ᠬᠦᠯᠢᠶᠡᠨ ᠰᠢᠢᠳᠪᠦᠷᠢᠯᠡᠬᠦ ᠨᠥᠬᠦᠴᠡᠯ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ ᠤ ᠲᠤᠰᠢᠶᠠᠭᠰᠠᠨ ᠡᠪᠬᠡᠮᠡᠯ ᠪᠠᠶᠢᠭᠤᠯᠬᠤ ᠮᠠᠲ᠋ᠧᠷᠢᠶᠠᠯ ᠢ | ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ | ᠲᠤᠭᠲᠠᠭᠠᠭᠰᠠᠨ ᠦᠨᠳᠦᠰᠦᠯᠡᠯ | 【ᠵᠠᠰᠠᠭ ᠵᠠᠬᠢᠷᠭᠠᠨ ᠤ ᠬᠠᠤᠯᠢ ᠲᠣᠭᠲᠠᠭᠠᠯ】︽ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠢᠮ︾ ︵ | ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 385 ᠳ᠋ᠤᠭᠠᠷ ᠲᠣᠭᠠᠲᠤ︶ ᠤᠨ ᠬᠤᠷᠢᠨ ᠳᠥᠷᠪᠡᠳᠦᠭᠡᠷ ᠵᠦᠢᠯ | ᠲᠣᠮᠢᠯᠠᠯᠲᠠ ᠪᠠᠷ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠬᠠᠤᠯᠢᠴᠢ ᠪᠤᠶᠤ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠪᠠᠷ ᠲᠣᠬᠢᠷᠠᠭᠤᠯᠬᠤ ᠶᠢ ᠬᠦᠯᠢᠶᠡᠨ ᠠᠪᠤᠭᠰᠠᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠠᠵᠢᠯᠳᠠᠨ ᠬᠡᠷᠡᠭ ᠢ ᠳᠠᠭᠤᠰᠬᠠᠬᠤ ᠦᠶ᠎ᠡ ᠳᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠠᠭᠤᠯᠪᠤᠷᠢ | ᠳᠡᠪᠲᠡᠷ ᠪᠤᠶᠤ ᠪᠠᠭᠤᠯᠭᠠᠪᠤᠷᠢ ᠵᠢᠴᠢ ᠬᠡᠷᠡᠭ ᠢ ᠳᠠᠭᠤᠰᠬᠠᠭᠰᠠᠨ ᠮᠡᠳᠡᠭᠦᠯᠦᠯᠲᠡ ᠵᠡᠷᠭᠡ ᠮᠠᠲ᠋ᠧᠷᠢᠶᠠᠯ ᠢ ᠲᠤᠰᠢᠶᠠᠬᠤ | ᠬᠡᠷᠡᠭᠲᠡᠶ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠡᠮᠦᠨᠡᠬᠢ ᠪᠠᠳᠠᠭ ᠲᠤ ᠲᠣᠭᠲᠠᠭᠠᠭᠰᠠᠨ ᠬᠡᠷᠡᠭ ᠢ | ᠳᠠᠭᠤᠰᠬᠠᠬᠤ ᠮᠠᠲ᠋ᠧᠷᠢᠶᠠᠯ ᠢ ᠣᠯᠤᠭᠰᠠᠨ ᠤ ᠲᠠᠷᠠᠭ᠎ᠠ᠂ ᠲᠣᠮᠢᠯᠠᠯᠲᠠ ᠶᠢ ᠬᠦᠯᠢᠶᠡᠵᠦ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠬᠠᠤᠯᠢᠴᠢ ᠪᠤᠶᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠰᠢᠢᠳᠪᠦᠷᠢᠯᠡᠬᠦ ᠪᠠᠷ ᠲᠣᠬᠢᠷᠠᠭᠤᠯᠬᠤ ᠶᠢ ᠬᠦᠯᠢᠶᠡᠵᠦ ᠠᠪᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠠᠵᠢᠯᠳᠠᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠨᠥᠬᠦᠪᠥᠷᠢ ᠥᠭᠬᠦ ᠬᠡᠷᠡᠭᠲᠡᠶ᠃ | ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠬᠦ ᠨᠥᠬᠦᠪᠥᠷᠢ ᠶᠢᠨ ᠪᠠᠷᠢᠮᠵᠢᠶ᠎ᠠ ᠶᠢ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠠᠢ ᠬᠠᠮᠲᠤᠷᠠᠨ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ | ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠡᠯ᠎ᠡ ᠲᠦᠷᠦᠯ ᠤᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠳᠤᠮᠳᠠᠴᠢ ᠥᠪᠡᠷ ᠤᠨ ᠦᠷᠳᠡᠭ ᠵᠡᠷᠭᠡ ᠬᠦᠴᠦᠨ | ᠵᠦᠢᠯ ᠢᠶᠠᠷ ᠯᠠᠪᠯᠠᠯᠲᠠ ᠪᠣᠯᠭᠠᠵᠤ ᠬᠢᠨᠠᠨ ᠲᠣᠭᠲᠠᠭᠠᠬᠤ ᠪᠥᠭᠡᠳ ᠡᠭᠦᠨ ᠤ ᠬᠠᠮᠲᠤ ᠬᠡᠷᠡᠭᠴᠡᠭᠡ ᠪᠠᠨ ᠦᠨᠳᠦᠰᠦᠯᠡᠨ | ᠲᠣᠬᠢᠷᠠᠭᠤᠯᠵᠤ ᠪᠣᠯᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ | ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠶᠢᠨ ᠾᠧ ᠵᠠᠮ ᠤᠨ ᠬᠤᠶᠢᠲᠤ ᠬᠡᠰᠡᠭ ᠤᠨ ᠱᠦᠶ ᠠᠨ ᠯᠦᠩ ᠲᠢᠩ ᠪᠠᠭ᠎ᠠ | ᠲᠣᠭᠤᠷᠢᠭ ᠤᠨ ᠵᠡᠭᠦᠨ ᠲᠠᠯ᠎ᠠ ᠶᠢᠨ G4 ᠬᠤᠳᠠᠯᠳᠤᠭᠠᠨ ᠤ ᠲᠢᠩᠬᠢᠮ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠴᠤᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 10 ᠳ᠋ᠤᠭᠠᠷ ᠵᠠᠮ ᠤᠨ ᠲᠡᠷᠭᠡᠨ ᠳᠤ ᠰᠠᠭᠤᠵᠤ ᠱᠦᠶ ᠠᠨ | ᠯᠦᠩ ᠲᠢᠩ ᠤᠨ ᠵᠡᠭᠦᠨ ᠡᠭᠦᠳᠡᠨ ᠳᠤ ᠪᠠᠭᠤᠨ᠎ᠠ |