ᠬᠦᠯᠢᠶᠡᠨ ᠰᠢᠢᠳᠪᠦᠷᠢᠯᠡᠬᠦ ᠨᠥᠬᠦᠴᠡᠯ | ᠮᠠᠷᠭᠤᠯᠳᠤᠭᠠᠨ ᠡᠭᠦᠰᠦᠭᠰᠡᠨ ᠭᠠᠵᠠᠷ ᠤᠨ ᠬᠠᠷᠢᠶ᠎ᠠ ᠣᠷᠣᠨ ᠤ ᠬᠠᠷᠢᠶᠠᠯᠠᠯ︔ ᠲᠤᠬᠠᠶ ᠶᠢᠨ ᠬᠥᠮᠦᠨ ᠨᠢ | ᠰᠠᠶᠢᠨ ᠳᠤᠷ᠎ᠠ ᠠᠴᠠ ᠪᠠᠨ ᠡᠪᠰᠡᠬᠦ︔ ᠲᠥᠪ ᠭᠤᠣᠯᠴᠢ᠂ ᠠᠷᠠᠳ ᠲᠤ ᠲᠦᠭᠦᠮ ᠦᠵᠡᠭᠦᠯᠦᠨ᠎ᠡ᠃ | ᠲᠤᠭᠲᠠᠭᠠᠭᠰᠠᠨ ᠦᠨᠳᠦᠰᠦᠯᠡᠯ | 【ᠰᠠᠯᠠᠭ᠎ᠠ ᠮᠥᠴᠢᠷ ᠤᠨ ᠳᠦᠷᠢᠮ ᠲᠣᠭᠲᠠᠭᠠᠯ 】 ︽ᠭᠡᠷ ᠤᠨ ᠬᠡᠷᠡᠭᠯᠡᠭᠡᠨ ᠤ ᠮᠠᠰᠢᠨ ᠲᠡᠷᠭᠡᠨ ᠤ | ᠦᠢᠯᠡᠳᠬᠦᠨ ᠢ ᠰᠡᠯᠪᠢᠨ ᠵᠠᠰᠠᠬᠤ᠂ ᠰᠣᠯᠢᠬᠤ᠂ ᠪᠠᠷᠠᠭ᠎ᠠ ᠪᠤᠴᠠᠭᠠᠬᠤ ᠬᠠᠷᠢᠭᠤᠴᠠᠯᠭ᠎ᠠ ᠶᠢᠨ ᠲᠤᠬᠠᠶ ᠲᠣᠭᠲᠠᠭᠠᠯ︾ ︵ | 2012 ᠣᠨ ᠤ 12 ᠰᠠᠷ᠎ᠠ ᠶᠢᠨ 29 ᠤ ᠡᠳᠦᠷ ᠤᠨ ᠤᠯᠤᠰ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠶᠡᠷᠦᠩᠬᠡᠶ ᠲᠣᠪᠴᠢᠶ᠎ᠠ ᠶᠢᠨ ᠵᠠᠷᠯᠢᠭ 150 ᠳ᠋ᠤᠭᠠᠷ ᠲᠣᠭᠠᠲᠤ︶ ᠵᠢᠷᠭᠤᠳᠤᠭᠠᠷ | ᠵᠦᠢᠯ ᠣᠷᠣᠨ ᠨᠤᠲᠤᠭ ᠤᠨ ᠡᠯ᠎ᠡ ᠱᠠᠲᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ | ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠤᠰ ᠲᠣᠭᠲᠠᠭᠠᠯ ᠤᠨ ᠬᠡᠷᠡᠭᠵᠢᠭᠦᠯᠬᠦ ᠶᠢ | ᠵᠣᠬᠢᠴᠠᠭᠤᠯᠤᠨ ᠵᠢᠯᠣᠭᠤᠳᠬᠤ ᠪᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠭᠤᠴᠢᠨ ᠬᠤᠶᠠᠳᠤᠭᠠᠷ ᠵᠦᠢᠯ ᠭᠡᠷ ᠤᠨ | ᠬᠡᠷᠡᠭᠯᠡᠭᠡᠨ ᠤ ᠮᠠᠰᠢᠨ ᠲᠡᠷᠭᠡᠨ ᠤ ᠦᠢᠯᠡᠳᠬᠦᠨ ᠤ ᠭᠤᠷᠪᠠ ᠶᠢ ᠳᠠᠭᠠᠭᠠᠬᠤ ᠦᠢᠯᠡᠴᠢᠯᠡᠭᠡᠨ ᠤ ᠬᠠᠷᠢᠭᠤᠴᠠᠯᠭ᠎ᠠ ᠶᠢᠨ | ᠲᠤᠬᠠᠶ ᠮᠠᠷᠭᠤᠯᠳᠤᠭᠠᠨ ᠭᠠᠷᠪᠠᠯ᠂ ᠬᠡᠷᠡᠭᠯᠡᠭᠴᠢᠳ ᠡᠵᠡᠩᠨᠡᠭᠴᠢᠳ ᠲᠠᠢ ᠵᠥᠪᠳᠡᠯᠴᠡᠵᠦ ᠪᠠᠶᠢᠭᠠᠳ ᠰᠢᠢᠳᠪᠦᠷᠢᠯᠡᠵᠦ | ᠪᠣᠯᠤᠨ᠎ᠠ︔ ᠬᠠᠤᠯᠢ ᠶᠣᠰᠣᠭᠠᠷ ᠡᠯ᠎ᠡ ᠱᠠᠲᠤᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠣᠬᠢᠶᠠᠨ | ᠪᠠᠶᠢᠭᠤᠯᠤᠯᠲᠠ ᠵᠡᠷᠭᠡ ᠭᠤᠷᠪᠠᠳᠠᠬᠢ ᠡᠲᠡᠭᠡᠳ ᠤᠨ ᠨᠡᠶᠢᠭᠡᠮ ᠤᠨ ᠵᠠᠭᠤᠴᠢ ᠪᠠᠶᠢᠭᠤᠯᠤᠮᠵᠢ ᠳᠤ ᠡᠶᠡᠳᠡᠭᠦᠯᠦᠨ | ᠰᠢᠢᠳᠪᠦᠷᠢᠯᠡᠭᠦᠯᠬᠦ ᠪᠠᠷ ᠭᠤᠶᠤᠴᠢᠯᠠᠵᠤ ᠪᠣᠯᠤᠨ᠎ᠠ︔ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ | ᠮᠥᠴᠢᠷ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠭᠤᠮᠣᠳᠠᠯ | ᠲᠣᠭᠠᠴᠢᠵᠤ ᠰᠢᠢᠳᠪᠦᠷᠢᠯᠡᠵᠦ ᠪᠣᠯᠤᠨ᠎ᠠ᠃ ᠭᠡᠷ ᠤᠨ ᠬᠡᠷᠡᠭᠯᠡᠭᠡᠨ ᠤ ᠮᠠᠰᠢᠨ ᠲᠡᠷᠭᠡᠨ ᠤ ᠦᠢᠯᠡᠳᠬᠦᠨ ᠤ ᠭᠤᠷᠪᠠ ᠶᠢ | ᠳᠠᠭᠠᠭᠠᠬᠤ ᠦᠢᠯᠡᠴᠢᠯᠡᠭᠡᠨ ᠤ ᠬᠠᠷᠢᠭᠤᠴᠠᠯᠭ᠎ᠠ ᠶᠢᠨ ᠮᠠᠷᠭᠤᠯᠳᠤᠭᠠᠨ ᠤ ᠬᠤᠶᠠᠷ ᠲᠠᠯ᠎ᠠ ᠨᠢ ᠵᠥᠪᠳᠡᠯᠴᠡᠬᠦ᠂ | ᠡᠶᠡᠳᠡᠭᠦᠯᠬᠦ ᠪᠠᠷ ᠳᠡᠮᠵᠢᠨ ᠰᠢᠢᠳᠪᠦᠷᠢᠯᠡᠬᠦ ᠳᠤᠷ᠎ᠠ ᠦᠭᠡᠶ ᠪᠤᠶᠤ ᠵᠥᠪᠳᠡᠯᠴᠡᠬᠦ᠂ ᠡᠶᠡᠳᠡᠭᠦᠯᠬᠦ ᠪᠠᠷ ᠳᠡᠮᠵᠢᠨ ᠰᠠᠨᠠᠯ | ᠨᠢᠭᠡᠳᠴᠦ ᠴᠢᠳᠠᠬᠤ ᠦᠭᠡᠶ ᠪᠠᠶᠢᠪᠠᠯ᠂ ᠬᠡᠯᠡᠯᠴᠡᠭᠡᠷ ᠢ ᠦᠨᠳᠦᠰᠦᠯᠡᠨ ᠬᠥᠨᠳᠡᠯᠡᠨ ᠠᠴᠠ ᠲᠠᠰᠤᠯᠤᠭᠤᠯᠬᠤ ᠪᠠᠷ | ᠭᠤᠶᠤᠴᠢᠯᠠᠵᠤ ᠪᠣᠯᠤᠨ᠎ᠠ᠂ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠴᠤ ᠪᠣᠯᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ | ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 601 ᠲᠠᠰᠤᠭ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 5 ᠳ᠋ᠤᠭᠠᠷ ᠵᠠᠮ᠂ 17 ᠳ᠋ᠤᠭᠠᠷ ᠵᠠᠮ᠂ K98 ᠳ᠋ᠤᠭᠠᠷ | ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠰᠦᠩᠱᠠᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ | ᠥᠷᠲᠡᠭᠡᠨ ᠳᠤ ᠪᠠᠭᠤᠨ᠎ᠠ᠂ ᠵᠡᠭᠦᠨ ᠬᠤᠶᠢᠰᠢ 160 ᠮᠧᠲᠷ ᠠᠯᠬᠤᠭᠠᠳ ᠰᠦᠩᠱᠠᠨ ᠲᠣᠭᠤᠷᠢᠭ ᠤᠨ ᠠᠷᠠᠳ ᠤᠨ | ᠰᠢᠭᠦᠬᠦ ᠬᠤᠷᠢᠶᠠᠨ ᠳᠤ ᠬᠦᠷᠦᠭᠰᠡᠨ ᠤ ᠳᠠᠷᠠᠭ᠎ᠠ ᠰᠢᠭᠤᠳ 230 ᠮᠧᠲᠷ ᠶᠠᠪᠤᠪᠠᠯ ᠬᠦᠷᠦᠨ᠎ᠡ᠂ 36 ᠳ᠋ᠤᠭᠠᠷ | ᠵᠠᠮ ᠤᠨ ᠨᠡᠶᠢᠲᠡ ᠶᠢᠨ ᠮᠠᠰᠢᠨ ᠲᠡᠷᠭᠡ ᠰᠦᠩᠱᠠᠨ ᠡᠮᠨᠡᠯᠭᠡ ᠶᠢᠨ ᠬᠤᠷᠢᠶᠠᠨ ᠤ ᠥᠷᠲᠡᠭᠡᠨ ᠳᠤ ᠪᠠᠭᠤᠨ᠎ᠠ᠂ ᠵᠡᠭᠦᠨ | ᠡᠮᠦᠨᠡᠰᠢ ᠰᠢᠭᠤᠳ 100 ᠮᠧᠲᠷ ᠶᠠᠪᠤᠪᠠᠯ ᠪᠠᠷᠠᠭᠤᠨᠰᠢ ᠮᠤᠷᠦ᠋ᠢᠭᠠᠳ ᠰᠦᠩᠱᠠᠨ ᠶᠡᠭᠡ ᠵᠡᠭᠡᠯᠢ ᠳᠤ ᠰᠢᠭᠤᠳ | ᠬᠦᠷᠴᠦ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠬᠦᠷᠦᠭᠰᠡᠨ ᠤ ᠳᠠᠷᠠᠭ᠎ᠠ ᠰᠢᠭᠤᠳ 230 | ᠮᠧᠲᠷ ᠶᠠᠪᠤᠪᠠᠯ ᠬᠦᠷᠦᠨ᠎ᠡ᠂ 36 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡ ᠰᠦᠩᠱᠠᠨ ᠲᠣᠭᠤᠷᠢᠭ ᠤᠨ | ᠠᠷᠠᠳ ᠤᠨ ᠰᠢᠭᠦᠬᠦ ᠬᠤᠷᠢᠶᠠᠨ ᠳᠤ ᠬᠦᠷᠦᠨ᠎ᠡ᠃ |