ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠠᠪᠤᠴᠠ᠄ ᠰᠦᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ ᠵᠧᠤ ᠰᠧ ᠶᠤᠸᠠᠨ ᠢ ᠲᠤᠰᠬᠠᠶᠢᠯᠠᠨ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/7/6
      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ︽ᠡᠴᠦᠰ ᠤᠨ ᠨᠢᠭᠡ ᠺᠢᠯᠣᠮᠧᠲᠷ︾ ᠮᠥᠨ᠂ ᠠᠷᠠᠳ ᠣᠯᠠᠨ ᠤ ᠠᠰᠢᠭ ᠲᠤᠰᠠ ᠲᠠᠢ ᠰᠢᠭᠤᠳ ᠬᠤᠯᠪᠣᠭᠳᠠᠵᠤ ᠪᠠᠶᠢᠳᠠᠭ᠂ ᠥᠨᠥᠳᠦᠷ ᠤᠨ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠠᠪᠤᠴᠠ︾  ᠪᠠᠷ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠡᠷᠬᠢᠨ ᠬᠢᠭᠰᠡᠨ ᠢ ᠲᠠᠨ ᠳᠤ ᠦᠵᠡᠭᠦᠯᠦᠶ᠎ᠡ᠃      ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠵᠧᠤ ᠲᠣᠪᠴᠢᠶᠠᠨ ᠳᠠᠷᠤᠭ᠎ᠠ ᠰᠠᠶᠢᠨ ᠤᠤ︖ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠶᠠᠷᠢᠯᠴᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠭᠰᠠᠨ ᠤ ᠬᠤᠪᠢ ᠳᠤ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ︖ ᠡᠭᠦᠨ ᠢ ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠤᠤ︖      ᠵᠧᠦ ᠰᠧ ᠶᠤᠸᠠᠨ᠄      ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ᠃ ᠶᠡᠭᠡ ᠶᠠᠷᠢᠯᠴᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠰᠦᠩᠱᠠᠨ ᠲᠣᠭᠤᠷᠢᠭ ᠤᠨ ᠬᠠᠤᠯᠢ ᠴᠠᠭᠠᠵᠠ ᠶᠢᠨ  ᠲᠤᠪᠴᠢᠶ᠎ᠠ ᠭᠤᠷᠪᠠᠨ ᠲᠠᠯ᠎ᠠ ᠪᠠᠷ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠪᠠᠷ ᠬᠦᠴᠦᠯᠡᠨ ᠴᠢᠷᠮᠠᠶᠢᠪᠠ᠃ ᠨᠢᠭᠡ ᠳᠤ ︽ᠰᠤᠷᠤᠯᠴᠠᠬᠤ︾ ᠳᠡᠭᠡᠷ᠎ᠡ ᠬᠦᠴᠦ ᠲᠠᠯᠪᠢᠨ᠎ᠠ᠃ ᠭᠤᠣᠯ ᠰᠡᠳᠦᠪ ᠭᠤᠣᠯ ᠰᠢᠵᠢᠮ ᠤᠨ ᠲᠣᠭᠤᠷᠢᠨ ᠳᠤ᠂ ᠪᠦᠬᠦ ᠠᠵᠢᠯᠲᠠᠳ ᠶᠡᠭᠡ ᠰᠤᠷᠤᠯᠴᠠᠯᠭ᠎ᠠ᠂ ᠶᠡᠭᠡ ᠶᠠᠷᠢᠯᠴᠠᠭ᠎ᠠ ᠶᠢ ᠥᠷᠨᠢᠭᠦᠯᠵᠦ᠂ ᠨᠡᠶᠢᠳᠡ 13 ᠤᠳᠠᠭ᠎ᠠ ᠲᠥᠪᠯᠡᠷᠡᠭᠦᠯᠦᠨ ᠰᠤᠷᠤᠯᠴᠠᠵᠤ᠂ 2 ᠤᠳᠠᠭ᠎ᠠ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠬᠡᠷᠡᠭ ᠢᠶᠠᠷ ᠥᠭᠡᠷᠡᠴᠢᠯᠡᠬᠦ ᠶᠢ 3 ᠤᠳᠠᠭ᠎ᠠ  ᠠᠬᠢᠭᠤᠯᠵᠤ᠂ 2 ᠤᠳᠠᠭ᠎ᠠ ᠰᠡᠷᠡᠮᠵᠢᠯᠡᠭᠦᠯᠬᠦ ᠬᠥᠮᠦᠵᠢᠯ ᠬᠢᠵᠦ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠶᠢ ᠦᠨᠡᠨᠬᠦ ᠪᠡᠶᠡᠯᠡᠭᠦᠯᠪᠡ᠃ ᠬᠤᠶᠠᠷ ᠲᠤ ︽ᠡᠷᠢᠬᠦ︾ ᠳᠡᠭᠡᠷ᠎ᠡ ᠬᠦᠴᠦ ᠲᠠᠯᠪᠢᠨ᠎ᠠ᠃ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠥᠷᠭᠡᠨ ᠢᠶᠠᠷ ᠡᠭᠦᠳᠡ ᠪᠠᠨ ᠨᠡᠭᠡᠭᠡᠵᠦ ᠢᠳᠬᠠᠯ ᠢ ᠬᠦᠯᠢᠶᠡᠨ ᠠᠪᠴᠤ᠂ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠨᠢᠭᠤᠷᠳᠠᠨ ᠬᠤᠷᠢᠶᠠᠨ᠎ᠠ︔ ︽ᠶᠢᠰᠦᠨ ᠪᠠᠶᠢᠬᠤ ᠡᠰᠡᠬᠦ︾ ᠲᠠᠢ ᠬᠠᠷᠢᠴᠠᠭᠤᠯᠵᠤ᠂ ᠭᠦᠨᠵᠡᠭᠡᠢ ᠰᠣᠯᠢᠯᠴᠠᠨ ᠰᠤᠳᠤᠯᠤᠨ ᠶᠠᠷᠢᠯᠴᠠᠵᠤ᠂ ᠴᠢᠩᠭ᠎ᠠ ᠬᠠᠷᠢᠴᠠᠭᠤᠯᠤᠨ ᠪᠠᠶᠢᠴᠠᠭᠠᠵᠤ᠂ ᠣᠨᠣᠪᠴᠢᠲᠠᠢ ᠡᠷᠢᠵᠦ ᠪᠦᠷᠢᠨ ᠪᠠᠶᠢᠴᠠᠭᠠᠬᠤ ᠶᠢ ᠦᠨᠡᠨᠬᠦ  ᠪᠡᠶᠡᠯᠡᠭᠦᠯᠦᠨ᠎ᠡ᠃ ᠭᠤᠷᠪᠠ ᠳᠤ ︽ᠥᠭᠡᠷᠡᠴᠢᠯᠡᠬᠦ︾ ᠳᠡᠭᠡᠷ᠎ᠡ ᠬᠦᠴᠦ ᠲᠠᠯᠪᠢᠨ᠎ᠠ᠃ ᠠᠰᠠᠭᠤᠳᠠᠯ ᠤᠨ ᠪᠡᠷᠬᠡ ᠰᠡᠳᠦᠪ ᠤᠨ ᠲᠣᠭᠤᠷᠢᠨ ᠳᠤ᠂ ᠡᠬᠡ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ 18 ᠵᠤᠷᠪᠤᠰ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠬᠠᠷᠢᠭᠤᠴᠠᠯᠭ᠎ᠠ ᠶᠢᠨ ᠲᠠᠰᠤᠭ᠂ ᠪᠡᠶᠡᠯᠡᠭᠦᠯᠬᠦ ᠴᠠᠭ ᠤᠨ ᠬᠢᠵᠠᠭᠠᠷ᠂ ᠪᠣᠳᠠᠲᠠᠶ ᠱᠠᠭᠠᠷᠳᠠᠯᠭ᠎ᠠ᠂ ᠦᠷ᠎ᠡ ᠪᠦᠲᠦᠭᠡᠯ ᠤᠨ ᠬᠡᠯᠪᠡᠷᠢ ᠶᠢ ᠵᠤᠷᠪᠤᠰ ᠳᠠᠷᠠᠭᠠᠯᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠨᠠᠷᠢᠯᠢᠭ ᠨᠠᠶᠢᠳᠠᠪᠤᠷᠢᠵᠢᠭᠤᠯᠪᠠ᠃      ᠬᠥᠲᠥᠯᠥᠭᠴᠢ᠄      ᠳᠠᠷᠠᠭᠠᠴᠢ ᠶᠢᠨ ᠠᠯᠬᠤᠮ ᠳᠤ᠂ ᠰᠦᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠥᠷᠨᠢᠭᠦᠯᠵᠦ ᠪᠠᠶᠢᠭᠠᠳ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠪᠤᠢ︖      ᠵᠧᠦ ᠰᠧ ᠶᠤᠸᠠᠨ᠄      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠡᠵᠢᠶᠡᠳᠡ ᠵᠤᠭᠰᠤᠰᠢ ᠦᠭᠡᠢ ᠪᠠᠶᠢᠳᠠᠭ᠃ ᠰᠦᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠲᠤᠰ ᠤᠳᠠᠭ᠎ᠠ ᠶᠢᠨ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠎ᠠ᠃ ᠨᠢᠭᠡ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠬᠠᠤᠯᠢ ᠪᠠᠷ ᠵᠠᠰᠠᠬᠤ ᠨᠡᠶᠢᠭᠡᠮ᠂ ᠬᠠᠤᠯᠢ ᠪᠠᠷ ᠵᠠᠰᠠᠬᠤ ᠰᠦᠩᠱᠠᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠲᠠᠪᠤᠨ ᠵᠢᠯ ᠤᠨ ᠲᠥᠯᠥᠪᠵᠢᠭᠦᠯᠭᠡ ᠪᠠ ᠣᠨ ᠤ ᠲᠥᠯᠥᠪᠯᠡᠭᠡ ᠳᠤ ᠣᠷᠣᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠢᠭᠡ ᠴᠤᠭᠴᠠᠵᠢᠭᠤᠯᠤᠨ ᠲᠦᠯᠬᠢᠨ ᠠᠬᠢᠭᠤᠯᠤᠨ᠎ᠠ᠃ ᠬᠤᠶᠠᠷ ᠲᠤ ︽ᠬᠠᠤᠯᠢ ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ ᠶᠢ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠭᠤᠣᠯᠳᠠᠯᠭ᠎ᠠ ᠪᠣᠯᠭᠠᠵᠤ᠂ ᠠᠵᠤ ᠠᠬᠤᠶᠢᠯᠠᠯ ᠤᠨ ᠬᠡᠷᠡᠭᠴᠡᠭᠡ ᠪᠠᠷ ᠭᠤᠣᠯᠯᠠᠭᠤᠯᠤᠨ᠂ ᠲᠣᠣᠷ ᠰᠦᠯᠵᠢᠶᠡᠨ ᠤ ᠮᠡᠷᠭᠡᠵᠢᠯ ᠢ ᠠᠰᠢᠭᠯᠠᠨ᠂ ᠵᠠᠬᠢᠶᠠᠯᠠᠭ᠎ᠠ ᠶᠢᠨ ᠮᠠᠶ᠋ᠢᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠥᠷᠨᠢᠭᠦᠯᠦᠨ᠎ᠡ᠃ ᠭᠤᠷᠪᠠ ᠳᠤ ︽ᠮᠢᠩᠭᠠᠨ ᠬᠠᠤᠯᠢᠴᠢ ᠶᠢ ᠲᠦᠮᠡᠨ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ ᠂ ᠠᠵᠤ ᠠᠬᠤᠶᠢᠯᠠᠯ ᠤᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢ ᠪᠠᠶᠢᠩᠭᠤᠵᠢᠭᠤᠯᠬᠤ ᠶᠢ ᠪᠡᠶᠡᠯᠡᠭᠦᠯᠦᠨ᠎ᠡ᠃ ᠲᠦᠷᠪᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ︽ᠭᠤᠷᠪᠠᠨ ᠡᠶᠡᠳᠡᠭᠦᠯᠭᠡ ᠶᠢ ᠬᠤᠯᠪᠣᠯᠳᠤᠭᠤᠯᠬᠤ︾ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠷᠠᠳ ᠤᠨ ᠡᠶᠡᠳᠡᠭᠦᠯᠭᠡ ᠶᠢᠨ ᠥᠨᠳᠥᠷ ᠪᠦᠲᠦᠮᠵᠢᠲᠡᠶ ᠪᠠᠷ ᠬᠤᠪᠢ ᠶᠢ ᠲᠣᠭᠲᠠᠭᠠᠵᠤ ᠮᠠᠷᠭᠤᠭᠠᠨ ᠢ ᠵᠣᠭᠰᠣᠭᠠᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ᠲᠠᠪᠤ ᠳᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠠᠵᠤ ᠠᠬᠤᠶᠢᠯᠠᠯ ᠤᠨ ᠰᠠᠨᠠᠯ ᠢ ᠬᠤᠷᠢᠶᠠᠬᠤ ᠶᠢ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠠᠪᠠᠯ ᠥᠩᠭᠡᠷᠡᠭᠡᠬᠦ ᠵᠢᠷᠤᠮ ᠪᠣᠯᠭᠠᠨ᠎ᠠ᠃ ᠵᠢᠷᠭᠤᠭ᠎ᠠ ᠳᠤ᠂ ᠭᠡᠷᠡᠴᠢᠯᠡᠬᠦ ᠵᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠵᠤ᠂ ᠭᠡᠷᠡᠴᠢᠯᠡᠬᠦ ᠵᠦᠢᠯᠡᠰ ᠢ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠵᠢᠷᠤᠮᠵᠢᠭᠤᠯᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠲᠤᠯᠤᠭ᠎ᠠ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠣᠬᠢᠴᠠᠭᠤᠯᠭ᠎ᠠ ᠬᠢᠨᠠᠯᠲᠠ ᠶᠢ ᠴᠢᠩᠭᠠᠳᠬᠠᠵᠤ᠂ ︽ᠬᠤᠶᠠᠷ ᠢ ᠬᠦᠩᠭᠡᠨ ᠪᠣᠯᠭᠠᠵᠤ ᠨᠢᠭᠡ ᠶᠢ ᠬᠡᠯᠲᠦᠷᠢᠭᠦᠯᠬᠦ︾ ᠨᠠᠷᠢᠨ ᠳᠠᠩᠰᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠪᠣᠯᠭᠤᠮᠵᠢᠲᠠᠢ ᠠᠪᠴᠤ᠂  ᠬᠠᠯᠠᠭᠤᠨ ᠳᠤᠯᠠᠭᠠᠨ ᠬᠠᠤᠯᠢ ᠬᠡᠷᠡᠭᠵᠢᠭᠦᠯᠦᠯᠲᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ︽ᠰᠠᠶᠢᠵᠢᠷᠠᠬᠤ︾ ᠳᠤ ᠬᠦᠴᠦ ᠨᠡᠮᠡᠷᠢᠯᠡᠨ᠎ᠡ ᠃ ᠶᠡᠷᠦᠩᠬᠡᠶᠢᠯᠡᠪᠡᠯ᠂ ᠰᠦᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠬᠢ ᠪᠠᠨ ᠴᠢᠨᠠᠭᠰᠢᠳᠠ ᠪᠠᠳᠠᠷᠠᠭᠤᠯᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ ᠰᠠᠶᠢᠨ ᠶᠠᠪᠤᠳᠠᠯ ᠬᠢᠬᠦ ᠂ ᠪᠣᠳᠠᠲᠠᠢ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ᠰᠦᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃         
 
ᠢᠷᠡᠯᠲᠡ᠄ ᠰᠦᠩ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号