ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠥᠷᠢ ᠶᠢᠨ ᠬᠢᠷᠢ ᠬᠡᠮ ᠢ  ᠨᠤᠲᠠᠯᠠᠬᠤ
ᠨᠡᠶᠢᠲᠡᠯᠡᠭᠰᠡᠨ ᠴᠠᠭ᠄
2022/7/6
      ᠬᠦᠯᠢᠶᠡᠨ ᠰᠢᠢᠳᠪᠦᠷᠢᠯᠡᠬᠦ ᠨᠥᠬᠦᠴᠡᠯ      ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ ᠤᠨ ᠠᠭᠤᠯᠭ᠎ᠠ᠄ 1. ᠰᠦᠩᠱᠠᠨ ᠲᠣᠭᠤᠷᠢᠭ ᠤᠨ ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠠᠬᠢ ᠬᠥᠮᠦᠨ ᠳᠤᠮᠳᠠᠴᠢ ᠶᠢᠨ ᠪᠠᠷᠢᠯᠭ᠎ᠠ ᠶᠢᠨ ᠲᠠᠯᠠᠪᠠᠶ ᠨᠢ 15 ᠲᠡᠭᠰᠢ ᠳᠥᠷᠪᠡᠯᠵᠢᠨ ᠮᠧᠲᠷ ᠲᠤ ᠬᠥᠷᠬᠦ ᠥᠬᠡᠶ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠶᠢᠨ ᠬᠡᠷ ᠪᠦᠯᠢ︔ 2. ᠬᠥᠮᠦᠨ ᠳᠤᠮᠳᠠᠴᠢ ᠶᠢᠨ ᠪᠠᠷᠢᠯᠭ᠎ᠠ ᠶᠢᠨ ᠲᠠᠯᠠᠪᠠᠶ ᠨᠢ 13 ᠲᠡᠭᠰᠢ ᠳᠥᠷᠪᠡᠯᠵᠢᠨ ᠮᠧᠲᠷ ᠲᠤ ᠬᠦᠷᠬᠦ ᠦᠭᠡᠶ ᠣᠷᠣᠯᠭ᠎ᠠ ᠪᠠᠭᠠᠲᠠᠶ ᠪᠥᠭᠡᠳ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ      ᠲᠤᠭᠲᠠᠭᠠᠭᠰᠠᠨ ᠦᠨᠳᠦᠰᠦᠯᠡᠯ         ᠨᠢᠭᠡ᠄ ︽ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠶᠢᠨ ᠲᠦᠷᠢᠶᠡᠰᠦᠯᠡᠯ ᠤᠨ ᠨᠥᠬᠦᠪᠥᠷᠢ ᠶᠢᠨ ᠠᠵᠢᠯ ᠢ ᠰᠠᠶᠢᠲᠤᠷ ᠬᠢᠬᠦ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ︾ ︵ᠪᠥᠲᠥᠭᠡᠨ ᠪᠠᠶᠢᠭᠤᠯᠤᠯᠲᠠ︹2016︺281 ᠳ᠋ᠦ᠋ᠭᠡᠷ ᠲᠣᠭᠠᠲᠤ︶᠄ ᠬᠤᠶᠠᠷ᠂ ᠲᠦᠷᠢᠶᠡᠰᠦᠯᠡᠯ ᠤᠨ ᠨᠥᠬᠦᠪᠥᠷᠢ ᠶᠢᠨ ᠪᠣᠳᠠᠲᠠᠶ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ᠎ᠠ ︵ᠨᠢᠭᠡ︶ ᠵᠥᠪᠰᠢᠶᠡᠷᠡᠨ ᠣᠷᠣᠭᠤᠯᠬᠤ ᠨᠥᠬᠦᠴᠡᠯ ᠢ ᠰᠤᠳᠤᠯᠤᠨ ᠲᠣᠭᠲᠠᠭᠠᠨ᠎ᠠ᠃ ᠁ ᠁ ᠪᠣᠳᠠᠲᠠᠶ ᠨᠥᠬᠦᠴᠡᠯ ᠪᠠ ᠬᠠᠷᠢᠴᠠᠯ ᠢ ᠡᠯ᠎ᠡ ᠭᠠᠵᠠᠷ ᠤᠨ ᠬᠢᠨ ᠰᠤᠳᠤᠯᠤᠨ ᠲᠣᠭᠲᠠᠭᠠᠬᠤ ᠶᠢᠨ ᠬᠠᠮᠲᠤ ᠬᠥᠳᠡᠯᠦᠩᠭᠦᠶ ᠪᠠᠷ ᠲᠣᠬᠢᠷᠠᠭᠤᠯᠵᠤ᠂ ᠨᠡᠶᠢᠭᠡᠮ ᠳᠤ ᠨᠡᠶᠢᠲᠡᠯᠡᠨ᠎ᠡ᠃ ︵ᠬᠤᠶᠠᠷ︶ ᠨᠥᠬᠦᠪᠥᠷᠢ ᠶᠢᠨ ᠪᠠᠷᠢᠮᠵᠢᠶ᠎ᠠ ᠶᠢ ᠲᠠᠰ ᠬᠤᠪᠢᠶᠠᠨ ᠲᠣᠭᠲᠠᠭᠠᠨ᠎ᠠ᠃ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠤᠨ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠤᠨ ᠲᠦᠷᠢᠶᠡᠰᠦᠨ ᠮᠥᠩᠭᠦ ᠶᠢᠨ ᠬᠢᠷᠢ ᠬᠡᠮᠵᠢᠶ᠎ᠡ᠂ ᠨᠥᠬᠦᠪᠥᠷᠢ ᠭᠤᠶᠤᠴᠢᠯᠠᠬᠤ ᠬᠡᠷ ᠪᠦᠯᠢ ᠶᠢᠨ ᠳᠥᠯᠥᠬᠦ ᠴᠢᠳᠠᠪᠤᠷᠢ ᠵᠢᠴᠢ ᠡᠳ᠋ ᠤᠨ ᠬᠦᠴᠦᠨ ᠤ ᠬᠢᠷᠢ ᠬᠡᠮᠵᠢᠶ᠎ᠡ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠲᠦᠷᠢᠶᠡᠰᠦᠯᠡᠯ ᠤᠨ ᠨᠥᠬᠦᠪᠥᠷᠢ ᠶᠢᠨ ᠪᠠᠷᠢᠮᠵᠢᠶ᠎ᠠ ᠶᠢ ᠲᠠᠰ ᠬᠤᠪᠢᠶᠠᠨ ᠲᠣᠭᠲᠠᠭᠠᠬᠤ ᠬᠡᠷᠡᠭᠲᠡᠶ ᠁ ︵ᠭᠤᠷᠪᠠ︶ ᠲᠦᠷᠢᠶᠡᠰᠦᠯᠡᠯ ᠤᠨ ᠨᠥᠬᠦᠪᠥᠷᠢ ᠶᠢᠨ ᠲᠠᠯᠠᠪᠠᠶ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠁ ᠵᠠᠷᠴᠢᠮ ᠳᠡᠭᠡᠷ᠎ᠡ ᠪᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠳᠤᠮᠳᠠ ᠵᠢᠵᠢᠭ ᠬᠡᠯᠪᠡᠷᠢ ᠶᠢᠨ ᠬᠡᠷ ᠪᠠᠶᠢᠰᠢᠩ ᠢ ᠲᠦᠷᠢᠶᠡᠰᠦᠯᠡᠨ ᠰᠠᠭᠤᠬᠤ ᠬᠡᠷᠡᠭᠲᠡᠶ᠂ ᠡᠷᠦᠬᠡ ᠶᠢᠨ ᠳᠤᠮᠳᠠᠴᠢ ᠲᠦᠷᠢᠶᠡᠰᠦᠯᠡᠯ ᠤᠨ ᠨᠥᠬᠦᠪᠥᠷᠢ ᠶᠢᠨ ᠲᠠᠯᠠᠪᠠᠶ ᠶᠢ 60 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠬᠡᠲᠦᠷᠡᠭᠰᠡᠨ ᠬᠡᠰᠡᠭ ᠢ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠷ ᠪᠦᠯᠢ ᠥᠪᠡᠰᠦᠪᠡᠨ ᠡᠭᠦᠷᠭᠡᠯᠡᠨ᠎ᠡ᠃ ︵ᠳᠥᠷᠪᠡ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠁ ᠭᠤᠷᠪᠠ᠂ ᠲᠦᠷᠢᠶᠡᠰᠦᠯᠡᠯ ᠤᠨ ᠨᠥᠬᠦᠪᠥᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ ︵ᠨᠢᠭᠡ︶ ᠭᠡᠷ᠎ᠡ ᠶᠢ ᠳᠠᠩᠰᠠᠯᠠᠬᠤ ᠲᠦᠷᠢᠮ ᠢ ᠵᠢᠷᠤᠮᠵᠢᠭᠤᠯᠤᠨ᠎ᠠ᠃ ᠲᠦᠷᠢᠶᠡᠰᠦᠯᠡᠯ ᠤᠨ ᠨᠥᠬᠦᠪᠥᠷᠢ ᠭᠤᠶᠤᠴᠢᠯᠠᠬᠤ ᠬᠡᠷ ᠪᠦᠯᠢ ᠨᠢ ᠬᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠦᠨ ᠪᠤᠶᠤ ᠲᠡᠭᠦᠨ ᠤ ᠨᠠᠶᠢᠳᠠᠭᠴᠢ ᠯᠤᠭ᠎ᠠ ᠲᠦᠷᠢᠶᠡᠰᠦᠯᠡᠬᠦ ᠭᠡᠷ᠎ᠡ ᠲᠣᠭᠲᠠᠬᠤ ᠬᠡᠷᠡᠭᠲᠡᠶ ᠁ ︵ᠬᠤᠶᠠᠷ︶ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ ᠲᠦᠷᠢᠶᠡᠰᠦᠯᠡᠬᠦ ᠨᠥᠬᠦᠪᠥᠷᠢ ᠶᠢᠨ ᠲᠠᠩᠰᠠ ᠡᠪᠬᠡᠮᠡᠯ ᠢ ᠡᠷᠦᠬᠡ ᠪᠠᠷ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠵᠤ᠂ ᠨᠥᠬᠦᠪᠥᠷᠢ ᠣᠯᠭᠤᠬᠤ ᠬᠡᠷ ᠪᠦᠯᠢ ᠶᠢᠨ ᠬᠥᠮᠦᠨ ᠠᠮᠠ᠂ ᠣᠷᠣᠯᠭ᠎ᠠ᠂ ᠣᠷᠣᠨ ᠰᠠᠭᠤᠴᠠ ᠵᠡᠷᠭᠡ ᠶᠢᠨ ᠮᠡᠳᠡᠭᠡ ᠵᠠᠩᠭᠢ ᠶᠢᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ᠃ ᠁ ᠁ ︵ᠭᠤᠷᠪᠠ︶ ᠮᠡᠳᠡᠭᠡ ᠵᠠᠩᠭᠢ ᠶᠢ ᠢᠯᠡ ᠪᠣᠯᠭᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠬᠦᠯᠦᠨ᠎ᠠ᠃ ᠡᠯ᠎ᠡ ᠭᠠᠵᠠᠷ ᠤᠨ ᠬᠢᠨ ᠲᠦᠷᠢᠶᠡᠰᠦᠯᠡᠯ ᠤᠨ ᠨᠥᠬᠦᠪᠥᠷᠢ ᠶᠢ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ ᠪᠠ ᠣᠯᠭᠤᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠦᠷᠢᠶᠡᠰᠦᠯᠡᠯ ᠤᠨ ᠨᠥᠬᠦᠪᠥᠷᠢ ᠶᠢ ᠣᠯᠭᠤᠬᠤ ᠲᠥᠯᠥᠪᠯᠡᠭᠡ᠂ ᠣᠯᠭᠤᠬᠤ ᠡᠲᠡᠭᠡᠳ᠂ ᠭᠤᠶᠤᠴᠢᠯᠠᠯ ᠢ ᠬᠢᠨᠠᠨ ᠬᠠᠷᠭᠤᠭᠤᠯᠬᠤ ᠵᠢᠷᠤᠮ᠂ ᠲᠠᠷᠬᠠᠭᠠᠭᠰᠠᠨ ᠦᠷ᠎ᠡ ᠳ᠋ᠦᠩ ᠵᠢᠴᠢ ᠪᠤᠴᠠᠭᠠᠭᠰᠠᠨ ᠪᠠᠶᠢᠳᠠᠯ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠢᠯᠡ ᠪᠣᠯᠭᠠᠬᠤ ᠬᠡᠷᠡᠭᠲᠡᠶ ᠁︾᠃      ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ      ᠭᠦᠢᠴᠡᠳᠬᠡᠬᠦ ᠭᠠᠵᠠᠷ᠄      ᠭᠦᠢᠴᠡᠳᠬᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠶᠢᠨ ᠾᠧ ᠵᠠᠮ ᠤᠨ ᠱᠦᠶ ᠠᠨ ᠯᠦᠩ ᠲᠢᠩ ᠪᠠᠭ᠎ᠠ ᠲᠣᠭᠤᠷᠢᠭ ᠤᠨ ᠵᠡᠭᠦᠨ ᠡᠭᠦᠳᠡᠨ ᠤ G4 ᠬᠤᠳᠠᠯᠳᠤᠭᠠᠨ ᠤ ᠲᠢᠩᠬᠢᠮ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠴᠣᠩᠬᠤ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 10 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠱᠦᠶ ᠠᠨ ᠯᠦᠩ ᠲᠢᠩ ᠥᠷᠲᠡᠭᠡᠨ ᠳᠤ ᠪᠠᠭᠤᠪᠠᠯ ᠬᠦᠷᠴᠢᠬᠡᠨ᠎ᠡ
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号