ᠬᠦᠯᠢᠶᠡᠨ ᠰᠢᠢᠳᠪᠦᠷᠢᠯᠡᠬᠦ ᠨᠥᠬᠦᠴᠡᠯ | ︽ᠤᠯᠠᠭᠠᠨᠬᠠᠳᠠ ᠬᠤᠲᠠ ᠶᠢᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ 2018 | ᠣᠨ ᠤ 6 ᠰᠠᠷ᠎ᠠ ᠶᠢᠨ 13 ᠤ ᠡᠳᠦᠷ ᠲᠣᠰ ᠠᠷᠭ᠎ᠠ ᠶᠢ ᠪᠠᠭᠤᠯᠭᠠᠭᠰᠠᠨ ᠡᠳᠦᠷ ᠠᠴᠠ ᠡᠬᠢᠯᠡᠨ 30 ᠡᠳᠦᠷ ᠤᠨ | ᠳᠠᠷᠠᠭ᠎ᠠ ᠬᠡᠷᠡᠭᠵᠢᠭᠦᠯᠦᠨ᠎ᠡ︶ ᠬᠤᠶᠠᠳᠤᠭᠠᠷ ᠪᠦᠯᠦᠭ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ︵ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ︶ ᠶᠢᠨ ᠰᠠᠯᠠᠭ᠎ᠠ ᠮᠥᠴᠢᠷ ᠨᠢ ᠰᠤᠷᠤᠭᠴᠢᠳ ᠤᠨ ᠰᠤᠷᠭᠠᠭᠤᠯᠢ ᠶᠢᠨ | ᠭᠠᠳᠠᠨᠠᠬᠢ ᠨᠠᠶᠢᠳᠠᠨ ᠬᠠᠮᠢᠶᠠᠷᠬᠤ ᠪᠠᠶᠢᠭᠤᠯᠤᠮᠵᠢ ᠶᠢᠨ ᠢᠳᠡᠭᠡᠨ ᠤ ᠠᠮᠤᠷ ᠲᠦᠪᠰᠢᠨ ᠳᠤ ᠬᠢᠨᠠᠯᠲᠠ ᠬᠠᠮᠢᠶᠠᠷᠤᠯᠲᠠ | ᠶᠠᠪᠤᠭᠤᠯᠵᠤ᠂ ︽ᠢᠳᠡᠭᠡᠨ ᠡᠵᠡᠩᠨᠡᠬᠦ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠪᠠ ᠢᠳᠡᠭᠡᠨ ᠤ | ᠳᠡᠯᠭᠡᠭᠦᠷᠴᠢᠨ ᠤ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ | ︵ᠪᠤᠶᠤ ᠳᠠᠩᠰᠠᠯᠠᠭᠤᠯᠬᠤ︶ ᠢ ᠬᠢᠨᠠᠨ ᠣᠯᠭᠤᠨ᠎ᠠ᠃ | ᠲᠤᠭᠲᠠᠭᠠᠭᠰᠠᠨ ᠦᠨᠳᠦᠰᠦᠯᠡᠯ | 【ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ 】︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠪᠠ ᠢᠳᠡᠭᠡᠨ ᠤ ᠳᠡᠯᠭᠡᠭᠦᠷᠴᠢᠨ ᠤ | ᠬᠠᠮᠢᠶᠠᠷᠤᠯᠲᠠ ᠶᠢᠨ ᠲᠦᠷᠢᠮ︾ ︵2015 ᠣᠨ ᠤ 5 ᠳ᠋ᠤᠭᠠᠷ ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠪᠠ᠃ 2015 | ᠣᠨ ᠤ 5 ᠳ᠋ᠤᠭᠠᠷ ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠯᠪᠠᠨ ᠵᠠᠷ ᠤᠨ ᠠᠷᠪᠠᠳᠤᠭᠠᠷ ᠬᠤᠭᠤᠴᠠᠭᠠᠨ ᠳᠤ ᠨᠡᠶᠢᠲᠡᠯᠡᠪᠡ ᠂ 2015 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ ᠠᠷᠪᠠᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠥᠪᠡᠷᠲᠡᠭᠡᠨ | ᠵᠠᠰᠠᠬᠤ ᠣᠷᠣᠨ ᠠᠴᠠ ᠢᠳᠡᠭᠡᠨ ᠤ ᠳᠡᠯᠭᠡᠭᠦᠷᠴᠢᠨ ᠳᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠲᠦᠷᠢᠮ ᠢ | ᠬᠡᠷᠡᠭᠵᠢᠭᠦᠯᠵᠦ᠂ ᠬᠤᠰᠢᠭᠤ ᠰᠢᠶᠠᠨ ᠤ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠠᠵᠢᠯᠲᠠᠨ ᠠᠴᠠ ᠳᠡᠯᠭᠡᠭᠦᠷᠴᠢᠨ ᠤ ᠪᠡᠶ᠎ᠡ ᠶᠢᠨ ᠦᠨᠡᠮᠯᠡᠯ᠂ ᠡᠷᠡᠭᠦᠯ ᠮᠡᠨᠳᠦ ᠶᠢᠨ ᠦᠨᠡᠮᠯᠡᠯ᠂ | ᠢᠳᠡᠭᠡᠨ ᠤ ᠢᠷᠡᠯᠲᠡ ᠵᠡᠷᠭᠡ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ | ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠨ᠎ᠡ᠃ ᠢᠳᠡᠭᠡᠨ ᠤ ᠳᠡᠯᠭᠡᠭᠦᠷᠴᠢᠨ ᠬᠢᠨᠠᠨ ᠬᠠᠮᠢᠶᠠᠷᠬᠤ ᠠᠵᠢᠯᠳᠠᠨ ᠤ | ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠬᠠᠩᠭᠠᠵᠤ᠂ ᠬᠤᠯᠪᠣᠭᠳᠠᠯ ᠪᠦᠬᠦᠢ | ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃ ᠥᠪᠡᠷ ᠢᠶᠠᠨ ᠦᠢᠯᠡᠳᠪᠦᠷᠢᠯᠡᠭᠰᠡᠨ ᠤᠯᠠᠷᠢᠯ ᠤᠨ ᠴᠢᠨᠠᠷᠲᠠᠶ | ᠢᠳᠡᠰᠢᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠣᠷᠣᠯᠠᠭᠤᠯᠬᠤ ᠳᠤ ᠳᠠᠩᠰᠠᠯᠠᠭᠤᠯᠬᠤ | ᠭᠠᠷ ᠭᠦᠢᠴᠡᠳᠬᠡᠯ ᠬᠢᠬᠦ ᠦᠭᠡᠢ ᠪᠠᠶᠢᠵᠤ ᠪᠣᠯᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ | ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠦᠷᠢᠶᠡᠨ ᠳᠠᠬᠢ | ᠬᠢᠩᠭᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠶᠡᠭᠡ ᠲᠢᠩᠬᠢᠮ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 5 ᠳ᠋ᠤᠭᠠᠷ ᠵᠠᠮ᠂ 17 ᠳ᠋ᠤᠭᠠᠷ ᠵᠠᠮ᠂ K98 ᠳ᠋ᠤᠭᠠᠷ | ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠰᠦᠩᠱᠠᠨ ᠤ ᠲᠠᠪᠤᠳᠤᠭᠠᠷ ᠳᠤᠮᠳᠠᠳᠤ ᠰᠤᠷᠭᠠᠭᠤᠯᠢ ᠶᠢᠨ | ᠥᠷᠲᠡᠭᠡᠨ ᠳᠤ ᠪᠠᠭᠤᠨ᠎ᠠ᠂ ᠵᠡᠭᠦᠨ ᠬᠤᠶᠢᠰᠢ 160 ᠮᠧᠲᠷ ᠠᠯᠬᠤᠭᠠᠳ ᠰᠦᠩᠱᠠᠨ ᠲᠣᠭᠤᠷᠢᠭ ᠤᠨ ᠠᠷᠠᠳ ᠤᠨ | ᠰᠢᠭᠦᠬᠦ ᠬᠤᠷᠢᠶᠠᠨ ᠳᠤ ᠬᠦᠷᠦᠭᠰᠡᠨ ᠤ ᠳᠠᠷᠠᠭ᠎ᠠ ᠰᠢᠭᠤᠳ 230 ᠮᠧᠲᠷ ᠶᠠᠪᠤᠪᠠᠯ ᠬᠦᠷᠦᠨ᠎ᠡ᠂ 36 ᠳ᠋ᠤᠭᠠᠷ | ᠵᠠᠮ ᠤᠨ ᠨᠡᠶᠢᠲᠡ ᠶᠢᠨ ᠮᠠᠰᠢᠨ ᠲᠡᠷᠭᠡ ᠰᠦᠩᠱᠠᠨ ᠡᠮᠨᠡᠯᠭᠡ ᠶᠢᠨ ᠬᠤᠷᠢᠶᠠᠨ ᠤ ᠥᠷᠲᠡᠭᠡᠨ ᠳᠤ ᠪᠠᠭᠤᠨ᠎ᠠ᠂ ᠵᠡᠭᠦᠨ | ᠡᠮᠦᠨᠡᠰᠢ ᠰᠢᠭᠤᠳ 100 ᠮᠧᠲᠷ ᠶᠠᠪᠤᠪᠠᠯ ᠪᠠᠷᠠᠭᠤᠨᠰᠢ ᠮᠤᠷᠦ᠋ᠢᠭᠠᠳ ᠰᠦᠩᠱᠠᠨ ᠶᠡᠭᠡ ᠵᠡᠭᠡᠯᠢ ᠳᠤ ᠰᠢᠭᠤᠳ | ᠬᠦᠷᠴᠦ ᠰᠦᠩᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠬᠦᠷᠦᠭᠰᠡᠨ ᠤ ᠳᠠᠷᠠᠭ᠎ᠠ ᠰᠢᠭᠤᠳ 230 | ᠮᠧᠲᠷ ᠶᠠᠪᠤᠪᠠᠯ ᠬᠦᠷᠦᠨ᠎ᠡ᠂ 36 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡ ᠰᠦᠩᠱᠠᠨ ᠲᠣᠭᠤᠷᠢᠭ ᠤᠨ | ᠠᠷᠠᠳ ᠤᠨ ᠰᠢᠭᠦᠬᠦ ᠬᠤᠷᠢᠶᠠᠨ ᠳᠤ ᠪᠠᠭᠤᠨ᠎ᠠ᠃ |