ᠪᠠᠷᠢᠮᠲᠠ ᠶᠢ ᠣᠷᠣᠯᠠᠨ ᠪᠢᠴᠢᠵᠦ ᠬᠦᠴᠦᠨ ᠦᠭᠡᠢ ᠪᠣᠯᠭᠠᠬᠤ
ᠨᠡᠶᠢᠲᠡᠯᠡᠭᠰᠡᠨ ᠴᠠᠭ᠄
2022/7/6
      ᠬᠦᠯᠢᠶᠡᠨ ᠰᠢᠢᠳᠪᠦᠷᠢᠯᠡᠬᠦ ᠨᠥᠬᠦᠴᠡᠯ      ᠭᠠᠶᠢᠯᠢ ᠲᠤᠰᠢᠶᠠᠭᠴᠢ ᠣᠷᠣᠯᠠᠨ ᠪᠠᠷᠢᠮᠲᠠ ᠪᠢᠴᠢᠵᠦ ᠥᠭᠭᠦᠭᠰᠡᠨ ᠤ ᠲᠠᠷᠠᠭ᠎ᠠ᠂ ᠪᠣᠷᠣᠯᠠᠭᠤᠯᠤᠭᠰᠠᠨ ᠪᠠᠷᠠᠭ᠎ᠠ ᠶᠢ ᠪᠤᠴᠠᠭᠠᠬᠤ ᠪᠤᠶᠤ ᠪᠣᠷᠣᠯᠠᠭᠤᠯᠤᠯᠲᠠ ᠶᠢ ᠨᠤᠭᠤᠯᠤᠨ ᠪᠤᠳᠤᠬᠤ᠂ ᠪᠠᠷᠢᠮᠲᠠ ᠬᠢᠵᠦ ᠥᠭᠭᠦᠭᠰᠡᠨ ᠨᠢ ᠪᠤᠷᠤᠭᠤᠳᠠᠬᠤ᠂ ᠭᠠᠶᠢᠯᠢ ᠲᠤᠰᠢᠶᠠᠬᠤ ᠦᠢᠯᠡᠴᠢᠯᠡᠭᠡ ᠶᠢ ᠲᠤᠷᠭᠤᠨ ᠵᠣᠭᠰᠣᠭᠠᠬᠤ ᠵᠡᠷᠭᠡ ᠪᠠᠶᠢᠳᠠᠯ ᠭᠠᠷᠴᠤ᠂ ᠦᠷᠳᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢ ᠬᠦᠴᠦᠨ ᠦᠭᠡᠢ ᠪᠣᠯᠭᠠᠬᠤ ᠴᠢᠬᠤᠯᠠᠲᠠᠶ ᠪᠠᠶᠢᠪᠠᠯ᠂ ᠨᠢᠭᠡᠨᠲᠡ ᠣᠷᠣᠯᠠᠨ ᠪᠠᠷᠢᠮᠲᠠ ᠪᠢᠴᠢᠵᠦ ᠥᠭᠭᠦᠭᠰᠡᠨ ᠲᠤᠬᠠᠶ ᠶᠢᠨ ᠰᠠᠷ᠎ᠠ ᠳᠤ ᠤᠤᠯ ᠤᠨ ᠣᠷᠣᠯᠠᠨ ᠪᠢᠴᠢᠵᠦ ᠥᠭᠭᠦᠭᠰᠡᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠦᠴᠦᠨ ᠦᠭᠡᠢ ᠪᠣᠯᠭᠠᠬᠤ ᠭᠤᠶᠤᠴᠢᠯᠠᠯ ᠭᠠᠷᠭᠠᠵᠤ ᠪᠣᠯᠤᠨ᠎ᠠ︔ ᠬᠦᠴᠦᠨ ᠦᠭᠡᠢ ᠪᠣᠯᠭᠠᠬᠤ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠤᠯᠠᠭᠠᠨ ᠦᠰᠦᠭᠲᠦ ᠪᠠᠷᠢᠮᠲᠠ ᠪᠢᠴᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠤᠤᠯ ᠤᠨ ᠦᠶ᠎ᠡ ᠶᠢᠨ ᠪᠠᠷᠢᠮᠲᠠ ᠪᠢᠴᠢᠵᠦ ᠥᠭᠭᠦᠭᠰᠡᠨ ᠪᠠᠷᠢᠮᠲᠠ ᠶᠢ ᠲᠤᠯᠭᠠᠨ ᠰᠢᠢᠳᠪᠦᠷᠢᠯᠡᠵᠦ ᠪᠣᠯᠤᠨ᠎ᠠ᠃      ᠲᠤᠭᠲᠠᠭᠠᠭᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠵᠠᠷᠯᠢᠭ 25 ᠳ᠋ᠤᠭᠠᠷ ᠲᠣᠭᠠᠲᠤ ᠨᠡᠶᠢᠲᠡᠯᠡᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠵᠠᠷᠯᠢᠭ 37 ᠳ᠋ᠤᠭᠠᠷ ᠲᠣᠭᠠᠲᠤ᠂ 44 ᠳ᠋ᠦ᠋ᠭᠡᠷ ᠲᠣᠭᠠᠲᠤ᠂ 48 ᠳ᠋ᠤᠭᠠᠷ ᠲᠣᠭᠠᠲᠤ ᠵᠠᠰᠠᠪᠤᠷᠢ ᠣᠷᠣᠭᠤᠯᠪᠠ︶ ᠬᠤᠷᠢᠨ ᠳᠣᠯᠣᠳᠤᠭᠠᠷ ᠵᠦᠢᠯ ᠳᠤ ᠪᠠᠷᠢᠮᠲᠠ ᠪᠢᠴᠢᠵᠦ ᠥᠭᠭᠦᠭᠰᠡᠨ ᠤ ᠳᠠᠷᠠᠭ᠎ᠠ᠂ ᠬᠡᠷᠪᠡ ᠪᠣᠷᠣᠯᠠᠭᠤᠯᠤᠭᠰᠠᠨ ᠪᠠᠷᠠᠭ᠎ᠠ ᠶᠢ ᠪᠤᠴᠠᠭᠠᠬᠤ ᠳᠤ ᠤᠯᠠᠭᠠᠨ ᠦᠰᠦᠭᠲᠦ ᠪᠠᠷᠢᠮᠲᠠ ᠪᠢᠴᠢᠵᠦ ᠥᠭᠬᠦ ᠴᠢᠬᠤᠯᠠᠲᠠᠶ ᠪᠣᠯ᠂ ᠡᠷᠬᠡᠪᠰᠢ ᠤᠤᠯ ᠤᠨ ᠪᠠᠷᠢᠮᠲᠠ ᠶᠢ ᠬᠤᠷᠢᠶᠠᠨ ᠠᠪᠬᠤ ᠶᠢᠨ ᠬᠠᠮᠲᠤ ︽ᠬᠦᠴᠦᠨ ᠥᠬᠡᠶ ᠪᠣᠯᠭᠠᠭᠰᠠᠨ︾ ᠭᠡᠵᠦ ᠲᠣᠳᠣᠷᠬᠠᠶᠢᠯᠠᠬᠤ ᠪᠤᠶᠤ ᠨᠥᠭᠦᠭᠡ ᠡᠲᠡᠭᠡᠳ ᠤᠨ ᠢᠶᠠᠨ ᠬᠦᠴᠦᠨ ᠪᠥᠬᠦᠶ ᠭᠡᠷᠡᠴᠢ ᠶᠢ ᠤᠯᠬᠤ ᠬᠡᠷᠡᠭᠲᠡᠶ᠃ ᠪᠠᠷᠢᠮᠲᠠ ᠪᠢᠴᠢᠵᠦ ᠥᠭᠭᠦᠭᠰᠡᠨ ᠤ ᠲᠡᠷᠠᠭ᠎ᠠ᠂ ᠬᠡᠷᠪᠡ ᠪᠣᠷᠣᠯᠠᠭᠤᠯᠤᠯᠲᠠ ᠶᠢ ᠨᠤᠭᠤᠯᠤᠨ ᠪᠤᠳᠦᠬᠰᠡᠠ ᠪᠠᠶᠢᠳᠠᠯ ᠭᠠᠷᠪᠠᠯ᠂ ᠡᠷᠬᠡᠪᠰᠢ ᠤᠬ ᠤᠨ ᠪᠠᠷᠢᠮᠲᠠ ᠶᠢ ᠬᠤᠷᠢᠶᠡᠠ ᠠᠪᠬᠤ ᠶᠢᠨ ᠬᠠᠮᠲᠤ ︽ᠬᠦᠴᠦᠨ ᠤᠢᠭᠡᠢ ᠪᠣᠯᠭᠠᠭᠰᠠᠨ︾ ᠭᠡᠵᠦ ᠲᠣᠳᠣᠷᠬᠠᠶᠢᠯᠠᠭᠰᠠᠨ ᠤ ᠲᠡᠷᠠᠭ᠎ᠠ ᠪᠣᠷᠣᠯᠠᠭᠤᠯᠤᠯᠲᠠ ᠶᠢᠨ ᠪᠠᠷᠢᠮᠲᠠ ᠶᠢ ᠲᠡᠬᠢᠵᠦ ᠪᠢᠴᠢᠬᠦ ᠪᠤᠶᠤ ᠨᠦᠬᠦᠭᠡ ᠡᠲᠡᠭᠡᠳ ᠤᠨ ᠢᠶᠠᠨ ᠬᠦᠴᠦᠨ ᠪᠦᠬᠦᠢ ᠭᠡᠷᠡᠴᠢ ᠶᠢ ᠣᠯᠤᠭᠰᠠᠨ ᠤ ᠲᠡᠷᠠᠭ᠎ᠠ ᠤᠯᠠᠭᠠᠨ ᠤᠢᠰᠦᠭ ᠲᠠᠢ ᠪᠠᠷᠢᠮᠲᠠ ᠪᠢᠴᠢᠵᠦ ᠥᠭᠬᠦ ᠬᠡᠷᠡᠭᠲᠡᠶ᠃       ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ      ᠭᠦᠢᠴᠡᠳᠬᠡᠬᠦ ᠭᠠᠵᠠᠷ᠄      ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᡂᠢ ᠰᠢ ᠵᠠᠮ ᠤᠨ 194 ᠳ᠋ᠦ᠋ᠭᠡᠷ ᠨᠣᠮᠧᠷᠲᠤ ᠱᠦᠶ ᠠᠨ ᠯᠦᠩ ᠲᠢᠩ ᠪᠠᠭ᠎ᠠ ᠲᠣᠭᠤᠷᠢᠭ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠥᠪ ᠤᠨ ᠭᠤᠷᠪᠠᠳᠤᠭᠠᠷ ᠳᠠᠪᠬᠤᠷᠭ᠎ᠠ ᠶᠢᠨ 24  ᠳ᠋ᠦ᠋ᠭᠡᠷ ᠨᠣᠮᠧᠷᠲᠤ ᠴᠣᠩᠬᠤ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠨᠡᠶᠢᠲᠡ ᠶᠢᠨ ᠮᠠᠰᠢᠨ ᠲᠡᠷᠭᠡᠨ ᠤ ᠱᠤᠭᠤᠮ᠄ 10 ᠳ᠋ᠤᠭᠠᠷ ᠵᠠᠮ ᠤᠨ ᠲᠡᠷᠭᠡᠨ ᠳᠤ ᠰᠠᠭᠤᠵᠤ ᠱᠦᠢ ᠠᠨ ᠯᠦᠩ ᠲᠢᠩ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠳᠤ ᠪᠠᠭᠤᠪᠠᠯ ᠬᠦᠷᠴᠢᠬᠡᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号