ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠶᠢ ᠨᠢᠭᠡᠨᠲᠡ ᠪᠡᠶᠡᠯᠡᠭᠦᠯᠦᠭᠰᠡᠨ ᠪᠥᠭᠡᠳ | ᠬᠠᠤᠯᠢ ᠶᠢᠨ ᠬᠥᠮᠦᠨ ᠤ ᠬᠢᠷᠢ ᠬᠡᠮ ᠲᠠᠢ ᠪᠠᠶᠢᠬᠤ︔ ︵ᠬᠤᠶᠠᠷ︶ ᠦᠢᠯᠡᠳᠪᠦᠷᠢ ᠬᠤᠳᠠᠯᠳᠤᠭᠠᠨ ᠤ ᠲᠠᠩᠰᠠᠯᠠᠨ | ᠡᠵᠡᠩᠨᠡᠬᠦ ᠬᠡᠪᠴᠢᠶᠡᠨ ᠳᠤ ᠬᠡᠪᠯᠡᠭᠳᠡᠬᠦᠨ ᠢ ᠪᠥᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠢ ᠪᠠᠭᠲᠠᠭᠠᠬᠤ︔ ︵ | ᠭᠤᠷᠪᠠ︶ ᠬᠡᠪᠯᠡᠭᠳᠡᠬᠦᠨ ᠢ ᠪᠥᠭᠡᠮ ᠢᠶᠠᠷ ᠬᠤᠳᠠᠯᠳᠤᠬᠤ ᠲᠤᠬᠠᠶᠢᠯᠠᠭᠰᠠᠨ ᠠᠵᠢᠯ ᠲᠠᠢ ᠵᠣᠬᠢᠴᠠᠯᠳᠤᠭᠰᠠᠨ ᠲᠤᠨᠤᠭ | ᠲᠥᠬᠦᠭᠡᠷᠦᠮᠵᠢ ᠪᠠ ᠲᠣᠭᠲᠠᠮᠠᠯ ᠡᠵᠡᠩᠨᠡᠯᠲᠡ ᠶᠢᠨ ᠲᠠᠯᠠᠪᠤᠷ ᠲᠠᠢ ᠪᠠᠶᠢᠵᠤ᠂ ᠡᠵᠡᠩᠨᠡᠯᠲᠡ ᠶᠢᠨ ᠲᠠᠯᠠᠪᠤᠷ ᠤᠨ | ᠲᠠᠯᠠᠪᠠᠢ ᠨᠢ ᠨᠡᠶᠢᠯᠡᠭᠡᠳ 50 ᠲᠡᠭᠰᠢ ᠳᠥᠷᠪᠡᠯᠵᠢᠨ ᠮᠧᠲᠷ ᠠᠴᠠ ᠳᠤᠲᠠᠭᠤ ᠪᠠᠶᠢᠵᠤ ᠪᠣᠯᠬᠤ ᠦᠭᠡᠢ︔ ︵ᠲᠦᠷᠪᠡ︶ | ᠪᠦᠷᠢᠨ ᠲᠡᠭᠦᠯᠳᠡᠷ ᠬᠠᠮᠢᠶᠠᠷᠤᠯᠲᠠ ᠶᠢᠨ ᠲᠦᠷᠢᠮ ᠲᠠᠢ ᠪᠥᠭᠡᠳ ᠠᠵᠢᠯ ᠲᠦᠷᠦᠯ ᠤᠨ ᠪᠠᠷᠢᠮᠵᠢᠶ᠎ᠠ ᠳᠤ ᠨᠡᠶᠢᠴᠡᠭᠰᠡᠨ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠲᠠᠢ ᠪᠠᠶᠢᠬᠤ᠃ ᠲᠠᠶᠢᠯᠪᠤᠷᠢ᠄ ᠡᠵᠡᠩᠨᠡᠯᠲᠡ ᠶᠢᠨ ᠲᠠᠯᠠᠪᠤᠷ | ᠭᠠᠵᠠᠷ ᠭᠡᠳᠡᠭ ᠨᠢ ᠠᠵᠤ ᠠᠬᠤᠶᠢᠯᠠᠯ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠲᠤ ᠳᠠᠩᠰᠠᠯᠠᠭᠤᠯᠤᠨ ᠪᠦᠷᠢᠳᠬᠡᠭᠦᠯᠦᠭᠰᠡᠨ ᠣᠷᠣᠨ ᠰᠠᠭᠤᠴᠠ ᠶᠢ ᠵᠢᠭᠠᠵᠤ ᠪᠠᠶᠢᠨ᠎ᠠ᠃ | ᠲᠤᠭᠲᠠᠭᠠᠭᠰᠠᠨ ᠦᠨᠳᠦᠰᠦᠯᠡᠯ | ︽ᠬᠡᠪᠯᠡᠯ ᠤᠨ ᠬᠠᠮᠢᠶᠠᠷᠤᠯᠲᠠ ᠶᠢᠨ ᠲᠦᠷᠢᠮ︾ ︵2001 ᠣᠨ ᠤ 10 ᠰᠠᠷ᠎ᠠ ᠶᠢᠨ 25 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 343 ᠳ᠋ᠤᠭᠠᠷ ᠲᠣᠭᠠᠲᠤ᠂ 2016 ᠣᠨ ᠤ 2 ᠰᠠᠷ᠎ᠠ ᠶᠢᠨ 6 ᠤ | ᠡᠳᠦᠷ ᠵᠠᠰᠠᠪᠤᠷᠢ ᠣᠷᠣᠭᠤᠯᠪᠠ︶ ᠤᠨ ᠭᠤᠴᠢᠨ ᠲᠠᠪᠤᠳᠤᠭᠠᠷ ᠵᠦᠢᠯ᠄ ᠨᠢᠭᠡᠴᠢ ᠨᠢ ᠬᠡᠪᠯᠡᠭᠳᠡᠬᠦᠨ ᠢ ᠪᠥᠭᠡᠮ ᠢᠶᠠᠷ | ᠬᠤᠳᠠᠯᠳᠤᠬᠤ ᠲᠤᠬᠠᠶᠢᠯᠠᠭᠰᠠᠨ ᠠᠵᠢᠯ ᠢ ᠡᠷᠭᠢᠯᠡᠬᠦ ᠳᠤ ᠭᠦᠷᠪᠡᠯ᠂ ᠡᠷᠬᠡᠪᠰᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠪᠯᠡᠯ ᠤᠨ ᠵᠠᠰᠠᠭ ᠵᠠᠬᠢᠷᠭᠠᠨ ᠤ ᠡᠷᠭᠢᠯᠡᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠬᠡᠷᠡᠭᠲᠡᠶ᠃ ᠭᠤᠴᠢᠨ ᠳᠣᠯᠣᠳᠤᠭᠠᠷ | ᠵᠦᠢᠯ᠄ ᠬᠡᠪᠯᠡᠭᠳᠡᠬᠦᠨ ᠲᠠᠷᠬᠠᠭᠠᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠨᠢᠭᠡᠴᠢ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ︽ᠬᠡᠪᠯᠡᠭᠳᠡᠬᠦᠨ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠤᠨ | ᠳᠠᠩᠰᠠᠯᠠᠭᠤᠯᠤᠭᠰᠠᠨ ᠵᠦᠢᠯ ᠤᠳ ᠢᠶᠠᠨ ᠬᠤᠪᠢᠷᠠᠭᠤᠯᠬᠤ᠂ ᠡᠰᠡᠬᠦᠯ᠎ᠡ ᠨᠡᠶᠢᠯᠡᠭᠦᠯᠬᠦ᠂ ᠰᠠᠯᠭᠠᠬᠤ ᠳᠤ ᠬᠦᠷᠪᠡᠯ᠂ ᠲᠤᠰ | ᠲᠦᠷᠢᠮ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ | ᠬᠢᠬᠦ ᠬᠡᠷᠡᠭᠲᠡᠶ᠃ ︽ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ︾ ︽ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ︵2019 ᠣᠨ︶ ᠪᠠ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠤᠨ ᠭᠠᠷᠴᠠᠭ ᠢ ᠬᠦᠴᠦᠨ ᠥᠬᠡᠶ ᠪᠣᠯᠭᠠᠬᠤ ᠪᠠ ᠳᠣᠷᠣᠭᠰᠢ ᠪᠠᠭᠤᠯᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ | ︹ 2019 ︺ 16 ᠳ᠋ᠤᠭᠠᠷ ᠲᠣᠭᠠᠲᠤ︶ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ | ᠭᠦᠢᠴᠡᠳᠬᠡᠬᠦ ᠭᠠᠵᠠᠷ᠄ ᠰᠢᠨ᠎ᠡ ᠬᠤᠲᠠ ᠲᠣᠭᠤᠷᠢᠭ ᠤᠨ ᠢᠦᠶ ᠯᠦᠩ ᠶᠡᠭᠡ ᠵᠡᠭᠡᠯᠢ ᠶᠢᠨ 66 ᠳ᠋ᠤᠭᠠᠷ | ᠨᠣᠮᠧᠷ ᠪᠤᠶᠤ ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ | ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠣᠷᠣᠯᠠᠨ ᠭᠦᠢᠴᠡᠳᠬᠡᠬᠦ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 12᠄ 00᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 39 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠥᠪᠥᠷ | ᠮᠣᠩᠭᠤᠯ ᠤᠨ ᠭᠠᠵᠠᠷ ᠠᠭᠤᠷᠬᠠᠶ ᠶᠢᠨ ᠬᠦᠷᠢᠶᠡᠯᠡᠩ ᠳᠤ ᠪᠠᠭᠤᠨ᠎ᠠ᠂ 272 ᠮᠧᠲᠷ ᠠᠯᠬᠤᠨ᠎ᠠ︔ 37 ᠳ᠋ᠤᠭᠠᠷ | ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ | ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠵᠠᠮ ᠤᠨ ᠲᠡᠷᠭᠡᠨ ᠳᠤ | ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ | ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃ |