶᠢ ᠬᠥᠲᠥᠯᠥᠨ ᠵᠢᠯᠣᠭᠤᠳᠬᠤ ᠪᠠ ᠪᠠᠲᠤᠯᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠨᠢ | ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ︵ᠨᠠᠢᠮᠠ︶ ᠣᠯᠠᠨ ᠨᠡᠶᠢᠲᠡ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠬᠦᠷᠢᠶᠡᠯᠡᠩ ᠲᠣᠭᠤᠷᠢᠭ ᠲᠠᠬᠢ ᠠᠵᠤ | ᠠᠬᠤᠶᠢᠯᠠᠯ ᠪᠠ ᠬᠠᠮᠢᠶ᠎ᠠ ᠪᠦᠬᠦᠢ ᠪᠠᠶᠢᠭᠤᠯᠤᠮᠵᠢ ᠳᠤ ᠵᠢᠭᠠᠨ ᠵᠢᠯᠣᠭᠤᠳᠬᠤ᠂ ᠠᠰᠠᠭᠤᠨ ᠯᠠᠪᠯᠠᠬᠤ ᠪᠠ ᠦᠢᠯᠡᠴᠢᠯᠡᠭᠡ | ᠬᠠᠩᠭᠠᠬᠤ ᠬᠡᠷᠡᠭᠲᠡᠶ᠃ | ︵ᠶᠢᠰᠦ︶ ᠬᠠᠷᠢᠶ᠎ᠠ ᠪᠣᠯᠬᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠤᠯᠢ ᠶᠣᠰᠣᠭᠠᠷ ᠣᠯᠭᠤᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠠᠶᠢᠷᠢᠯᠠᠭᠤᠯᠬᠤ ᠪᠠᠷᠢᠮᠵᠢᠶ᠎ᠠ ᠶᠢ ᠬᠦᠷᠢᠶᠡᠯᠡᠩ ᠲᠣᠭᠤᠷᠢᠭ ᠤᠨ ᠲᠥᠷᠥᠯ ᠠᠩᠭᠢᠯᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠵᠥᠪᠯᠡᠯ ᠤᠨ | ᠳᠠᠷᠤᠮᠠᠯᠯᠠᠨ ᠲᠠᠷᠬᠠᠭᠠᠭᠰᠠᠨ ︽ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠰᠠᠨᠠᠯ︾ ᠤᠨ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠲᠠᠪᠤᠳᠤᠭᠠᠷ ᠪᠦᠯᠦᠭ ᠠᠵᠤ ᠦᠢᠯᠡᠰ ᠤᠨ ᠬᠥᠭᠵᠢᠯᠲᠡ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠦᠲᠦᠴᠡ ᠪᠠᠨ | ᠰᠢᠯᠢᠳᠡᠭᠵᠢᠭᠦᠯᠬᠦ ᠶᠢ ᠳᠡᠮᠵᠢᠵᠦ᠂ ᠠᠵᠤ ᠠᠬᠤᠶᠢᠯᠠᠯ ᠲᠥᠪᠯᠡᠷᠡᠭᠰᠡᠨ᠂ ᠠᠵᠤ ᠦᠢᠯᠡᠰ ᠲᠥᠪᠯᠡᠷᠡᠭᠰᠡᠨ᠂ ᠴᠢᠬᠤᠯᠠ | ᠬᠦᠴᠦᠨ ᠵᠦᠢᠯ ᠡᠷᠴᠢᠮᠵᠢᠭᠰᠡᠨ᠂ ᠮᠡᠷᠭᠡᠵᠢᠯ ᠬᠤᠷᠠᠭᠰᠠᠨ᠂ ᠦᠢᠯᠡᠴᠢᠯᠡᠭᠡ ᠲᠥᠪᠯᠡᠷᠡᠭᠰᠡᠨ ᠠᠵᠤ ᠦᠢᠯᠡᠰ ᠤᠨ ᠠᠮᠢ | ᠠᠬᠤᠶ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠭᠤᠣᠯᠯᠠᠬᠤ ᠠᠵᠤ ᠦᠢᠯᠡᠰ ᠢ ᠦᠨᠳᠦᠰᠦᠯᠡᠨ᠂ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠲᠤᠰᠬᠠᠶᠢᠵᠢᠭᠰᠠᠨ᠂ ᠣᠨᠴᠠᠯᠢᠭᠵᠢᠭᠰᠠᠨ᠂ | ᠵᠦᠷᠢᠶᠡᠴᠢᠯᠡᠭᠰᠡᠨ ᠠᠵᠤ ᠦᠢᠯᠡᠰ ᠤᠨ ᠪᠠᠶᠢᠷᠢᠰᠢᠯ ᠢ ᠪᠣᠶ ᠪᠣᠯᠭᠠᠵᠤ᠂ ᠠᠵᠤ ᠦᠢᠯᠡᠰ ᠤᠨ ᠪᠦᠲᠦᠴᠡ ᠪᠠᠨ | ᠰᠢᠯᠢᠳᠡᠭᠵᠢᠭᠦᠯᠬᠦ ᠶᠢ ᠲᠦᠷᠭᠡᠳᠬᠡᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠶ ᠪᠣᠯᠤᠭᠰᠠᠨ ᠠᠵᠤ | ᠦᠢᠯᠡᠰ᠂ ᠲᠡᠷᠢᠭᠦᠨ ᠤ ᠦᠢᠯᠡᠳᠬᠦ ᠦᠢᠯᠡᠰ ᠪᠠ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠳᠡᠮᠵᠢᠬᠦ ᠬᠡᠷᠡᠭᠲᠡᠶ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠣᠷᠢᠭᠵᠢᠭᠤᠯᠤᠨ ᠳᠡᠮᠵᠢᠵᠦ ᠪᠠᠶᠢᠭᠠᠳ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠨᠢ ᠲᠦᠷᠭᠡᠳᠬᠡᠨ᠂ ᠤᠯᠠᠮᠵᠢᠯᠠᠯᠲᠤ ᠠᠵᠤ | ᠦᠢᠯᠡᠰ ᠢᠶᠠᠨ ᠥᠭᠡᠷᠡᠴᠢᠯᠡᠨ ᠰᠠᠶᠢᠵᠢᠷᠠᠭᠤᠯᠵᠤ ᠳᠡᠰ ᠳᠡᠪᠰᠢᠭᠦᠯᠵᠦ᠂ ᠲᠤᠰ ᠭᠠᠵᠠᠷ ᠤᠨ ᠣᠨᠴᠠᠯᠢᠭ ᠲᠠᠢ | ᠭᠤᠣᠯᠯᠠᠬᠤ ᠠᠵᠤ ᠦᠢᠯᠡᠰ ᠢ ᠪᠣᠢ ᠪᠣᠯᠭᠠᠨ ᠪᠤᠵᠠᠭᠠᠶᠢᠷᠠᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠭᠠᠵᠠᠷ ᠤᠨ | ᠠᠷᠠᠳ ᠤᠨ ᠵᠠᠰᠠᠭ ᠤᠨ ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠢᠶᠠᠨ | ᠤᠷᠢᠳ ᠢᠶᠠᠷ ᠬᠥᠭᠵᠢᠭᠦᠯᠬᠦ ᠭᠠᠷᠴᠠᠭ ᠪᠠ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠳᠤ ᠠᠯᠳᠠᠭᠳᠠᠯ ᠲᠠᠢ | ᠵᠦᠢᠯᠡᠰ ᠤᠨ ᠨᠠᠷᠢᠨ ᠲᠠᠩᠰᠠ ᠶᠢ ᠲᠣᠭᠲᠠᠭᠠᠨ ᠨᠡᠶᠢᠲᠡᠯᠡᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠦᠨ ᠭᠠᠵᠠᠷ ᠰᠣᠩᠭᠤᠬᠤ᠂ ᠣᠷᠴᠢᠨ ᠲᠣᠭᠤᠷᠢᠨ᠂ | ᠠᠮᠤᠷ ᠲᠦᠪᠰᠢᠨ᠂ ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠵᠡᠷᠭᠡ ᠲᠠᠯ᠎ᠠ ᠳᠤ ᠬᠢᠨᠠᠨ ᠪᠠᠶᠢᠴᠠᠭᠠᠯᠲᠠ ᠬᠢᠵᠦ᠂ | ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠣᠷᠢᠭᠵᠢᠭᠤᠯᠵᠤ | ᠪᠠᠶᠢᠭᠠᠳ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠯ᠎ᠡ ᠲᠥᠷᠥᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠪᠤᠶᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠵᠢᠴᠢ ᠤᠰᠤ ᠠᠷᠪᠢᠯᠠᠬᠤ ᠮᠠᠶ᠋ᠢᠭ ᠤᠨ ᠬᠦᠷᠢᠶᠡᠯᠡᠩ ᠲᠣᠭᠤᠷᠢᠭ ᠢ ᠡᠭᠦᠳᠦᠨ | ᠪᠠᠶᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠳᠡᠮᠵᠢᠵᠦ ᠪᠠᠶᠢᠭᠠᠳ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠯᠠᠪᠯᠠᠯᠭ᠎ᠠ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ᠂ ᠮᠡᠳᠡᠯᠭᠡ ᠶᠢᠨ | ᠥᠮᠴᠢᠯᠡᠯ ᠤᠨ ᠡᠷᠬᠡ ᠶᠢᠨ ᠦᠢᠯᠡᠴᠢᠯᠡᠭᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ᠂ ᠬᠠᠤᠯᠢ ᠴᠠᠭᠠᠵᠠ ᠶᠢᠨ | ᠦᠢᠯᠡᠴᠢᠯᠡᠭᠡᠨ᠂ ᠡᠳ᠋ ᠬᠥᠷᠥᠩᠭᠡ ᠶᠢᠨ ᠦᠨᠡᠯᠡᠨ ᠵᠢᠱᠢᠯᠲᠡ᠂ ᠢᠲᠡᠭᠡᠮᠵᠢ ᠶᠢᠨ ᠳᠡᠰ ᠲᠣᠭᠲᠠᠭᠠᠯᠲᠠ᠂ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠵᠡᠷᠭᠡ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠬᠦᠷᠢᠶᠡᠯᠡᠩ | ᠲᠣᠭᠤᠷᠢᠭ ᠤᠨ ᠦᠢᠯᠡᠳᠪᠦᠷᠢᠯᠡᠯ ᠡᠵᠡᠩᠨᠡᠯᠲᠡ ᠪᠠ ᠰᠢᠨ᠎ᠡ ᠶᠢ ᠡᠭᠦᠳᠴᠦ ᠦᠢᠯᠡᠰ ᠪᠣᠰᠬᠠᠬᠤ ᠠᠵᠢᠯᠯᠠᠭ᠎ᠠ ᠳᠤ | ᠦᠢᠯᠡᠴᠢᠯᠡᠭᠡ ᠬᠠᠩᠭᠠᠬᠤ ᠬᠡᠷᠡᠭᠲᠡᠶ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠵᠢᠴᠢ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠵᠣᠷᠢᠭᠵᠢᠭᠤᠯᠵᠤ | ᠪᠠᠶᠢᠭᠠᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ | ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ᠂ ᠡᠭᠦᠳᠦᠨ ᠴᠣᠭᠴᠠᠯᠠᠭᠴᠢ ᠶᠢᠨ ᠣᠷᠣᠨ ᠵᠠᠶ᠂ ᠦᠢᠯᠡᠰ ᠪᠣᠰᠬᠠᠬᠤ | ᠦᠢᠯᠡᠴᠢᠯᠡᠭᠡᠨ ᠤ ᠲᠥᠪ ᠵᠡᠷᠭᠡ ᠠᠵᠤ ᠦᠢᠯᠡᠰ ᠤᠨ ᠠᠬᠢᠭᠤᠯᠬᠤ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠬᠡᠷᠡᠭᠲᠡᠢ | ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ | ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠳᠡᠮᠵᠢᠬᠦ ᠴᠢᠬᠤᠯᠠᠲᠠᠶ ᠲᠥᠷᠥᠯ ᠵᠦᠢᠯ ᠢ ᠴᠤᠭᠯᠠᠭᠤᠯᠬᠤ ᠶᠢᠨ | ᠬᠠᠮᠲᠤ ᠲᠥᠪᠯᠡᠷᠡᠭᠦᠯᠵᠦ ᠪᠠᠶᠢᠭᠠᠳ ᠰᠢᠯᠭᠠᠷᠠᠭᠤᠯᠤᠨ ᠲᠣᠭᠲᠠᠭᠠᠬᠤ ᠬᠡᠷᠡᠭᠲᠡᠢ᠂ ᠰᠢᠯᠭᠠᠷᠠᠭᠤᠯᠵᠤ ᠲᠣᠭᠲᠠᠭᠠᠭᠰᠠᠨ | ᠲᠥᠷᠥᠯ ᠵᠦᠢᠯ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠥᠮᠥᠷᠭᠡ ᠶᠢᠨ | ᠬᠠᠮᠢᠶᠠᠷᠤᠯᠲᠠ ᠳᠤ ᠣᠷᠣᠭᠤᠯᠤᠨ᠂ ᠲᠥᠷᠥᠯ ᠵᠦᠢᠯ ᠤᠨ ᠬᠥᠮᠥᠷᠭᠡ ᠳᠤ ᠡᠷᠭᠢᠯᠳᠦᠭᠦᠯᠦᠨ ᠬᠠᠮᠢᠶᠠᠷᠬᠤ ᠳᠦᠷᠢᠮ ᠢ | ᠬᠡᠷᠡᠭᠵᠢᠭᠦᠯᠵᠦ᠂ ᠵᠢᠯ ᠪᠦᠷᠢ ᠬᠥᠮᠥᠷᠭᠡ ᠳᠤ ᠣᠷᠣᠭᠤᠯᠤᠭᠰᠠᠨ ᠴᠠᠭ ᠬᠤᠭᠤᠴᠠᠭ᠎ᠠ ᠶᠣᠰᠣᠭᠠᠷ ᠨᠢ ᠲᠥᠷᠥᠯ ᠵᠦᠢᠯ ᠢ | ᠰᠣᠩᠭᠤᠨ᠂ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠶ᠃ ᠣᠳᠣ ᠪᠠᠶᠢᠭ᠎ᠠ ᠠᠵᠤ ᠦᠢᠯᠡᠰ ᠢ ᠲᠡᠳᠬᠦᠬᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠶ ᠣᠷᠴᠢᠨ ᠲᠣᠭᠤᠷᠢᠨ ᠢ | ᠬᠠᠮᠠᠭᠠᠯᠠᠬᠤ ᠵᠡᠷᠭᠡ ᠲᠤᠰᠬᠠᠶ ᠪᠡᠯᠡ ᠮᠥᠩᠭᠦ ᠵᠢᠴᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠶᠢ ᠭᠦᠢᠴᠡᠳ ᠠᠰᠢᠭᠯᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ | ᠳᠡᠮᠵᠢᠬᠦ ᠬᠡᠷᠡᠭᠲᠡᠢ᠃ | ᠬᠤᠷᠢᠳᠤᠭᠠᠷ ᠵᠦᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠶᠡᠭᠡ᠂ ᠶᠠᠰᠤ | ᠴᠢᠨᠠᠷ ᠦᠷ᠎ᠡ ᠠᠰᠢᠭ ᠢᠶᠠᠷ ᠰᠠᠶᠢᠨ᠂ ᠡᠨᠧᠷᠭᠢ ᠪᠠ ᠤᠰᠤ ᠠᠷᠪᠢᠯᠠᠬᠤ ᠪᠠᠷ ᠰᠠᠶᠢᠨ᠂ ᠠᠵᠤ ᠦᠢᠯᠡᠰ ᠲᠠᠢ | ᠬᠤᠯᠪᠣᠭᠳᠠᠬᠤ ᠪᠠᠷ ᠴᠢᠩᠭ᠎ᠠ᠂ ᠥᠨᠳᠥᠷ ᠥᠷᠲᠡᠭ ᠪᠦᠬᠦᠢ ᠮᠡᠳᠡᠯᠭᠡ ᠶᠢᠨ ᠥᠮᠴᠢᠯᠡᠯ ᠤᠨ ᠡᠷᠬᠡ ᠲᠠᠢ ᠲᠥᠷᠥᠯ | ᠵᠦᠢᠯ ᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠣᠷᠣᠨ ᠤ | ᠳᠣᠲᠣᠷᠠᠬᠢ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠰᠠᠭᠤᠷᠢᠨ ᠭᠠᠵᠠᠷ | ᠪᠠ ᠪᠣᠷᠣᠯᠠᠭᠤᠯᠤᠨ ᠬᠤᠳᠠᠯᠳᠤᠬᠤ ᠲᠣᠣᠷ ᠰᠦᠯᠵᠢᠶ᠎ᠡ ᠪᠠᠶᠢᠭᠤᠯᠬᠤ ᠶᠢ ᠳᠡᠮᠵᠢᠵᠦ᠂ ᠭᠠᠳᠠᠭᠠᠳᠤ ᠳᠤ ᠪᠡᠯᠡ | ᠣᠷᠣᠭᠤᠯᠬᠤ ᠶᠢ ᠥᠷᠨᠢᠭᠦᠯᠦᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠢᠯᠢ ᠶᠢᠨ ᠭᠠᠳᠠᠨᠠᠬᠢ ᠪᠠᠶᠢᠷᠢᠰᠢᠯ ᠢ | ᠥᠷᠭᠡᠳᠬᠡᠬᠦ ᠬᠡᠷᠡᠭᠲᠡᠶ᠃ | ᠵᠢᠷᠭᠤᠳᠤᠭᠠᠷ ᠪᠦᠯᠦᠭ ᠦᠨᠡᠯᠡᠵᠦ ᠰᠢᠯᠭᠠᠨ ᠬᠢᠨᠠᠬᠤ | ᠬᠤᠷᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠦᠨᠡᠯᠡᠵᠦ | ᠰᠢᠯᠭᠠᠨ ᠬᠢᠨᠠᠬᠤ ᠠᠷᠭ᠎ᠠ ᠶᠢ ᠬᠠᠷᠢᠭᠤᠴᠠᠨ ᠲᠣᠭᠲᠠᠭᠠᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠲᠤᠭ᠎ᠠ ᠪᠦᠷᠢᠳᠬᠡᠯ ᠤᠨ ᠳᠦᠷᠢᠮ ᠤᠨ ᠲᠣᠭᠲᠠᠭᠠᠯ | ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠪᠠᠶᠢᠭᠤᠯᠤᠮᠵᠢ ᠶᠢ ᠲᠣᠳᠣᠷᠬᠠᠶ ᠲᠣᠭᠲᠠᠭᠠᠨ᠂ | ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠢ ᠲᠣᠬᠢᠷᠠᠭᠤᠯᠵᠤ᠂ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ | ᠬᠡᠪᠴᠢᠶ᠎ᠡ᠂ ᠠᠵᠤ ᠠᠬᠤᠶ ᠶᠢᠨ ᠦᠷ᠎ᠡ ᠠᠰᠢᠭ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠡᠯᠡ ᠣᠷᠣᠭᠤᠯᠤᠭᠰᠠᠨ ᠪᠠ ᠦᠢᠯᠡᠳᠪᠦᠷᠢᠯᠡᠵᠦ | ᠭᠠᠷᠭᠠᠭᠰᠠᠨ ᠡᠷᠴᠢᠮ ᠬᠦᠴᠦ᠂ ᠠᠵᠢᠯ ᠣᠯᠭᠤᠯᠲᠠ ᠶᠢᠨ ᠳᠠᠢᠴᠢᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ | ᠡᠨᠧᠷᠭᠢ ᠶᠢᠨ ᠬᠤᠷᠣᠭᠳᠠᠭᠤᠯᠭ᠎ᠠ ᠵᠡᠷᠭᠡ ᠪᠠᠶᠢᠳᠠᠯ ᠢᠶᠠᠨ ᠪᠦᠬᠦ ᠲᠠᠯ᠎ᠠ ᠪᠠᠷ ᠲᠤᠰᠬᠠᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠱᠠᠲᠤ ᠳᠠᠷᠠᠭᠠᠯᠠᠨ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ | ᠣᠷᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠪᠠ ᠦᠨᠡᠯᠡᠵᠦ ᠰᠢᠯᠭᠠᠨ ᠬᠢᠨᠠᠬᠤ ᠳᠤ ᠭᠤᠤᠯ | ᠦᠨᠳᠦᠰᠦᠯᠡᠯ ᠬᠠᠩᠭᠠᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ | ᠨᠢᠭᠡᠳᠦᠭᠡᠷ᠂ ᠬᠤᠶᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠡᠷᠦᠩᠬᠡᠶᠢᠯᠡᠭᠰᠡᠨ | ᠬᠥᠭᠵᠢᠯᠲᠡ ᠶᠢᠨ ᠬᠢᠷᠢ ᠲᠦᠪᠰᠢᠨ ᠢ ᠰᠢᠯᠭᠠᠨ ᠬᠢᠨᠠᠵᠤ ᠦᠨᠡᠯᠡᠯᠲᠡ ᠬᠢᠬᠦ ᠶᠢ ᠲᠦᠷᠦᠭᠦᠯᠡᠨ ᠵᠣᠬᠢᠶᠠᠨ | ᠪᠠᠶᠢᠭᠤᠯᠬᠤ ᠶᠢᠨ ᠬᠠᠮᠲᠤ᠂ ᠦᠨᠡᠯᠡᠭᠰᠡᠨ ᠦᠷ᠎ᠡ ᠳ᠋ᠦᠩ ᠢᠶᠠᠨ ᠡᠯ᠎ᠡ ᠠᠶᠢᠮᠠᠭ ᠬᠤᠲᠠ ᠳᠤ ᠨᠡᠪᠲᠡᠷᠡᠭᠦᠯᠦᠨ ᠮᠡᠳᠡᠭᠦᠯᠬᠦ | ᠬᠡᠷᠡᠭᠲᠡᠶ᠃ | ᠶᠡᠷᠦᠩᠬᠡᠶ ᠦᠨᠡᠯᠡᠯᠲᠡ ᠶᠢᠨ ᠲᠦᠷᠦᠭᠦᠦ 10 ᠨᠡᠷᠡᠰ ᠲᠤ ᠵᠢᠭᠰᠠᠭᠠᠭᠳᠠᠭᠰᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠣᠨ ᠤ ᠰᠢᠯᠭᠠᠨ ᠬᠢᠨᠠᠭᠰᠠᠨ ᠠᠵᠢᠯ ᠳᠠᠬᠢ ᠲᠡᠷᠢᠭᠦᠨ ᠤ ᠨᠢᠭᠡᠴᠢ︾ ᠶᠢᠨ ᠱᠠᠩᠨᠠᠯ ᠤᠨ | ᠮᠧᠳᠠᠯ ᠣᠯᠭᠤᠬᠤ ᠶᠢᠨ ᠬᠠᠮᠲᠤ᠂ 3000 ᠲᠦᠮᠡᠨ ᠲᠥᠭᠦᠷᠢᠭ ᠱᠠᠩᠨᠠᠵᠤ᠂ ᠠᠵᠢᠯ ᠤᠨ ᠵᠠᠷᠤᠳᠠᠯ ᠪᠣᠯᠭᠠᠨ᠎ᠠ︔ | ᠱᠠᠩᠨᠠᠯ ᠣᠯᠤᠭᠰᠠᠨ ᠬᠦᠷᠢᠶᠡᠯᠡᠩ ᠲᠣᠭᠤᠷᠢᠭ ᠨᠢ ᠳᠠᠷᠠᠭ᠎ᠠ ᠵᠢᠯ ᠤᠨ ᠲᠤᠰᠬᠠᠶ ᠪᠡᠯᠡ ᠮᠥᠩᠭᠦᠨ ᠤ ᠲᠥᠷᠥᠯ ᠵᠦᠢᠯ ᠢ | ᠭᠤᠶᠤᠴᠢᠯᠠᠨ ᠮᠡᠳᠡᠭᠦᠯᠪᠡᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠡᠯᠡ ᠣᠷᠣᠭᠤᠯᠤᠯᠲᠠ ᠶᠢᠨ | ᠨᠥᠬᠦᠪᠥᠷᠢ ᠶᠢᠨ ᠬᠠᠷᠢᠴᠠᠯ ᠢ ᠨᠢ 5 ᠵᠠᠭᠤᠨ ᠤ ᠴᠡᠭ ᠢᠶᠠᠷ ᠳᠡᠭᠡᠭᠰᠢᠯᠡᠭᠦᠯᠵᠦ᠂ ᠨᠥᠬᠦᠪᠥᠷᠢ ᠶᠢᠨ ᠪᠡᠯᠡ ᠮᠥᠩᠭᠦᠨ ᠤ | ᠳᠡᠭᠡᠳᠦ ᠬᠢᠵᠠᠭᠠᠷ ᠢ ᠨᠢ 3000 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃ | ᠶᠡᠷᠦᠩᠬᠡᠶ ᠦᠨᠡᠯᠡᠯᠲᠡ ᠶᠢᠨ ᠰᠡᠭᠦᠯᠴᠢ ᠶᠢᠨ 3 ᠨᠡᠷᠡᠰ ᠲᠤ ᠵᠢᠭᠰᠠᠭᠠᠭᠳᠠᠭᠰᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠨᠢ ᠳᠠᠷᠠᠭ᠎ᠠ ᠵᠢᠯ ᠲᠤᠰᠬᠠᠢ ᠪᠠᠯᠠ ᠮᠥᠩᠭᠦ ᠶᠢᠨ ᠲᠥᠷᠥᠯ ᠵᠦᠢᠯ ᠢ ᠭᠤᠶᠤᠴᠢᠯᠠᠨ | ᠮᠡᠳᠡᠭᠦᠯᠪᠡᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠯᠠ ᠣᠷᠣᠭᠤᠯᠤᠯᠲᠠ ᠶᠢᠨ ᠨᠥᠬᠦᠪᠥᠷᠢ ᠶᠢᠨ | ᠬᠠᠷᠢᠴᠠᠯ ᠢ ᠨᠢ 5 ᠵᠠᠭᠤᠨ ᠤ ᠴᠡᠭ ᠪᠠᠭᠤᠷᠠᠭᠤᠯᠤᠨ᠎ᠠ︔ ᠭᠤᠷᠪᠠᠨ ᠵᠢᠯ ᠳᠠᠷᠠᠭᠠᠯᠠᠵᠤ ᠲᠥᠷᠥᠯ ᠬᠤᠪᠢᠶᠠᠭᠰᠠᠨ | ᠪᠠᠷᠢᠮᠵᠢᠶ᠎ᠠ ᠳᠤ ᠥᠯᠥ ᠬᠦᠷᠦᠭᠰᠡᠨ ᠬᠦᠷᠢᠶᠡᠯᠡᠩ ᠲᠣᠭᠤᠷᠢᠭ ᠢ ᠲᠠᠰ ᠳᠠᠷᠠᠭᠠᠯᠠᠯ ᠶᠣᠰᠣᠭᠠᠷ ᠬᠦᠷᠢᠶᠡᠯᠡᠩ | ᠲᠣᠭᠤᠷᠢᠭ ᠤᠨ ᠲᠠᠰ ᠵᠡᠷᠭᠡ ᠶᠢ ᠨᠢ ᠪᠠᠭᠤᠷᠠᠭᠤᠯᠬᠤ ᠪᠤᠶᠤ ᠡᠮᠬᠢᠯᠡᠨ ᠨᠡᠶᠢᠯᠡᠭᠦᠯᠵᠦ ᠬᠦᠴᠦᠨ ᠥᠬᠡᠶ ᠪᠣᠯᠭᠠᠨ᠎ᠠ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ | ᠣᠷᠣᠨ ᠲᠤᠭ᠎ᠠ ᠶᠢᠨ ᠰᠠᠯᠠᠭ᠎ᠠ ᠮᠥᠴᠢᠷ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ | ᠬᠥᠭᠵᠢᠯᠲᠡ ᠶᠢᠨ ᠬᠢᠷᠢ ᠲᠦᠪᠰᠢᠨ ᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠳᠡᠰ ᠵᠡᠷᠭᠡ ᠳᠤ ᠬᠥᠳᠡᠯᠦᠩᠭᠦᠶ | ᠲᠣᠬᠢᠷᠠᠭᠤᠯᠤᠯᠲᠠ ᠬᠢᠨ᠎ᠡ᠃ | ᠳᠣᠯᠣᠳᠤᠭᠠᠷ ᠪᠦᠯᠦᠭ ᠦᠢᠯᠡᠴᠢᠯᠡᠭᠡᠨ ᠤ ᠪᠠᠲᠤᠯᠠᠭ᠎ᠠ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠳᠤ ᠤᠳᠤᠷᠢᠳᠤᠯᠭ᠎ᠠ ᠪᠠᠨ | ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠤᠨ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠴᠢᠬᠤᠯᠠ ᠶᠡᠭᠡ ᠠᠰᠠᠭᠤᠳᠠᠯ ᠤᠨ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠱᠠᠩᠨᠠᠵᠤ ᠵᠠᠯᠬᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠂ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠠᠭᠤᠷᠢ | ᠪᠡᠯᠡᠳᠬᠡᠮᠵᠢ ᠶᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠬᠥᠭᠵᠢᠯᠲᠡ ᠶᠢ ᠳᠡᠮᠵᠢᠵᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ | ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠭᠡᠢ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ᠂ ᠠᠵᠢᠯᠴᠢᠨ ᠬᠡᠷᠡᠭᠯᠡᠬᠦ᠂ | ᠪᠡᠯᠡ ᠮᠥᠩᠭᠦ᠂ ᠮᠡᠷᠭᠡᠵᠢᠯ᠂ ᠳ᠋ᠠᠶᠢᠲ᠋ᠠ ᠵᠡᠷᠭᠡ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠰᠠᠶᠢᠨ ᠰᠠᠶᠢᠬᠠᠨ | ᠨᠥᠬᠦᠴᠡᠯ ᠢ ᠡᠭᠦᠳᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠱᠠᠲᠤᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︔ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠬᠤᠳᠠᠯᠳᠤᠭᠠᠨ ᠤ ᠶᠠᠪᠤᠳᠠᠯ᠂ ᠪᠣᠭᠤᠮᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠵᠢᠭᠠᠨ ᠵᠢᠯᠣᠭᠤᠳᠬᠤ᠂ ᠦᠢᠯᠡᠴᠢᠯᠡᠬᠦ᠂ ᠵᠣᠬᠢᠴᠠᠭᠤᠯᠬᠤ ᠪᠠ | ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠨᠢ ᠠᠬᠢᠭᠤᠯᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠮᠢ | ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠠᠬᠢ ᠠᠶᠤᠯ ᠦᠭᠡᠶ ᠦᠢᠯᠡᠳᠪᠦᠷᠢᠯᠡᠯ᠂ ᠣᠷᠴᠢᠨ | ᠲᠣᠭᠤᠷᠢᠨ ᠤ ᠬᠠᠮᠠᠭᠠᠯᠠᠯᠲᠠ᠂ ᠪᠠᠷᠢᠯᠭ᠎ᠠ ᠶᠢᠨ ᠠᠵᠢᠯ ᠵᠡᠷᠭᠡ ᠶᠢ ᠭᠤᠣᠯᠳᠠᠯᠭ᠎ᠠ ᠪᠣᠯᠭᠠᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠤᠯᠢ ᠶᠣᠰᠣᠭᠠᠷ ᠵᠢᠭᠠᠨ ᠵᠢᠯᠣᠭᠤᠳᠬᠤ ᠪᠠ | ᠰᠢᠮᠳᠠᠭᠤᠯᠵᠤ ᠪᠠᠶᠢᠭᠠᠳ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠦᠨᠡᠨ ᠬᠦ ᠡᠭᠦᠷᠭᠡᠯᠡᠭᠦᠯᠬᠦ ᠬᠡᠷᠡᠭᠲᠡᠶ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠵᠡᠷᠭᠡ ᠰᠠᠯᠠᠭ᠎ᠠ | ᠮᠥᠴᠢᠷ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯ ᠮᠡᠷᠭᠡᠵᠢᠯ ᠤᠨ | ᠤᠷ᠎ᠠ ᠮᠡᠷᠭᠡᠰᠢᠯ ᠢ ᠳᠡᠭᠡᠭᠰᠢᠯᠡᠭᠦᠯᠬᠦ᠂ ᠠᠵᠢᠯᠴᠢᠨ ᠬᠡᠷᠡᠭᠯᠡᠬᠦ ᠪᠠᠷ ᠤᠷᠢᠵᠤ ᠡᠯᠰᠡᠬᠦ ᠵᠡᠷᠭᠡ ᠠᠵᠢᠯ ᠢ ᠭᠤᠤᠯᠳᠠᠯᠭ᠎ᠠ | ᠪᠣᠯᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠠᠵᠢᠯ ᠢᠶᠠᠨ ᠥᠷᠨᠢᠭᠦᠯᠬᠦ ᠶᠢ ᠨᠢ ᠵᠢᠭᠠᠨ ᠵᠢᠯᠣᠭᠤᠳᠬᠤ ᠪᠠ ᠰᠢᠮᠳᠠᠭᠤᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠣᠷᠣᠨ ᠪᠦᠰᠡ ᠶᠢᠨ | ᠦᠨᠡᠯᠡᠨ ᠵᠢᠱᠢᠯᠲᠡ ᠬᠢᠬᠦ ᠶᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ | ᠠᠷᠭ᠎ᠠ ᠬᠡᠮᠵᠢᠶ᠎ᠡ ᠪᠣᠯᠭᠠᠵᠤ᠂ ᠬᠦᠷᠢᠶᠡᠯᠡᠩ ᠲᠣᠭᠤᠷᠢᠭ ᠲᠠᠬᠢ ᠣᠯᠠᠨ ᠨᠡᠶᠢᠲᠡ ᠳᠤ ᠬᠠᠷᠢᠶᠠᠯᠠᠭᠳᠠᠬᠤ ᠴᠢᠨᠠᠷᠲᠠᠢ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠡᠨᠧᠷᠭᠢ ᠠᠷᠪᠢᠯᠠᠬᠤ ᠶᠢ ᠦᠨᠡᠯᠡᠬᠦ᠂ ᠭᠠᠵᠠᠷ ᠬᠥᠳᠡᠯᠦᠯᠲᠡ ᠳᠠᠬᠢ | ᠠᠮᠤᠷ ᠲᠦᠪᠰᠢᠨ ᠴᠢᠨᠠᠷ ᠢ ᠦᠨᠡᠯᠡᠬᠦ᠂ ᠭᠠᠵᠠᠷ ᠬᠦᠷᠦᠰᠦᠨ ᠤ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ | ᠵᠢᠱᠢᠬᠦ᠂ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠷᠤᠵᠤ ᠪᠦᠷᠬᠦᠭᠰᠡᠨ ᠢ ᠦᠨᠡᠯᠡᠨ ᠵᠢᠱᠢᠬᠦ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠦᠨᠡᠯᠡᠨ ᠵᠢᠱᠢᠬᠦ᠂ ᠤᠰᠤᠨ ᠤ ᠡᠬᠢ ᠰᠤᠷᠪᠤᠯᠵᠢ ᠶᠢ | ᠨᠤᠲᠠᠯᠠᠬᠤ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠲᠥᠰᠦᠯ ᠢ ᠨᠤᠲᠠᠯᠠᠬᠤ᠂ ᠦᠶᠡᠷ ᠤᠨ ᠨᠥᠯᠥᠭᠡ ᠶᠢ | ᠦᠨᠡᠯᠡᠬᠦ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ ᠵᠡᠷᠭᠡ ᠲᠤᠰᠬᠠᠶ ᠵᠦᠢᠯ ᠤᠨ ᠦᠨᠡᠯᠡᠨ | ᠵᠢᠱᠢᠯᠲᠡ ᠶᠢ ᠬᠢᠬᠦ ᠬᠡᠷᠡᠭᠲᠡᠶ᠃ ᠡᠯ᠎ᠡ ᠠᠶᠢᠮᠠᠭ ᠬᠤᠲᠠ ᠨᠢ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ | ᠪᠦᠲᠦᠭᠡᠯ ᠢ ᠴᠠᠭ ᠲᠤᠬᠠᠶ ᠳᠤ ᠨᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ ᠣᠷᠣᠨ ᠪᠦᠰᠡ ᠳᠠᠬᠢ ᠲᠥᠷᠥᠯ | ᠵᠦᠢᠯ ᠢ ᠬᠠᠮᠲᠤ ᠳᠤ ᠪᠠᠨ ᠬᠦᠷᠲᠡᠬᠦ᠂ ᠰᠦᠢᠳᠬᠡᠯ ᠬᠤᠷᠢᠶᠠᠬᠤ ᠦᠭᠡᠢ ᠬᠡᠷᠡᠭᠯᠡᠭᠦᠯᠬᠦ ᠪᠠᠷ ᠬᠠᠩᠭᠠᠬᠤ ᠶᠢᠨ ᠬᠠᠮᠲᠤ᠂ | ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠡᠯ᠎ᠡ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠨᠢ ᠬᠠᠷᠢᠯᠴᠠᠨ ᠮᠡᠳᠡᠷᠡᠬᠦ ᠬᠡᠷᠡᠭᠲᠡᠶ᠃ ᠨᠢᠭᠡᠨᠲᠡ ᠣᠷᠣᠨ ᠪᠦᠰᠡ ᠶᠢᠨ ᠦᠨᠡᠯᠡᠨ ᠵᠢᠱᠢᠯᠲᠡ ᠬᠢᠭᠰᠡᠨ | ᠵᠦᠢᠯᠡᠰ ᠲᠤ᠂ ᠲᠣᠰ ᠣᠷᠣᠨ ᠪᠦᠰᠡ ᠶᠢᠨ ᠬᠡᠪᠴᠢᠶᠡᠨ ᠳᠠᠬᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠲᠤᠰᠠᠭᠠᠷ ᠨᠢ ᠳᠠᠭᠢᠵᠤ ᠦᠨᠡᠯᠡᠨ ᠵᠢᠱᠢᠯᠲᠡ ᠬᠢᠬᠦ ᠥᠬᠡᠶ᠂ ᠬᠦᠨᠳᠦ | ᠴᠢᠬᠤᠯᠠ ᠣᠨᠴᠠ ᠶᠡᠭᠡ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠤᠶᠤ ᠪᠤᠰᠤᠳ ᠣᠨᠴᠠᠭᠠᠢ | ᠲᠥᠷᠥᠯ ᠵᠦᠢᠯ ᠳᠤ ᠲᠤᠰᠠᠭᠠᠷ ᠨᠢ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠪᠠᠯ᠂ ᠡᠯ᠎ᠡ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠥᠷᠨᠢᠭᠦᠯᠬᠦ ᠴᠢᠬᠤᠯᠠᠲᠠᠶ ᠦᠨᠡᠯᠡᠨ ᠵᠢᠱᠢᠵᠦ ᠦᠨᠡᠯᠡᠬᠦ ᠵᠦᠢᠯᠡᠰ ᠢᠶᠠᠨ ᠳᠤᠷᠠᠳᠴᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ | ᠳᠠᠷᠠᠭ᠎ᠠ ᠲᠤᠰᠠᠭᠠᠷ ᠨᠢ ᠦᠨᠡᠯᠡᠨ ᠵᠢᠱᠢᠯᠲᠡ ᠬᠢᠵᠦ ᠪᠣᠯᠤᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰᠬᠠᠢ ᠪᠡᠯᠡ ᠮᠥᠩᠭᠦ ᠲᠤᠬᠢᠷᠠᠭᠤᠯᠵᠤ ᠪᠠᠶᠢᠭᠠᠳ | ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠥᠷᠨᠢᠭᠦᠯᠬᠦ ᠶᠢ ᠳᠡᠮᠵᠢᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ | ᠰᠢᠯᠢᠳᠡᠭᠵᠢᠭᠦᠯᠦᠨ᠂ ᠨᠡᠶᠢᠯᠡᠭᠦᠯᠵᠦ ᠬᠤᠯᠪᠣᠭᠠᠯᠠᠨ ᠬᠢᠨᠠᠵᠤ ᠵᠥᠪᠰᠢᠶᠡᠷᠡᠬᠦ᠂ ᠰᠦᠯᠵᠢᠶ᠎ᠡ ᠪᠠᠷ ᠭᠦᠢᠴᠡᠳᠬᠡᠬᠦ ᠵᠡᠷᠭᠡ | ᠵᠠᠭᠪᠤᠷ ᠲᠤ ᠰᠢᠨ᠎ᠡ ᠡᠭᠦᠳᠦᠯᠲᠡ ᠬᠢᠬᠦ ᠶᠢ ᠢᠳᠡᠪᠬᠢᠲᠡᠶ ᠠᠬᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠶ᠃ ᠨᠢᠭᠡ ᠴᠣᠩᠬᠤᠪᠴᠢ ᠪᠠᠷ ᠭᠥᠯᠢᠶᠡᠨ ᠠᠪᠬᠤ᠂ ᠲᠥᠪᠯᠡᠷᠡᠭᠦᠯᠦᠨ ᠭᠦᠢᠴᠡᠳᠬᠡᠬᠦ᠂ ᠴᠠᠭ | ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠶᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠲᠤ ᠣᠷᠣᠭᠰᠠᠨ ᠠᠵᠤ | ᠠᠬᠤᠶᠢᠯᠠᠯ᠂ ᠪᠠᠯᠠ ᠣᠷᠣᠭᠤᠯᠵᠤ ᠦᠢᠯᠡᠰ ᠪᠣᠰᠬᠠᠭᠰᠠᠳ ᠲᠤ ᠴᠢᠨᠠᠷ ᠰᠠᠶᠢᠲᠠᠶ᠂ ᠳᠥᠭᠦᠮ ᠳᠥᠲᠡ ᠦᠢᠯᠡᠴᠢᠯᠡᠭᠡ | ᠬᠠᠩᠭᠠᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠵᠣᠷᠢᠭᠵᠢᠭᠤᠯᠵᠤ ᠪᠠᠶᠢᠭᠠᠳ ᠬᠢᠨᠠᠨ | ᠵᠥᠪᠰᠢᠶᠡᠷᠡᠬᠦ ᠵᠦᠢᠯᠡᠰ ᠨᠢ ᠳᠤᠲᠠᠭᠳᠠᠵᠤ ᠪᠠᠶᠢᠭᠰᠠᠨ ᠴᠦ ᠤᠷᠢᠳ ᠢᠶᠠᠷ ᠬᠦᠯᠢᠶᠡᠨ ᠠᠪᠴᠤ ᠭᠦᠢᠴᠡᠳᠭᠡᠬᠦ | ᠲᠠᠯ᠎ᠠ ᠶᠢᠨ ᠠᠵᠢᠯ ᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠬᠥᠲᠥᠯᠦᠨ ᠳᠠᠭᠠᠭᠤᠯᠵᠤ ᠵᠢᠱᠢᠶ᠎ᠡ | ᠦᠵᠡᠭᠦᠯᠬᠦ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠦᠷᠢᠶᠡᠯᠡᠩ | ᠲᠣᠭᠤᠷᠢᠭ ᠤᠨ ᠬᠤᠯᠪᠣᠭᠳᠠᠯ ᠪᠥᠬᠦᠶ ᠬᠢᠨᠠᠨ ᠵᠥᠪᠰᠢᠶᠡᠷᠡᠬᠦ ᠵᠦᠢᠯᠡᠰ ᠲᠤ ᠳᠤᠲᠠᠭᠳᠠᠵᠤ ᠪᠠᠶᠢᠭ᠎ᠠ ᠶᠢ ᠨᠢ | ᠤᠷᠢᠳ ᠢᠶᠠᠷ ᠪᠠᠭᠲᠠᠭᠠᠵᠤ ᠬᠦᠯᠢᠶᠡᠨ ᠠᠪᠴᠤ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠴᠢᠳᠠᠪᠤᠷᠢᠲᠠᠨ ᠢ ᠬᠥᠮᠦᠵᠢᠭᠦᠯᠬᠦ ᠪᠠ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠡᠷᠡᠭᠯᠡᠬᠦ ᠪᠣᠳᠠᠲᠠᠶ ᠲᠦᠷᠦ ᠶᠢᠨ ᠪᠤᠳᠤᠯᠭ᠎ᠠ ᠶᠢ ᠲᠣᠭᠲᠠᠭᠠᠵᠤ᠂ | ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ ᠵᠠᠭᠪᠤᠷ ᠲᠤ ᠰᠢᠨ᠎ᠡ ᠶᠢ ᠡᠭᠦᠳᠦᠨ᠂ ᠳᠡᠭᠡᠳᠦ ᠲᠡᠰ ᠤᠨ | ᠴᠢᠳᠠᠪᠤᠷᠢᠲᠠᠨ ᠢ ᠬᠤᠷᠠᠭᠤᠯᠬᠤ ᠶᠢ ᠨᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ | ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠳᠤ ᠰᠤᠳᠤᠯᠤᠨ ᠨᠡᠭᠡᠭᠡᠬᠦ ᠠᠵᠢᠯ ᠬᠢᠵᠦ ᠪᠠᠶᠢᠭ᠎ᠠ ᠳᠡᠭᠡᠳᠦ | ᠵᠡᠷᠭᠡ ᠶᠢᠨ ᠴᠢᠳᠠᠪᠤᠷᠢᠲᠠᠨ ᠳᠤ ᠬᠢᠮᠳᠠ ᠣᠷᠣᠨ ᠰᠠᠭᠤᠴᠠ ᠶᠢᠨ ᠪᠠᠲᠤᠯᠠᠭ᠎ᠠ᠂ ᠭᠡᠷ ᠪᠦᠯᠢ ᠶᠢᠨ ᠬᠢᠨ ᠤ | ᠰᠤᠷᠭᠠᠭᠤᠯᠢ ᠳᠤ ᠣᠷᠣᠬᠤ ︵ᠠᠵᠢᠯ ᠣᠯᠬᠤ︶ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ | ᠬᠠᠷᠠᠭᠠᠯᠵᠠᠯ ᠦᠵᠡᠭᠦᠯᠬᠦ ᠶᠢᠨ ᠬᠠᠮᠲᠤ᠂ ᠡᠷᠦᠬᠡ ᠠᠮᠠ ᠪᠠᠨ ᠰᠢᠯᠵᠢᠭᠦᠯᠬᠦ᠂ ᠮᠡᠷᠭᠡᠵᠢᠯ ᠤᠨ ᠴᠣᠯᠠ ᠰᠢᠯᠭᠠᠷᠠᠭᠤᠯᠤᠨ | ᠲᠣᠭᠲᠠᠭᠠᠬᠤ ᠵᠡᠷᠭᠡ ᠲᠠᠯ᠎ᠠ ᠳᠤ ᠬᠠᠪᠰᠤᠷᠤᠯᠭ᠎ᠠ ᠦᠵᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠶᠠᠮᠠᠷᠪᠠ ᠲᠥᠷᠥ ᠶᠢᠨ ᠪᠠᠶᠢᠭᠤᠯᠭ᠎ᠠ ᠵᠢᠴᠢ ᠲᠡᠳᠡᠭᠡᠷ ᠤᠨ ᠠᠵᠢᠯᠲᠠᠳ ᠡᠷᠬᠡ | ᠲᠤᠰᠢᠶᠠᠯ ᠢᠶᠠᠨ ᠳᠤᠷ᠎ᠠ ᠪᠠᠷ ᠬᠡᠷᠡᠭᠯᠡᠵᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠡᠪ ᠤᠨ ᠶᠣᠰᠣᠭᠠᠷ ᠬᠡᠷᠡᠭᠵᠢᠭᠦᠯᠬᠦ ᠶᠢ ᠬᠠᠷᠰᠢᠯᠠᠵᠤ | ᠪᠣᠯᠬᠤ ᠦᠭᠡᠶ᠃ ᠶᠠᠮᠠᠷᠪᠠ ᠨᠢᠭᠡᠴᠢ ᠭᠡᠳ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠴᠠ ᠪᠤᠰᠤᠳ ᠰᠦᠢᠳᠬᠡᠯ ᠬᠤᠷᠢᠶᠠᠬᠤ ᠲᠥᠷᠥᠯ ᠵᠦᠢᠯ ᠢ | ᠭᠠᠷᠭᠠᠵᠤ ᠪᠣᠯᠬᠤ ᠥᠬᠡᠶ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ | ᠠᠯᠪᠠᠳᠠᠵᠤ ᠪᠠᠶᠢᠭᠠᠳ ᠰᠦᠢᠳᠬᠡᠯ ᠭᠠᠷᠭᠠᠭᠤᠯᠵᠤ ᠡᠯ᠎ᠡ ᠲᠥᠷᠥᠯ ᠤᠨ ᠬᠤᠷᠠᠯ᠂ ᠪᠣᠯᠪᠠᠰᠤᠷᠠᠯ᠂ ᠦᠵᠡᠰᠬᠦᠯᠡᠩ᠂ | ᠠᠳᠠᠯᠢᠳᠬᠠᠨ ᠰᠢᠯᠭᠠᠷᠠᠭᠤᠯᠵᠤ ᠰᠠᠶᠢᠰᠢᠶᠠᠨ ᠬᠥᠬᠢᠭᠦᠯᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ ᠪᠣᠯᠬᠤ ᠥᠬᠡᠶ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠢ ᠠᠯᠪᠠᠳᠠᠵᠤ ᠪᠠᠶᠢᠭᠠᠳ ᠵᠣᠭᠤᠰ ᠢᠶᠠᠷ | ᠲᠤᠰᠠᠯᠠᠬᠤ᠂ ᠪᠡᠯᠡᠭᠯᠡᠵᠦ ᠬᠠᠨᠳᠢᠪᠯᠠᠬᠤ᠂ ᠵᠢᠭᠠᠨ ᠲᠣᠭᠲᠠᠭᠠᠭᠰᠠᠨ ᠦᠢᠯᠡᠴᠢᠯᠡᠭᠡᠨ ᠢ ᠭᠥᠯᠢᠶᠡᠨ ᠠᠪᠤᠭᠤᠯᠵᠤ ᠪᠣᠯᠬᠤ | ᠥᠬᠡᠶ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠵᠦ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠪᠠ ᠪᠡᠯᠡ ᠣᠷᠣᠭᠤᠯᠤᠭᠴᠢᠳ ᠤᠨ | ᠲᠤᠰᠬᠠᠭᠰᠠᠨ ᠬᠦᠰᠡᠯ ᠱᠠᠭᠠᠷᠳᠠᠯᠭ᠎ᠠ ᠵᠢᠴᠢ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠡᠯ᠎ᠡ | ᠲᠥᠷᠥᠯ ᠤᠨ ᠦᠢᠯᠡ ᠠᠵᠢᠯᠯᠠᠭ᠎ᠠ ᠶᠢ ᠵᠠᠭᠠᠯᠳᠤᠭᠰᠠᠨ ᠪᠠ ᠢᠯᠡᠴᠢᠯᠡᠵᠦ ᠮᠡᠳᠡᠭᠦᠯᠦᠭᠰᠡᠨ ᠢ ᠨᠢ ᠬᠦᠯᠢᠶᠡᠨ ᠠᠪᠬᠤ ᠶᠢᠨ | ᠬᠠᠮᠲᠤ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠯ ᠲᠦᠷᠢᠮ | ᠭᠤᠴᠢᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ | ᠃ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2021 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠳᠠᠷᠤᠮᠠᠯᠯᠠᠨ ᠲᠠᠷᠬᠠᠭᠠᠪᠠ |