ᠰᠦᠩᠱᠠᠨ ᠲᠣᠭᠤᠷᠢᠭ ᠤᠨ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠰᠠᠶᠢᠵᠢᠷᠠᠪᠠ
ᠨᠡᠶᠢᠲᠡᠯᠡᠭᠰᠡᠨ ᠴᠠᠭ᠄
2022/7/25
      ᠲᠦᠷᠦᠭᠦᠤ ᠬᠠᠭᠠᠰ ᠵᠢᠯ ᠳᠤ᠂ ᠤᠯᠠᠭᠠᠨᠬᠠᠳᠠ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠰᠦᠩᠱᠠᠨ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 141.8 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠵᠢᠭᠰᠠᠭᠠᠭᠳᠠᠵᠠᠶ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 12.3 ᠳ᠋ᠦᠩᠰᠢᠭᠤᠷ ᠲᠥᠭᠦᠷᠢᠭ ᠬᠦᠷᠴᠦ᠂ 7.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 38 ᠳ᠋ᠦᠩᠰᠢᠭᠤᠷ ᠲᠥᠭᠦᠷᠢᠭ ᠬᠦᠷᠴᠦ᠂ -3.7% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 91.5 ᠳ᠋ᠦᠩᠰᠢᠭᠤᠷ ᠲᠥᠭᠦᠷᠢᠭ ᠲᠤ ᠬᠦᠷᠴᠦ᠂ 1.3% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ ᠨᠢ᠄ 8.7᠄ 26.8᠄ 64.5 ᠪᠣᠯᠤᠨ᠎ᠠ᠃ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠰᠠᠶᠢᠵᠢᠷᠠᠵᠤ᠂ ᠵᠢᠱᠢᠯᠲᠡ ᠨᠢ ᠵᠦᠢ ᠵᠣᠬᠢᠰᠲᠠᠶ ᠪᠣᠯᠪᠠ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号