ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄ | 1.ᠲᠡᠷᠭᠡ ᠬᠥᠰᠬᠡ ᠨᠢ ᠰᠤᠷᠭᠠᠭᠤᠯᠢ ᠶᠢᠨ ᠲᠡᠷᠭᠡ ᠶᠢᠨ ᠤᠯᠤᠰ ᠤᠨ ᠠᠮᠤᠷ ᠲᠦᠪᠰᠢᠨ ᠤ ᠪᠠᠷᠢᠮᠵᠢᠶ᠎ᠠ ᠳᠤ | ᠨᠡᠶᠢᠴᠡᠵᠦ᠂ ᠮᠠᠰᠢᠨ ᠲᠡᠷᠭᠡ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠶᠢ ᠣᠯᠤᠭᠰᠠᠨ ᠪᠥᠭᠡᠳ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠨᠢᠭᠡᠨᠲᠡ ᠳᠠᠩᠰᠠᠯᠠᠭᠤᠯᠤᠨ ᠪᠦᠷᠢᠳᠬᠡᠭᠦᠯᠦᠭᠰᠡᠨ ᠪᠠᠶᠢᠬᠤ ᠬᠡᠷᠡᠭᠲᠡᠶ︔ | 2.ᠰᠤᠷᠭᠠᠭᠤᠯᠢ ᠶᠢᠨ ᠲᠡᠷᠭᠡ ᠵᠢᠯᠣᠭᠤᠳᠬᠤ ᠬᠢᠷᠢ ᠬᠡᠮ ᠣᠯᠤᠭᠰᠠᠨ ᠵᠢᠯᠣᠭᠤᠴᠢ ᠲᠠᠢ ᠪᠠᠶᠢᠬᠤ ᠬᠡᠷᠡᠭᠲᠡᠢ︔ | 3.ᠶᠠᠪᠤᠬᠤ ᠵᠠᠮ ᠱᠤᠭᠤᠮ᠂ ᠶᠠᠪᠤᠬᠤ ᠴᠠᠭ ᠪᠠ ᠵᠣᠭᠰᠣᠬᠤ ᠥᠷᠲᠡᠭᠡ ᠶᠢ ᠪᠠᠭᠲᠠᠭᠠᠭᠰᠠᠨ ᠵᠦᠶ ᠵᠣᠬᠢᠰᠲᠠᠶ | ᠪᠥᠭᠡᠳ ᠪᠣᠯᠤᠮᠵᠢᠲᠠᠶ ᠰᠤᠷᠭᠠᠭᠤᠯᠢ ᠶᠢᠨ ᠲᠡᠷᠭᠡ ᠶᠢᠨ ᠠᠵᠢᠯᠯᠠᠭᠠᠨ ᠤ ᠲᠥᠰᠦᠯ ᠲᠠᠢ ᠪᠠᠶᠢᠬᠤ ᠬᠡᠷᠡᠭᠲᠡᠢ︔ | 4.ᠪᠦᠷᠢᠨ ᠲᠡᠭᠦᠯᠳᠡᠷ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠠᠢ ᠪᠠᠶᠢᠬᠤ ᠬᠡᠷᠡᠭᠲᠡᠢ︔ | 5.ᠮᠠᠰᠢᠨ ᠲᠡᠷᠭᠡᠨ ᠤ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠨᠢᠭᠡᠨᠲᠡ | ᠣᠷᠤᠭᠰᠠᠨ ᠪᠠᠶᠢᠬᠤ ᠬᠡᠷᠡᠭᠲᠡᠢ᠃ | ᠲᠣᠭᠳᠠᠭᠠᠭᠰᠠᠨ ᠦᠨᠳᠦᠰᠦᠯᠡᠯ᠄ | ︽ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︵2012 ᠣᠨ ᠤ | 4 ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 617 ᠳ᠋ᠤᠭᠠᠷ ᠲᠣᠭᠠᠲᠤ︶ ᠤᠨ | ᠠᠷᠪᠠᠨ ᠲᠠᠪᠤᠳᠤᠭᠠᠷ ᠵᠤᠷᠪᠤᠰ᠄ ᠰᠤᠷᠭᠠᠭᠤᠯᠢ ᠪᠤᠶᠤ ᠰᠤᠷᠭᠠᠭᠤᠯᠢ ᠶᠢᠨ ᠲᠡᠷᠭᠡ ᠶᠢᠨ ᠦᠢᠯᠡᠴᠢᠯᠡᠭᠡ ᠬᠠᠩᠭᠠᠭᠴᠢ | ᠰᠤᠷᠭᠠᠭᠤᠯᠢ ᠶᠢᠨ ᠲᠡᠷᠭᠡ ᠬᠡᠷᠡᠭᠯᠡᠬᠦ ᠵᠥᠪᠰᠢᠶᠡᠷᠡᠯ ᠢ ᠭᠤᠶᠤᠴᠢᠯᠠᠨ ᠤᠯᠬᠤ ᠳᠤ᠂ ᠰᠢᠶᠠᠨ ᠤ ᠱᠠᠲᠤᠨ ᠤ ᠪᠤᠶᠤ | ᠲᠣᠭᠤᠷᠢᠭ ᠪᠦᠬᠦᠢ ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠪᠢᠴᠢᠭ ᠤᠨ ᠭᠤᠶᠤᠴᠢᠯᠠᠯ ᠪᠣᠯᠤᠨ ᠲᠤᠰ ᠳᠦᠷᠢᠮ ᠤᠨ ᠠᠷᠪᠠᠨ ᠳᠥᠷᠪᠡᠳᠦᠭᠡᠷ | ᠵᠤᠷᠪᠤᠰ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠶᠢ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ | ᠡᠳᠦᠷ ᠠᠴᠠ ᠡᠬᠢᠯᠡᠨ 3 ᠠᠵᠢᠯ ᠤᠨ ᠡᠳᠦᠷ ᠤᠨ ᠳᠣᠲᠣᠷ᠎ᠠ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠮ ᠲᠡᠭᠡᠭᠡᠪᠦᠷᠢ ᠶᠢᠨ ᠰᠠᠯᠠᠭ᠎ᠠ | ᠮᠥᠴᠢᠷ ᠲᠤ ᠲᠤᠰᠪᠤᠷᠢ ᠬᠦᠷᠭᠡᠵᠦ ᠰᠠᠨᠠᠯ ᠬᠤᠷᠢᠶᠠᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ 3 ᠠᠵᠢᠯ ᠤᠨ | ᠡᠳᠦᠷ ᠤᠨ ᠳᠣᠲᠣᠷ᠎ᠠ ᠰᠠᠨᠠᠯ ᠢᠶᠠᠨ ᠬᠠᠷᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠬᠠᠷᠢᠭᠤ ᠥᠭᠬᠦ ᠰᠠᠨᠠᠯ ᠢ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠬᠢᠨᠠᠨ | ᠪᠠᠶᠢᠴᠠᠭᠠᠭᠰᠠᠨ ᠰᠠᠨᠠᠯ ᠢᠶᠠᠨ ᠳᠤᠷᠠᠳᠴᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ | ᠬᠡᠷᠡᠭᠲᠡᠶ᠃ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠬᠦ ᠪᠠᠷ ᠲᠣᠭᠲᠠᠭᠠᠭᠰᠠᠨ ᠪᠠᠶᠢᠪᠠᠯ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠰᠤᠷᠭᠠᠭᠤᠯᠢ ᠶᠢᠨ ᠲᠡᠷᠭᠡ ᠶᠢᠨ ᠳᠡᠮᠳᠡᠭ ᠫᠠᠶᠢᠰᠠ ᠣᠯᠭᠤᠬᠤ ᠶᠢᠨ ᠬᠠᠮᠲᠤ ᠮᠠᠰᠢᠨ ᠲᠡᠷᠭᠡᠨ ᠤ ᠵᠠᠮᠨᠠᠬᠤ | ᠦᠨᠡᠮᠯᠡᠯ ᠳᠡᠭᠡᠷ᠎ᠡ ᠰᠤᠷᠭᠠᠭᠤᠯᠢ ᠶᠢᠨ ᠲᠡᠷᠭᠡ ᠶᠢᠨ ᠲᠦᠷᠦᠯ ᠵᠦᠢᠯ ᠪᠣᠯᠤᠨ ᠬᠢᠨᠠᠨ ᠠᠴᠢᠶᠠᠯᠠᠭᠰᠠᠨ ᠬᠥᠮᠦᠨ ᠤ | ᠲᠤᠭ᠎ᠠ ᠶᠢ ᠴᠣᠬᠤᠬᠤ ᠬᠡᠷᠡᠭᠲᠡᠶ᠃ ᠵᠥᠪᠰᠢᠶᠡᠷᠡᠭᠰᠡᠨ ᠦᠭᠡᠢ ᠪᠠᠶᠢᠪᠠᠯ᠂ ᠤᠴᠢᠷ ᠰᠢᠯᠲᠠᠭᠠᠨ ᠢᠶᠠᠨ ᠪᠢᠴᠢᠭ ᠢᠶᠠᠷ | ᠲᠣᠳᠣᠷᠬᠠᠶᠢᠯᠠᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | ᠭᠦᠢᠴᠡᠳᠭᠡᠬᠦ ᠭᠠᠵᠠᠷ᠄ | ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ | ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 2008 ᠳ᠋ᠤᠭᠠᠷ ᠰᠤᠷᠭᠠᠨ | ᠬᠥᠮᠦᠵᠢᠯ ᠤᠨ ᠲᠣᠪᠴᠢᠶ᠎ᠠ ᠶᠢᠨ ᠴᠣᠩᠬᠤᠷᠤᠭ | ᠭᠦᠢᠴᠡᠳᠭᠡᠬᠦ ᠴᠠᠭ᠄ | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ | ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ | ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ | 37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 | ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ | ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 ᠳ᠋ᠤᠭᠠᠷ ᠵᠠᠮ ᠤᠨ | ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃ |