ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠳᠠᠩᠰᠠᠯᠠᠭᠤᠯᠤᠯᠲᠠ
ᠨᠡᠶᠢᠲᠡᠯᠡᠭᠰᠡᠨ ᠴᠠᠭ᠄
2022/7/6
      ᠬᠦᠯᠢᠶᠡᠨ ᠰᠢᠢᠳᠪᠦᠷᠢᠯᠡᠬᠦ ᠨᠥᠬᠦᠴᠡᠯ      ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠳᠠᠩᠰᠠᠯᠠᠭᠤᠯᠬᠤ ᠵᠠᠩᠬᠢ ᠶᠢᠨ ᠬᠦᠰᠦᠨᠦᠭ          ᠲᠤᠭᠲᠠᠭᠠᠭᠰᠠᠨ ᠦᠨᠳᠦᠰᠦᠯᠡᠯ      【ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 673 ᠳ᠋ᠤᠭᠠᠷ ᠲᠣᠭᠠᠲᠤ ᠵᠠᠷᠯᠢᠭ︶ ᠤᠨ ᠪᠥᠬᠦ ᠠᠭᠤᠯᠭ᠎ᠠ 【 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠦᠷᠦᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠪᠠᠯᠠ ᠣᠷᠣᠭᠤᠯᠤᠯᠲᠠ ᠥᠰᠥᠭ ︿2017﹀ 1490 ᠳ᠋ᠦ᠋ᠭᠡᠷ ᠲᠣᠭᠠᠲᠤ︶ ᠶᠢᠨ ᠳᠣᠯᠣᠳᠤᠭᠠᠷ ᠵᠦᠢᠯ ᠳᠤ ᠪᠦᠷᠢᠳᠬᠡᠨ ᠬᠠᠮᠢᠶᠠᠷᠬᠤ ᠶᠢ ᠬᠡᠷᠡᠭᠵᠢᠭᠦᠯᠦᠭᠰᠡᠨ ᠲᠥᠷᠥᠯ ᠵᠦᠢᠯ ᠢ ᠬᠠᠷᠢᠶ᠎ᠠ ᠭᠠᠵᠠᠷ ᠤᠨ ᠵᠠᠷᠴᠢᠮ ᠶᠣᠰᠣᠭᠠᠷ ᠪᠦᠷᠢᠳᠬᠡᠨ ᠳᠠᠩᠰᠠᠯᠠᠨ᠎ᠠ᠃ ᠠᠶᠢᠮᠠᠭ ᠬᠤᠲᠠ ᠠᠯᠤᠰᠯᠠᠭᠰᠠᠨ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠷᠢᠳᠬᠡᠨ ᠳᠡᠩᠰᠡᠯᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠠᠯᠤᠰᠯᠠᠭᠰᠠᠨ ᠲᠦᠷᠦᠯ ᠵᠦᠢᠯ ᠢ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠷᠢᠳᠬᠡᠨ ᠳᠡᠩᠰᠡᠯᠡᠵᠦ᠂ ᠪᠤᠰᠤᠳ ᠲᠦᠷᠦᠯ ᠵᠦᠢᠯ ᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠷᠢᠳᠬᠡᠨ ᠳᠡᠩᠰᠡᠯᠡᠵᠦ᠂ ᠪᠣᠳᠠᠲᠠᠶ ᠳᠠᠩᠰᠠᠯᠠᠬᠤ ᠪᠠᠶᠢᠭᠤᠯᠤᠯᠭ᠎ᠠ ᠵᠢᠴᠢ ᠡᠷᠬᠡ ᠶᠢᠨ ᠬᠢᠵᠠᠭᠠᠷ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠣᠳᠣᠷᠬᠠᠶᠢᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠦᠷᠦᠯ ᠵᠦᠢᠯ ᠢ ᠳᠠᠩᠰᠠᠯᠠᠬᠤ ᠪᠠᠶᠢᠭᠤᠯᠭ᠎ᠠ ᠵᠢᠴᠢ ᠡᠷᠬᠡ ᠮᠡᠳᠡᠯ ᠤᠨ ᠬᠡᠪᠴᠢᠶ᠎ᠡ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ      ᠭᠦᠢᠴᠡᠳᠬᠡᠬᠦ ᠭᠠᠵᠠᠷ᠄      ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠨ ᠾᠧ ᠵᠠᠮ ᠤᠨ ᠬᠤᠶᠢᠲᠤ ᠬᠡᠰᠡᠭ ᠤᠨ ᠱᠦᠶ ᠠᠨ ᠯᠦᠩ ᠲᠢᠩ ᠵᠢᠵᠢᠭ ᠲᠣᠭᠤᠷᠢᠭ ᠤᠨ ᠵᠡᠭᠦᠨ ᠲᠠᠯ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ G3 — 103 ᠨᠢᠭᠡᠳᠦᠭᠡᠷ ᠳᠠᠪᠬᠤᠷᠯᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠣᠩᠬᠤ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠨᠡᠶᠢᠲᠡ ᠶᠢᠨ ᠮᠠᠰᠢᠨ ᠲᠡᠷᠭᠡᠨ ᠤ ᠱᠤᠭᠤᠮ᠄ 10 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠱᠦᠢ ᠠᠨ ᠯᠦᠩ ᠲᠢᠩ ᠥᠷᠲᠡᠭᠡᠨ ᠳᠤ ᠪᠠᠭᠤᠪᠠᠯ ᠬᠦᠷᠴᠢᠬᠡᠨ᠎ᠡ᠃
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号