ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠢᠶᠠᠷ ᠨᠡᠪᠲᠡᠷᠡᠬᠦ ᠦᠨᠡᠮᠯᠡᠯ ᠳᠤ ᠭᠠᠷ ᠤᠨ ᠦᠰᠦᠭ ᠵᠢᠷᠤᠵᠤ ᠣᠯᠭᠤᠬᠤ
ᠨᠡᠶᠢᠲᠡᠯᠡᠭᠰᠡᠨ ᠴᠠᠭ᠄
2022/7/6
      ᠬᠦᠯᠢᠶᠡᠨ ᠰᠢᠢᠳᠪᠦᠷᠢᠯᠡᠬᠦ ᠨᠥᠬᠦᠴᠡᠯ      ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠲᠤ ᠢᠷᠡᠵᠦ ᠶᠠᠪᠤᠬᠤ ᠨᠡᠪᠲᠡᠷᠡᠬᠦ ᠦᠨᠡᠮᠯᠡᠯ ᠲᠠᠢ ᠬᠥᠮᠦᠨ᠂ ᠨᠡᠪᠲᠡᠷᠡᠬᠦ ᠦᠨᠡᠮᠯᠡᠯ ᠢ ᠰᠣᠯᠢᠬᠤ᠂ ᠨᠥᠬᠦᠵᠦ ᠣᠯᠭᠤᠬᠤ ᠪᠠᠷ ᠭᠤᠶᠤᠴᠢᠯᠠᠵᠤ ᠪᠣᠯᠤᠨ᠎ᠠ᠃ ᠨᠢᠭᠡ᠂ ᠠᠪᠴᠤ ᠪᠠᠶᠢᠭ᠎ᠠ ᠨᠡᠪᠲᠡᠷᠡᠬᠦ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠵᠢᠷᠭᠤᠭᠠᠨ ᠰᠠᠷ᠎ᠠ ᠬᠦᠷᠬᠦ ᠦᠭᠡᠢ ᠪᠤᠶᠤ ᠨᠢᠭᠡᠨᠲᠡ ᠬᠤᠭᠤᠴᠠᠭ᠎ᠠ ᠨᠢ ᠥᠩᠭᠡᠷᠡᠭᠰᠡᠨ ᠪᠠᠶᠢᠪᠠᠯ᠂ ᠨᠡᠪᠲᠡᠷᠡᠬᠦ ᠦᠨᠡᠮᠯᠡᠯ ᠢ ᠰᠣᠯᠢᠬᠤ ᠪᠠᠷ ᠭᠤᠶᠤᠴᠢᠯᠠᠵᠤ ᠪᠣᠯᠤᠨ᠎ᠠ︔ ᠬᠤᠶᠠᠷ᠂ ᠨᠡᠪᠲᠡᠷᠡᠬᠦ ᠦᠨᠡᠮᠯᠡᠯ ᠭᠠᠷᠳᠠᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ ︵ᠣᠪᠣᠭ ᠨᠡᠷ᠎ᠡ᠂ ᠬᠦᠢᠰᠦ ᠶᠢᠨ ᠢᠯᠭᠠᠯ᠂ ᠲᠥᠷᠥᠭᠰᠡᠨ ᠡᠳᠦᠷ ᠬᠤᠭᠤᠴᠠᠭ᠎ᠠ ᠪᠠᠭᠲᠠᠨ᠎ᠠ︶ ᠶᠢ ᠬᠤᠪᠢᠷᠠᠭᠤᠯᠪᠠᠯ᠂ ᠨᠡᠪᠲᠡᠷᠡᠬᠦ ᠦᠨᠡᠮᠯᠡᠯ ᠢ ᠰᠣᠯᠢᠬᠤ ᠪᠠᠷ ᠭᠤᠶᠤᠴᠢᠯᠠᠵᠤ ᠪᠣᠯᠤᠨ᠎ᠠ︔ ᠭᠤᠷᠪᠠ᠂ ᠪᠡᠶ᠎ᠡ ᠳᠡᠭᠡᠨ ᠠᠪᠴᠤ ᠪᠠᠶᠢᠭ᠎ᠠ ᠨᠡᠪᠲᠡᠷᠡᠬᠦ ᠦᠨᠡᠮᠯᠡᠯ ᠢᠶᠠᠨ ᠭᠡᠭᠡᠭᠰᠡᠨ᠂ ᠡᠪᠳᠡᠷᠡᠵᠦ ᠰᠦᠢᠳᠦᠭᠰᠡᠨ ︵ᠭᠡᠷᠡᠴᠢ ᠦᠨᠡᠮᠯᠡᠯ ᠨᠢ ᠮᠤᠷᠦ᠋ᠢᠭ᠌ᠰᠠᠨ᠂ ᠡᠪᠳᠡᠷᠡᠭᠰᠡᠨ ᠵᠢᠴᠢ ᠺᠠᠷᠲ ᠳᠡᠭᠡᠷᠡᠬᠢ ᠮᠡᠳᠡᠭᠡ ᠵᠠᠩᠭᠢ ᠨᠢ ᠡᠯᠡᠭᠳᠡᠭᠰᠡᠨ᠂ ᠴᠠᠬᠢᠮ ᠢᠯᠲᠠᠰᠤ ᠨᠢ ᠭᠡᠮᠲᠦᠭᠰᠡᠨ ᠵᠡᠷᠭᠡ ᠨᠥᠯᠥᠭᠡ ᠪᠤᠶᠤ ᠬᠡᠪ ᠤᠨ ᠪᠠᠶᠢᠳᠠᠯ ᠢᠶᠠᠷ ᠬᠡᠷᠡᠭᠯᠡᠬᠦ ᠶᠢᠨ ᠠᠷᠭ᠎ᠠ ᠥᠬᠡᠶ ᠪᠣᠯᠤᠭᠰᠠᠨ ᠪᠠᠶᠢᠳᠠᠯ︶ ᠪᠠᠶᠢᠪᠠᠯ᠂ ᠨᠡᠪᠲᠡᠷᠡᠬᠦ ᠦᠨᠡᠮᠯᠡᠯ ᠢ ᠰᠣᠯᠢᠬᠤ ᠪᠠᠷ ᠭᠤᠶᠤᠴᠢᠯᠠᠵᠤ ᠪᠣᠯᠤᠨ᠎ᠠ︔ ᠲᠦᠷᠪᠡ᠂ ᠳᠣᠲᠣᠷ᠎ᠠ ᠭᠠᠵᠠᠷ ᠲᠤ ᠨᠡᠪᠲᠡᠷᠡᠬᠦ ᠦᠨᠡᠮᠯᠡᠯ ᠰᠣᠯᠢᠵᠤ ᠣᠯᠭᠤᠬᠤ᠂ ᠨᠥᠬᠦᠵᠦ ᠣᠯᠭᠤᠬᠤ ᠴᠢᠬᠤᠯᠠᠲᠠᠶ ᠪᠤᠰᠤᠳ ᠪᠠᠶᠢᠳᠠᠯ ᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠭᠠᠷᠬᠤ ᠣᠷᠣᠬᠤ ᠬᠠᠮᠢᠶᠠᠷᠤᠯᠲᠠ ᠶᠢᠨ ᠲᠣᠪᠴᠢᠶ᠎ᠠ ᠳᠤ ᠱᠠᠳᠤ ᠱᠠᠳᠤ ᠪᠠᠷ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃      ᠲᠤᠭᠲᠠᠭᠠᠭᠰᠠᠨ ᠦᠨᠳᠦᠰᠦᠯᠡᠯ      ︽ᠳᠤᠮᠳᠠᠳᠤ ᠤᠯᠤᠰ ᠤᠨ ᠠᠷᠠᠳ ᠢᠷᠭᠡᠨ ᠬᠤᠪᠢ ᠶᠢᠨ ᠤᠴᠢᠷ ᠢᠶᠠᠷ ᠰᠢᠶᠠᠩᠭᠠᠩ ᠣᠷᠣᠨ ᠪᠤᠶᠤ ᠣᠣᠮᠧᠨ ᠣᠷᠣᠨ ᠳᠤ ᠢᠷᠡᠵᠦ ᠶᠠᠪᠤᠬᠤ ᠶᠢ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ︵1986 ᠣᠨ ᠤ 12 ᠰᠠᠷ᠎ᠠ ᠶᠢᠨ 3 ᠤ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠵᠦ᠂ 1986 ᠣᠨ ᠤ 12 ᠰᠠᠷ᠎ᠠ ᠶᠢᠨ 25 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠨᠡᠶᠢᠲᠡᠯᠡᠪᠡ︶ ᠶᠢᠨ ᠠᠷᠪᠠᠨ ᠳᠥᠷᠪᠡᠳᠦᠭᠡᠷ ᠵᠦᠢᠯ᠄ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠳᠣᠲᠣᠷ᠎ᠠ ᠭᠠᠵᠠᠷ ᠲᠤ ᠢᠷᠡᠪᠡᠯ ᠡᠷᠬᠡᠪᠰᠢ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠤᠨ ᠨᠤᠲᠤᠭ ᠲᠠᠭᠠᠨ ᠪᠤᠴᠠᠬᠤ ᠦᠨᠡᠮᠯᠡᠯ ᠭᠤᠶᠤᠴᠢᠯᠠᠨ ᠠᠪᠬᠤ ᠬᠡᠷᠡᠭᠲᠡᠶ᠃ ᠳᠣᠲᠣᠷ᠎ᠠ ᠭᠠᠵᠠᠷ ᠲᠤ ᠦᠷᠭᠦᠯᠵᠢ ᠢᠷᠡᠳᠡᠭ ᠦᠭᠡᠢ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠬᠢᠯᠢ ᠪᠠᠷ ᠣᠷᠣᠵᠤ ᠭᠠᠷᠬᠤ ᠨᠡᠪᠲᠡᠷᠡᠬᠦ ᠦᠨᠡᠮᠯᠡᠯ ᠢ ᠭᠤᠶᠤᠴᠢᠯᠠᠨ ᠠᠪᠴᠤ ᠪᠣᠯᠤᠨ᠎ᠠ᠃      ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ᠄ 5 ᠵᠢᠯ ᠳᠤ ᠬᠦᠴᠦᠨ ᠲᠠᠢ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠲᠤ ᠢᠷᠡᠵᠦ ᠶᠠᠪᠤᠬᠤ ᠦᠨᠡᠮᠯᠡᠯ 230 ᠲᠥᠭᠦᠷᠢᠭ \ ᠦᠨᠡᠮᠯᠡᠯ᠂ 10 ᠵᠢᠯ ᠳᠤ ᠬᠦᠴᠦᠨ ᠲᠠᠢ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠲᠤ ᠢᠷᠡᠵᠦ ᠶᠠᠪᠤᠬᠤ ᠦᠨᠡᠮᠯᠡᠯ 350 ᠲᠥᠭᠦᠷᠢᠭ \ ᠦᠨᠡᠮᠯᠡᠯ᠃      ᠰᠦᠢᠳᠬᠡᠯ ᠬᠤᠷᠢᠶᠠᠬᠤ ᠦᠨᠳᠦᠰᠦᠯᠡᠯ᠄ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠶᠠᠮᠤᠨ ᠤ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠲᠤ ᠢᠷᠡᠵᠦ ᠶᠠᠪᠤᠬᠤ ᠨᠡᠪᠲᠡᠷᠡᠬᠦ ᠦᠨᠡᠮᠯᠡᠯ ᠢ ᠨᠥᠬᠦᠨ ᠣᠯᠭᠤᠬᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠰᠣᠯᠢᠵᠤ ᠣᠯᠭᠤᠬᠤ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠦᠨ᠎ᠡ ︽2020︾ 1516 ᠳ᠋ᠤᠭᠠᠷ ᠲᠣᠭᠠᠲᠤ︶      ᠭᠦᠢᠴᠡᠳᠬᠡᠬᠦ ᠭᠠᠵᠠᠷ᠄      ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠨ ᠾᠧ ᠵᠠᠮ ᠤᠨ ᠬᠤᠶᠢᠲᠤ ᠬᠡᠰᠡᠭ ᠤᠨ ᠱᠦᠶ ᠠᠨ ᠯᠦᠩ ᠲᠢᠩ ᠪᠠᠭ᠎ᠠ ᠲᠣᠭᠤᠷᠢᠭ ᠤᠨ ᠵᠡᠭᠦᠨ ᠲᠠᠯ᠎ᠠ ᠶᠢᠨ G2 ᠬᠤᠳᠠᠯᠳᠤᠭᠠᠨ ᠤ ᠲᠢᠩᠬᠢᠮ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ — ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠤᠩᠬᠤ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 10 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠰᠦᠩᠱᠠᠨ ᠲᠣᠭᠤᠷᠢᠭ ᠤᠨ ᠱᠦᠶ ᠠᠨ ᠯᠦᠩ ᠲᠢᠩ ᠲᠣᠭᠤᠷᠢᠭ ᠲᠤ ᠪᠠᠭᠤᠨ᠎ᠠ᠂ ᠶᠠᠪᠠᠭᠠᠨ ᠢᠶᠠᠷ 300  ᠮᠧᠲᠷ ᠠᠯᠬᠤᠨ᠎ᠠ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号