ᠬᠦᠯᠢᠶᠡᠨ ᠰᠢᠢᠳᠪᠦᠷᠢᠯᠡᠬᠦ ᠨᠥᠬᠦᠴᠡᠯ | ᠲᠣᠮᠣ ᠬᠡᠯᠪᠡᠷᠢ ᠶᠢᠨ ᠠᠶᠠᠨᠴᠢᠳ ᠤᠨ ᠲᠡᠷᠭᠡ᠂ ᠴᠢᠷᠬᠦ ᠲᠡᠷᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡ᠂ | ᠳᠤᠮᠳᠠ ᠬᠡᠯᠪᠡᠷᠢ ᠶᠢᠨ ᠠᠶᠠᠨᠴᠢᠳ ᠤᠨ ᠲᠡᠷᠭᠡ᠂ ᠲᠣᠮᠣ ᠬᠡᠯᠪᠡᠷᠢ ᠶᠢᠨ ᠪᠠᠷᠠᠭᠠᠨ ᠤ ᠲᠡᠷᠭᠡ ︵ᠲᠣᠮᠣ ᠳᠤᠮᠳᠠ | ᠬᠡᠯᠪᠡᠷᠢ ᠶᠢᠨ ᠠᠶᠠᠨᠴᠢᠳ ᠤᠨ ᠪᠠ ᠪᠠᠷᠠᠭᠠᠨ ᠤ ᠲᠡᠷᠭᠡ ᠭᠡᠵᠦ ᠲᠣᠪᠴᠢᠯᠠᠨ᠎ᠠ︶ ᠶᠢᠨ ᠵᠢᠯᠣᠭᠤᠴᠢ ᠶᠢᠨ ᠦᠨᠡᠮᠯᠡᠯ ᠲᠠᠢ | ᠨᠢᠭᠡ ᠬᠤᠪᠢ ᠲᠡᠮᠳᠡᠭᠯᠡᠬᠦ ᠦᠶᠡᠯᠡᠯ ᠤᠨ ᠬᠤᠭᠤᠴᠠᠭᠠᠨ ᠳᠤ ᠬᠤᠪᠢ ᠲᠡᠮᠳᠡᠭᠯᠡᠭᠡᠳ 12 ᠬᠤᠪᠢ ᠭᠦᠷᠦᠭᠰᠡᠨ ᠥᠬᠡᠶ | ᠪᠠᠶᠢᠬᠤ ᠬᠡᠷᠡᠭᠲᠡᠢ᠃ ᠪᠤᠰᠤᠳ ᠲᠡᠷᠭᠡ ᠶᠢᠨ ᠵᠥᠪᠰᠢᠶᠡᠷᠡᠭᠰᠡᠨ ᠲᠡᠷᠭᠡᠨ ᠤ ᠬᠡᠯᠪᠡᠷᠢ ᠶᠢᠨ ᠵᠢᠯᠣᠭᠤᠴᠢ ᠶᠢᠨ | ᠦᠨᠡᠮᠯᠡᠯ ᠲᠠᠢ ᠪᠠᠶᠢᠵᠤ ᠵᠠᠮ ᠬᠠᠷᠢᠯᠴᠠᠭᠠᠨ ᠤ ᠠᠳᠡᠯ ᠭᠠᠷᠤᠭᠠᠳ ᠬᠥᠮᠦᠨ ᠠᠳᠡᠭᠰᠡᠨ ᠤ ᠬᠠᠷᠠᠭ᠎ᠠ ᠪᠠᠷ ᠠᠳᠠᠯᠢ | ᠳᠡᠰ ᠠᠴᠠ ᠳᠡᠭᠡᠭᠰᠢ ᠬᠠᠷᠢᠭᠤᠴᠠᠯᠭ᠎ᠠ ᠡᠭᠦᠷᠭᠡᠯᠡᠭᠡᠳ ᠵᠢᠯᠣᠭᠤᠴᠢ ᠶᠢᠨ ᠦᠨᠡᠮᠯᠡᠯ ᠢᠶᠠᠨ ᠬᠤᠷᠢᠶᠠᠭᠳᠠᠨ ᠬᠦᠴᠦᠨ | ᠦᠭᠡᠢ ᠪᠣᠯᠭᠠᠭᠳᠠᠭᠰᠠᠨ ᠦᠭᠡᠢ ᠵᠢᠴᠢ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠵᠢᠯᠣᠭᠤᠴᠢ ᠲᠤᠬᠠᠶ ᠶᠢᠨ | ᠲᠠᠯᠠᠪᠠᠢ ᠶᠢᠨ ᠬᠢᠨᠠᠨ ᠰᠢᠯᠭᠠᠬᠤ ᠰᠤᠷᠭᠠᠨ ᠬᠥᠮᠦᠵᠢᠯ ᠤᠨ ᠰᠤᠷᠤᠯᠴᠠᠯᠭ᠎ᠠ ᠳᠤ ᠣᠷᠣᠯᠴᠠᠬᠤ ᠬᠡᠷᠡᠭᠲᠡᠶ᠃ ᠪᠦᠬᠦᠯᠢ 3 | ᠴᠠᠭ ᠰᠤᠷᠤᠯᠴᠠᠭᠰᠠᠨ ᠪᠥᠭᠡᠳ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠴᠣᠩᠬᠤᠨ ᠤ | ᠲᠤᠬᠠᠶᠢᠯᠠᠭᠰᠠᠨ ᠠᠵᠢᠯ ᠤᠨ ᠠᠵᠢᠯᠲᠠᠨ ᠵᠢᠯᠣᠭᠤᠴᠢ ᠳᠤ ᠨᠢᠭᠡᠨᠲᠡ ᠰᠤᠷᠤᠯᠴᠠᠭᠰᠠᠨ ᠭᠡᠷᠡᠴᠢ ᠪᠠᠷᠢᠮᠲᠠ ᠭᠠᠷᠭᠠᠨ | ᠥᠭᠴᠦ᠂ ᠵᠢᠯᠣᠭᠤᠴᠢ ᠰᠤᠷᠤᠯᠴᠠᠭᠰᠠᠨ ᠭᠡᠷᠡᠴᠢ ᠪᠠᠷᠢᠮᠲᠠ ᠪᠠᠨ ᠠᠪᠴᠤ ᠬᠢᠨᠠᠨ ᠰᠢᠯᠭᠠᠬᠤ ᠲᠤᠬᠠᠶᠢᠯᠠᠭᠰᠠᠨ ᠠᠵᠢᠯ ᠢ | ᠭᠦᠢᠴᠡᠳᠬᠡᠨ᠎ᠡ᠃ | ᠲᠤᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ︾ ︵2003 ᠣᠨ ᠤ 10 ᠰᠠᠷ᠎ᠠ ᠶᠢᠨ 28 ᠤ ᠡᠳᠦᠷ ᠤᠨ ᠲᠡᠷᠢᠭᠦᠯᠡᠭᠴᠢ ᠶᠢᠨ ᠵᠠᠷᠯᠢᠭ ᠢᠶᠠᠷ 8 ᠳ᠋ᠤᠭᠠᠷ | ᠲᠣᠭᠠᠲᠤ᠂ 2011 ᠣᠨ ᠤ 4 ᠰᠠᠷ᠎ᠠ ᠶᠢᠨ 22 ᠤᠨ ᠡᠳᠦᠷ ᠵᠠᠰᠠᠪᠤᠷᠢ ᠣᠷᠣᠭᠤᠯᠪᠠ︶ ᠶᠢᠨ ᠠᠷᠪᠠ ᠶᠢᠰᠦᠳᠦᠭᠡᠷ | ᠵᠦᠢᠯ᠄ ᠮᠠᠰᠢᠨᠲᠤ ᠲᠡᠷᠭᠡ ᠵᠢᠯᠣᠭᠤᠳᠬᠤ ᠳᠤ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠬᠠᠤᠯᠢ ᠶᠣᠰᠣᠭᠠᠷ | ᠣᠯᠤᠭᠰᠠᠨ ᠪᠠᠶᠢᠬᠤ ᠬᠡᠷᠡᠭᠲᠡᠶ᠃ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠭᠤᠶᠤᠴᠢᠯᠠᠬᠤ ᠳᠤ ᠳᠦᠷᠦ ᠶᠢᠨ | ᠶᠠᠪᠤᠳᠠᠯ ᠤᠨ ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠢᠯᠣᠭᠤᠳᠬᠤ ᠶᠢ | ᠵᠥᠪᠰᠢᠶᠡᠷᠡᠬᠦ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ︔ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠵᠣᠬᠢᠴᠠᠩᠭᠤᠶ ᠳᠦᠷᠦᠯ ᠢᠯᠭᠠᠯ ᠤᠨ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠣᠯᠭᠤᠨ᠎ᠠ᠃ ᠬᠢᠯᠢ ᠶᠢᠨ ᠭᠠᠳᠠᠨᠠᠬᠢ | ᠮᠠᠰᠢᠨᠲᠤ ᠲᠡᠷᠭᠡ ᠵᠢᠯᠣᠭᠤᠳᠬᠤ ᠦᠨᠡᠮᠯᠡᠯ ᠲᠠᠢ ᠬᠥᠮᠦᠨ ᠳᠦᠷᠦ ᠶᠢᠨ ᠶᠠᠪᠤᠳᠠᠯ ᠤᠨ ᠬᠤᠷᠢᠶᠠᠨ ᠤ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠢᠯᠣᠭᠤᠳᠬᠤ ᠶᠢ ᠵᠥᠪᠰᠢᠶᠡᠷᠡᠬᠦ ᠨᠥᠬᠦᠴᠡᠯ ᠳᠤ ᠨᠡᠶᠢᠴᠡᠵᠦ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠳᠤᠮᠳᠠᠳᠤ ᠤᠯᠤᠰ ᠤᠨ ᠮᠠᠰᠢᠨᠲᠤ ᠲᠡᠷᠭᠡ ᠵᠢᠯᠣᠭᠤᠳᠬᠤ | ᠦᠨᠡᠮᠯᠡᠯ ᠣᠯᠭᠤᠵᠤ ᠪᠣᠯᠤᠨ᠎ᠠ᠃ ᠬᠤᠷᠢᠨ ᠭᠤᠷᠪᠠᠳᠤᠭᠠᠷ ᠵᠦᠢᠯ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠮᠠᠰᠢᠨᠲᠤ ᠲᠡᠷᠭᠡ ᠵᠢᠯᠣᠭᠤᠳᠬᠤ ᠦᠨᠡᠮᠯᠡᠯ ᠢ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠰᠢᠯᠭᠠᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ᠄ | ᠭᠦᠢᠴᠡᠳᠬᠡᠬᠦ ᠭᠠᠵᠠᠷ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ 111 ᠤᠯᠤᠰ ᠤᠨ ᠵᠠᠮ | ᠬᠢᠭᠡᠳ 306 ᠤᠯᠤᠰ ᠤᠨ ᠵᠠᠮ ᠤᠨ ᠠᠭᠤᠯᠵᠠᠷ ᠤᠨ ᠪᠠᠷᠠᠭᠤᠨ 50 ᠮᠧᠲᠷ ᠤᠨ ᠨᠠᠨᠱᠠᠨ ᠲᠡᠷᠭᠡᠨ ᠤ | ᠬᠠᠮᠢᠶᠠᠷᠤᠯᠲᠠ ᠶᠢᠨ ᠭᠠᠵᠠᠷ ᠤᠨ ᠲᠤᠬᠠᠶᠢᠯᠠᠭᠰᠠᠨ ᠠᠵᠢᠯ ᠤᠨ ᠲᠢᠩᠬᠢᠮ ᠤᠨ 4 ᠳ᠋ᠦ᠋ᠭᠡᠷ᠂ 5 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 8᠄ 30 — 16᠄ 00 ︵ | ᠦᠳᠡ ᠳᠤ ᠠᠮᠠᠷᠠᠬᠤ ᠥᠬᠡᠶ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ | ᠪᠠᠭᠲᠠᠬᠤ ᠥᠬᠡᠶ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 11 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠤ | ᠬᠠᠮᠢᠶᠠᠷᠤᠯᠲᠠ ᠶᠢᠨ ᠭᠠᠵᠠᠷ ᠤᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠳᠤ ᠪᠠᠭᠤᠵᠤ 190 ᠮᠧᠲᠷ ᠠᠯᠬᠤᠨ᠎ᠠ᠃ | 105 ᠳ᠋ᠤᠭᠠᠷ ᠥᠷᠲᠡᠭᠡ ᠨᠡᠶᠢᠲᠡ ᠶᠢᠨ ᠮᠠᠰᠢᠨ ᠲᠡᠷᠭᠡᠨ ᠤ ᠳ᠋ᠡ ᠰᠢ ᠭᠸᠦ ᠳ᠋ᠤᠤ ᠺᠸᠦ ᠥᠷᠲᠡᠭᠡᠨ ᠳᠤ ᠪᠠᠭᠤᠵᠤ 2. | 7 ᠺᠢᠯᠣᠮᠧᠲᠷ ᠠᠯᠬᠤᠭᠠᠳ ᠨᠠᠨᠱᠠᠨ ᠲᠡᠷᠭᠡᠨ ᠬᠠᠮᠢᠶᠠᠷᠤᠯᠲᠠ ᠶᠢᠨ ᠭᠠᠵᠠᠷ ᠲᠤ ᠬᠦᠷᠦᠨ᠎ᠡ |