ᠬᠦᠯᠢᠶᠡᠨ ᠰᠢᠢᠳᠪᠦᠷᠢᠯᠡᠬᠦ ᠨᠥᠬᠦᠴᠡᠯ | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠪᠠᠷᠢᠬᠤ ᠪᠠ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠬᠢᠬᠦ ᠳᠤ ᠲᠦᠷ ᠬᠡᠷᠡᠭᠯᠡᠬᠦ ᠤᠯᠤᠰ ᠤᠨ ᠥᠮᠴᠢᠯᠡᠯ ᠤᠨ ᠭᠠᠵᠠᠷ | ᠲᠤᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ | ︵1986 ᠣᠨ ᠤ 6 ᠰᠠᠷ᠎ᠠ ᠶᠢᠨ 25 ᠤ ᠡᠳᠦᠷ ᠲᠡᠷᠢᠭᠦᠯᠡᠭᠴᠢ ᠶᠢᠨ ᠵᠠᠷᠯᠢᠭ ᠳᠥᠴᠢᠨ ᠨᠢᠭᠡᠳᠦᠭᠡᠷ᠂ 2019 | ᠣᠨ ᠤ 8 ᠰᠠᠷ᠎ᠠ ᠶᠢᠨ 26 ᠤ ᠡᠳᠦᠷ ᠵᠠᠰᠠᠪᠤᠷᠢ ᠣᠷᠣᠭᠤᠯᠪᠠ︶ ᠶᠢᠨ ᠲᠠᠪᠢᠨ ᠳᠣᠯᠣᠳᠤᠭᠠᠷ ᠵᠦᠢᠯ᠄ ᠪᠥᠲᠥᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠪᠠᠷᠢᠬᠤ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ | ᠬᠢᠬᠦ ᠳᠤ ᠤᠯᠤᠰ ᠤᠨ ᠥᠮᠴᠢᠯᠡᠯ ᠤᠨ ᠭᠠᠵᠠᠷ ᠰᠢᠷᠣᠶ ᠪᠤᠶᠤ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠭᠠᠵᠠᠷ | ᠰᠢᠷᠣᠶ ᠶᠢ ᠲᠦᠷ ᠬᠡᠷᠡᠭᠯᠡᠬᠦ ᠴᠢᠬᠤᠯᠠᠲᠠᠶ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠨ᠎ᠡ᠃ | ᠡᠭᠦᠨ ᠳᠤ ᠬᠤᠳᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠳᠣᠲᠣᠷᠠᠬᠢ ᠭᠠᠵᠠᠷ ᠢ ᠲᠦᠷ ᠬᠡᠷᠡᠭᠯᠡᠬᠦ ᠳᠤ ᠬᠦᠷᠪᠡᠯ | ᠂ ᠮᠡᠳᠡᠭᠦᠯᠵᠦ ᠵᠥᠪᠰᠢᠶᠡᠷᠡᠭᠦᠯᠬᠦ ᠠᠴᠠ ᠪᠠᠨ ᠡᠮᠦᠨ᠎ᠡ ᠤᠷᠢᠳᠠᠪᠠᠷ ᠬᠤᠯᠪᠣᠭᠳᠠᠯ ᠪᠦᠬᠦᠢ ᠬᠤᠳᠠ ᠶᠢᠨ | ᠲᠥᠯᠥᠪᠵᠢᠭᠦᠯᠭᠡ ᠶᠢᠨ ᠵᠠᠰᠠᠭ ᠵᠠᠬᠢᠷᠭᠠᠨ ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ | ᠬᠡᠷᠡᠭᠲᠡᠶ᠃ ᠭᠠᠵᠠᠷ ᠰᠢᠷᠣᠶ ᠶᠢ ᠬᠡᠷᠡᠭᠯᠡᠭᠴᠢᠳ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠢ ᠦᠨᠳᠦᠰᠦᠯᠡᠨ᠂ | ᠪᠠᠶᠢᠭᠠᠯᠢ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠤᠶᠤ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠭᠠᠴᠠᠭᠠᠨ ᠤ ᠠᠷᠠᠳ ᠤᠨ ᠵᠥᠪᠯᠡᠯ ᠯᠦᠭᠡ | ᠭᠠᠵᠠᠷ ᠰᠢᠷᠣᠶ ᠶᠢ ᠲᠦᠷ ᠬᠡᠷᠡᠭᠯᠡᠬᠦ ᠭᠡᠷ᠎ᠡ ᠲᠣᠭᠲᠠᠭᠠᠬᠤ ᠶᠢᠨ ᠬᠠᠮᠲᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ | ᠭᠠᠵᠠᠷ ᠰᠢᠷᠣᠶ ᠶᠢ ᠲᠦᠷ ᠬᠡᠷᠡᠭᠯᠡᠬᠦ ᠲᠥᠯᠥᠪᠦᠷᠢ ᠰᠦᠢᠳᠬᠡᠯ ᠥᠭᠬᠦ ᠬᠡᠷᠡᠭᠲᠡᠶ᠃ ᠭᠠᠵᠠᠷ ᠰᠢᠷᠣᠶ ᠶᠢ ᠲᠦᠷ | ᠬᠡᠷᠡᠭᠯᠡᠭᠴᠢᠳ ᠭᠠᠵᠠᠷ ᠰᠢᠷᠣᠶ ᠶᠢ ᠲᠦᠷ ᠬᠡᠷᠡᠭᠯᠡᠬᠦ ᠭᠡᠷ᠎ᠡ ᠳᠤ ᠪᠣᠯᠵᠣᠨ ᠲᠣᠭᠲᠠᠭᠠᠭᠰᠠᠨ ᠬᠡᠷᠡᠭᠯᠡᠯᠲᠡ ᠶᠣᠰᠣᠭᠠᠷ | ᠭᠠᠵᠠᠷ ᠰᠢᠷᠣᠶ ᠶᠢ ᠬᠡᠷᠡᠭᠯᠡᠬᠦ ᠬᠡᠷᠡᠭᠲᠡᠶ᠂ ᠡᠭᠦᠷᠢᠳᠡ ᠶᠢᠨ ᠴᠢᠨᠠᠷᠲᠠᠶ ᠪᠠᠷᠢᠯᠭ᠎ᠠ ᠪᠠᠷᠢᠵᠤ ᠪᠣᠯᠬᠤ ᠤᠢᠭᠡᠢ᠃ ᠭᠠᠵᠠᠷ | ᠰᠢᠷᠣᠶ ᠶᠢ ᠲᠦᠷ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠲᠦᠷᠡᠭᠦᠯᠬᠦ ᠤᠢᠭᠡᠢ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ | ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠰᠦᠩᠱᠠᠨ ᠲᠣᠭᠤᠷᠢᠭ ᠤᠨ ᠶᠢᠨ ᠾᠧ ᠵᠠᠮ ᠤᠨ ᠬᠤᠶᠢᠲᠤ ᠬᠡᠰᠡᠭ ᠤᠨ ᠱᠦᠶ ᠠᠨ ᠯᠦᠩ ᠲᠢᠩ ᠪᠠᠭ᠎ᠠ | ᠲᠣᠭᠤᠷᠢᠭ ᠤᠨ ᠵᠡᠭᠦᠨ ᠲᠠᠯ᠎ᠠ ᠶᠢᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠰᠦᠩᠱᠠᠨ | ᠲᠣᠭᠤᠷᠢᠭ ᠤᠨ ᠢᠨᠵᠧᠨᠧᠷᠢᠩ ᠤᠨ ᠥᠭᠡᠷᠡᠴᠢᠯᠡᠯᠲᠡ ᠶᠢᠨ ᠠᠯᠪᠠᠨ ᠬᠡᠷ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 10 ᠳ᠋ᠤᠭᠠᠷ ᠵᠠᠮ᠂ 20 ᠳ᠋ᠤᠭᠠᠷ ᠵᠠᠮ ᠤᠨ ᠨᠡᠶᠢᠲᠡ ᠶᠢᠨ | ᠮᠠᠰᠢᠨ ᠲᠡᠷᠭᠡᠨ ᠳᠤ ᠰᠠᠭᠤᠵᠤ ᠱᠦᠶ ᠠᠨ ᠯᠦᠩ ᠲᠢᠩ ᠥᠷᠲᠡᠭᠡᠨ ᠳᠤ ᠪᠠᠭᠤᠪᠠᠯ ᠬᠦᠷᠴᠢᠬᠡᠨ᠎ᠡ᠃ |