ᠳᠥᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠭᠦᠢᠴᠡᠳᠬᠡᠬᠦ
ᠨᠡᠶᠢᠲᠡᠯᠡᠭᠰᠡᠨ ᠴᠠᠭ᠄
2022/7/6
      ᠬᠦᠯᠢᠶᠡᠨ ᠰᠢᠢᠳᠪᠦᠷᠢᠯᠡᠬᠦ ᠨᠥᠬᠦᠴᠡᠯ      ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2᠂ ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ  ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3᠂ ᠭᠤᠶᠤᠴᠢᠯᠠᠭᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠭᠰᠡᠨ ᠮᠠᠲ᠋ᠧᠷᠢᠶᠠᠯ ᠨᠢ ᠪᠦᠷᠢᠨ ᠭᠦᠢᠴᠡᠳ ᠪᠤᠶᠤ ᠪᠦᠷᠢᠨ ᠭᠦᠢᠴᠡᠳ ᠨᠥᠬᠦᠪᠥᠷᠢᠯᠡᠭᠦᠯᠬᠦ ᠪᠠᠷ ᠱᠠᠭᠠᠷᠳᠠᠭᠰᠠᠨ ᠢ ᠬᠠᠩᠭᠠᠬᠤ᠃ ︵ᠬᠤᠶᠠᠷ︶ ᠥᠯᠥ ᠵᠥᠪᠰᠢᠶᠡᠷᠡᠭᠰᠡᠨ ᠪᠠᠶᠢᠳᠠᠯ᠄ 1᠂ ᠭᠤᠶᠤᠴᠢᠯᠠᠭᠰᠠᠨ ᠵᠦᠢᠯ ᠨᠢ ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2᠂ ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃      ᠲᠤᠭᠲᠠᠭᠠᠭᠰᠠᠨ ᠦᠨᠳᠦᠰᠦᠯᠡᠯ          ︽ᠰᠠᠯᠠᠭ᠎ᠠ ᠮᠥᠴᠢᠷ ᠤᠨ ᠲᠦᠷᠢᠮ ᠲᠣᠭᠲᠠᠭᠠᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ︵2005 ᠣᠨ ᠤ 6 ᠰᠠᠷ᠎ᠠ ᠶᠢᠨ 7 ᠤ ᠡᠳᠦᠷ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 78 ᠳ᠋ᠤᠭᠠᠷ ᠲᠣᠭᠠᠲᠤ ᠪᠠᠷ ᠨᠡᠶᠢᠲᠡᠯᠡᠪᠡ 2005 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ ᠨᠠᠢᠮᠠᠳᠤᠭᠠᠷ ᠵᠦᠢᠯ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠳᠦᠯᠲᠡᠢ ᠦᠢᠯᠡᠳᠦᠨ ᠲᠠᠷᠬᠠᠭᠠᠵᠤ᠂ ᠬᠠᠮᠢᠶᠠᠷᠤᠨ᠎ᠠ᠃      ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ᠄ 10 ᠲᠥᠭᠦᠷᠢᠭ \ ᠦᠨᠡᠮᠯᠡᠯ      ᠰᠦᠢᠳᠬᠡᠯ ᠬᠤᠷᠢᠶᠠᠬᠤ ᠦᠨᠳᠦᠰᠦ ᠪᠠᠷᠢᠮᠲᠠ᠄ ᠳᠣᠲᠣᠭᠠᠳᠤ ᠠᠯᠪᠠᠨ ᠠᠴᠠ ᠵᠠᠰᠠᠬᠤ ﹇1996﹈ 4  ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ      ᠭᠦᠢᠴᠡᠳᠬᠡᠬᠦ ᠭᠠᠵᠠᠷ᠄      ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠨ ᠾᠧ ᠵᠠᠮ ᠤᠨ ᠬᠤᠶᠢᠲᠤ ᠬᠡᠰᠡᠭ ᠤᠨ ᠱᠦᠶ ᠠᠨ ᠯᠦᠩ ᠲᠢᠩ ᠪᠠᠭ᠎ᠠ ᠲᠣᠭᠤᠷᠢᠭ ᠤᠨ ᠵᠡᠭᠦᠨ ᠲᠠᠯ᠎ᠠ ᠶᠢᠨ G2 ᠬᠤᠳᠠᠯᠳᠤᠭᠠᠨ ᠤ ᠲᠢᠩᠬᠢᠮ ᠤᠨ ᠰᠦᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ — ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠤᠩᠬᠤ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 10 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠰᠦᠩᠱᠠᠨ ᠲᠣᠭᠤᠷᠢᠭ ᠤᠨ ᠱᠦᠶ ᠠᠨ ᠯᠦᠩ ᠲᠢᠩ ᠲᠣᠭᠤᠷᠢᠭ ᠲᠤ ᠪᠠᠭᠤᠨ᠎ᠠ᠂ ᠶᠠᠪᠠᠭᠠᠨ ᠢᠶᠠᠷ 300  ᠮᠧᠲᠷ ᠠᠯᠬᠤᠨ᠎ᠠ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号