︽ᠬᠥᠳᠡᠯᠮᠦᠷᠢ ᠳᠤ ᠬᠦᠨᠳᠦᠳᠬᠡᠯ ᠳᠡᠪᠰᠢᠭᠦᠯᠵᠦ᠂ ᠵᠢᠯᠣᠭᠤᠴᠢ ᠲᠠᠢ ᠰᠡᠳᠬᠢᠯᠭᠡ ᠪᠠᠨ ᠬᠤᠯᠪᠣᠨ᠎ᠠ︾ ᠤᠨᠴᠠᠭᠠᠢ ᠠᠵᠢᠯᠯᠠᠭ᠎ᠠ ᠰᠦᠩᠱᠠᠨ ᠲᠤᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2022/7/27
      7 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠮᠠᠲ᠋ᠧᠷᠢᠶᠠᠯ ᠤᠨ ᠵᠠᠮ ᠬᠠᠷᠢᠯᠴᠠᠭᠠᠨ ᠤ ᠮᠠᠰᠢᠨ ᠬᠠᠶᠢᠯᠤᠭᠤᠯᠬᠤ ᠠᠵᠢᠯᠴᠢᠨ ᠤ ᠡᠪᠯᠡᠯ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠤᠯᠠᠭᠠᠨᠬᠠᠳᠠ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠪᠣᠯᠤᠨ ᠰᠦᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠬᠠᠮᠲᠤᠷᠠᠨ ᠡᠷᠭᠢᠯᠡᠭᠰᠡᠨ ︽ᠬᠥᠳᠡᠯᠮᠦᠷᠢ ᠳᠤ ᠬᠦᠨᠳᠦᠳᠬᠡᠯ ᠳᠡᠪᠰᠢᠭᠦᠯᠵᠦ᠂ ᠵᠢᠯᠣᠭᠤᠴᠢ ᠲᠠᠢ ᠰᠡᠳᠬᠢᠯᠭᠡ ᠪᠠᠨ ᠬᠤᠯᠪᠣᠨ᠎ᠠ︾ ᠡᠷᠡᠭᠦᠯ ᠮᠡᠨᠳᠦ ᠬᠠᠤᠯᠢ ᠴᠠᠭᠠᠵᠠ ᠶᠢᠨ ᠪᠠᠷᠠᠭᠠᠨ ᠤ ᠲᠡᠷᠭᠡ ᠶᠢᠨ ᠵᠢᠯᠣᠭᠤᠴᠢ ᠶᠢ ᠲᠥᠪᠯᠡᠷᠡᠭᠦᠯᠦᠨ ᠡᠪᠯᠡᠯ ᠳᠤ ᠣᠷᠣᠭᠤᠯᠵᠤ ᠲᠣᠬᠤᠨᠢᠭᠤᠯᠬᠤ ᠠᠵᠢᠯᠯᠠᠭ᠎ᠠ ᠰᠦᠩᠱᠠᠨ ᠲᠣᠭᠤᠷᠢᠭ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠦ᠋ ᠶᠠᠨ ᠫᠢᠩ᠂ ᠰᠦᠩᠱᠠᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠦᠨ ᠵᠧᠨ ᠬᠠᠢ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠠᠢ᠃      ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠨ ᠪᠠᠷᠠᠭᠠᠨ ᠤ ᠲᠡᠷᠭᠡ ᠶᠢᠨ 200 ᠵᠢᠯᠣᠭᠤᠴᠢ ᠬᠥᠨᠵᠢᠯᠡ᠂  ᠬᠠᠯᠠᠭᠤᠨ ᠢ ᠬᠠᠮᠠᠭᠠᠯᠠᠬᠤ ᠴᠣᠮᠣ ᠵᠡᠷᠭᠡ ᠲᠣᠬᠤᠨᠢᠭᠤᠯᠬᠤ ᠪᠣᠳᠠᠰ ᠬᠦᠷᠳᠡᠪᠡ᠃ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠪᠠᠰᠠ ᠪᠠᠷᠠᠭᠠᠨ ᠤ ᠲᠡᠷᠭᠡ ᠶᠢᠨ ᠵᠢᠯᠣᠭᠤᠴᠢ ᠨᠠᠷ ᠲᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠵᠡᠷᠭᠡ ᠦᠢᠯᠡᠴᠢᠯᠡᠭᠡ ᠥᠷᠨᠢᠭᠦᠯᠪᠡ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号