ᠤᠢᠢᠷ᠎ᠠ ᠶᠢᠨ ᠵᠢᠯ ᠠᠴᠠ᠂ ᠬᠠᠷᠠᠲᠤᠬᠤᠢ ᠪᠠᠯᠭᠠᠰᠤ ᠢᠮᠠᠭᠲᠠ ᠠᠵᠤ ᠦᠢᠯᠡᠰ ᠤᠨ ᠬᠥᠭᠵᠢᠯᠲᠡ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠤᠳᠤ ᠦᠶ᠎ᠡ ᠶᠢᠨ | ᠲᠦᠬᠦᠭᠡᠷᠦᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠪᠡ᠃ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ | ᠲᠣᠭᠤᠷᠢᠭ ᠨᠢ ︽ᠵᠠᠰᠠᠭ ᠤᠨ ᠣᠷᠳᠣᠨ ᠤ ᠪᠠᠯᠠ ᠣᠷᠣᠭᠤᠯᠤᠯᠲᠠ + ᠨᠡᠶᠢᠭᠡᠮ ᠤᠨ ᠬᠥᠷᠥᠩᠭᠡ + ᠲᠠᠷᠢᠶᠠᠴᠢᠨ | ᠡᠷᠦᠬᠡ ᠣᠷᠣᠯᠴᠠᠬᠤ︾ ᠠᠷᠭ᠎ᠠ ᠮᠠᠶ᠋ᠢᠭ ᠢ ᠠᠪᠴᠤ᠂ ᠥᠷᠢᠰᠦᠯᠳᠦᠬᠦ ᠬᠦᠴᠦᠨ ᠢᠶᠠᠷ ᠴᠢᠩᠭ᠎ᠠ ︽ᠢᠳᠡᠰᠢᠨ | ᠨᠣᠭᠤᠭ᠎ᠠ︾ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠰᠠᠭᠤᠷᠢᠨ ᠭᠠᠵᠠᠷ ᠢ ᠪᠠᠶᠢᠭᠤᠯᠬᠤ ᠶᠢᠨ ᠬᠠᠮᠲᠤ᠂ | ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ | ᠣᠶᠢᠷ᠎ᠠ ᠶᠢᠨ ᠵᠢᠯ ᠳᠤ᠂ ᠬᠠᠷᠠᠲᠤᠬᠤᠢ ᠪᠠᠯᠭᠠᠰᠤ ︽ᠲᠥᠪᠯᠡᠷᠡᠭᠦᠯᠬᠦ᠂ ᠴᠤᠭᠯᠠᠷᠠᠭᠤᠯᠬᠤ᠂ ᠡᠷᠴᠢᠮᠵᠢᠭᠦᠯᠬᠦ︾ | ᠬᠥᠭᠵᠢᠯᠲᠡ ᠶᠢᠨ ᠣᠨᠣᠯᠵᠢᠬᠤᠨ ᠶᠣᠰᠣᠭᠠᠷ᠂ ᠲᠠᠷᠢᠶᠠᠯᠠᠩ ᠮᠠᠯ ᠠᠵᠤ ᠠᠬᠤᠶ᠂ ᠶᠠᠳᠠᠭᠤ ᠶᠢ ᠲᠡᠳᠬᠦᠬᠦ᠂ | ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠤᠨ ᠲᠥᠷᠥᠯ ᠵᠦᠢᠯ ᠤᠨ ᠪᠠᠯᠠ ᠮᠥᠩᠭᠦ ᠶᠢ ᠡᠮᠬᠢᠯᠡᠨ | ᠨᠡᠶᠢᠯᠡᠭᠦᠯᠵᠦ᠂ ᠸᠠᠩ ᠵᠢᠶᠠ ᠳ᠋ᠢ ᠶᠢᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠨ | ᠣᠷᠣᠭᠤᠯᠵᠤ᠂ ᠨᠢᠭᠡ ᠪᠦᠯᠦᠭ ᠰᠢᠨ᠎ᠡ ᠬᠡᠯᠪᠡᠷᠢ ᠶᠢᠨ ᠡᠨᠧᠷᠭᠢ ᠬᠤᠷᠠᠮᠳᠤᠭᠤᠯᠬᠤ ᠳᠤᠯᠠᠭᠠᠨ ᠫᠧᠩ ᠪᠠ ᠬᠦᠢᠲᠡᠨ | ᠫᠧᠩ ᠪᠥᠲᠥᠭᠡᠨ ᠪᠠᠶᠢᠭᠤᠯᠵᠤ᠂ ᠤᠰᠤ᠂ ᠴᠠᠬᠢᠯᠭᠠᠨ᠂ ᠵᠠᠮ ᠵᠡᠷᠭᠡ ᠢᠵᠢ ᠪᠥᠷᠢᠳᠦᠭᠦᠯᠬᠦ ᠲᠥᠬᠦᠭᠡᠷᠦᠮᠵᠢ ᠶᠢ | ᠵᠡᠷᠭᠡ ᠪᠠᠷ ᠪᠥᠲᠥᠭᠡᠨ ᠪᠠᠶᠢᠭᠤᠯᠪᠠ᠃ ᠲᠣᠮᠣ ᠫᠧᠩ ᠪᠠᠷᠢᠵᠤ ᠳᠠᠭᠤᠰᠤᠭᠰᠠᠨ ᠤ ᠳᠠᠷᠠᠭ᠎ᠠ ᠪᠠᠯᠭᠠᠰᠤᠨ ᠤ ᠵᠠᠰᠠᠭ ᠤᠨ | ᠣᠷᠳᠣᠨ ᠠᠴᠠ ᠨᠢᠭᠡᠳᠦᠯᠲᠡᠶ ᠲᠥᠯᠥᠪᠯᠡᠨ ᠬᠠᠮᠢᠶᠠᠷᠴᠤ᠂ ᠨᠢᠭᠡᠳᠦᠯᠲᠡᠶ ᠳᠠᠭᠠᠭᠠᠴᠢᠯᠠᠨ ᠲᠦᠷᠢᠶᠡᠰᠦᠯᠡᠭᠦᠯᠵᠦ᠂ ᠪᠠᠯᠠ | ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢᠨ 5% ᠪᠠᠷ ᠠᠰᠢᠭ ᠣᠷᠣᠯᠭ᠎ᠠ ᠶᠢᠨ ᠮᠥᠩᠭᠦ ᠬᠤᠷᠢᠶᠠᠵᠤ᠂ 10 | ᠲᠣᠰᠬᠤᠨ ᠳᠤ ᠬᠤᠪᠢᠶᠠᠨ ᠥᠭᠴᠦ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠣᠯᠭᠠᠨ᠎ᠠ᠃ ᠡᠨᠡᠬᠦ ᠰᠠᠭᠤᠷᠢᠨ | ᠳᠡᠭᠡᠷ᠎ᠡ᠂ ᠨᠡᠶᠢᠭᠡᠮ ᠤᠨ ᠬᠦᠷᠦᠩᠬᠡ ᠶᠢᠨ ᠪᠡᠯᠡ ᠣᠷᠣᠭᠤᠯᠤᠯᠲᠠ ᠶᠢ ᠲᠠᠶᠢᠴᠢᠯᠠᠵᠤ᠂ ᠪᠣᠳᠠᠲᠤ ᠬᠦᠴᠦᠨ ᠲᠠᠢ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ ᠬᠦᠷᠢᠶᠡᠯᠡᠩ ᠲᠣᠭᠤᠷᠢᠭ ᠲᠤ ᠣᠷᠣᠭᠤᠯᠤᠨ ᠦᠢᠯᠡᠳᠪᠦᠷᠢᠯᠡᠯ ᠡᠵᠡᠩᠨᠡᠯᠲᠡ | ᠬᠢᠯᠭᠡᠵᠦ᠂ ᠲᠠᠷᠢᠮᠠᠯ ᠤᠨ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠠᠰᠢᠭ ᠣᠯᠵᠠᠪᠤᠷᠢ ᠤᠯᠬᠤ ᠪᠠ | ᠲᠠᠷᠢᠶᠠᠴᠢᠳ ᠤᠨ ᠠᠵᠢᠯ ᠬᠥᠳᠡᠯᠮᠦᠷᠢ ᠬᠢᠬᠦ ᠶᠢᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ ᠣᠳᠣᠬᠠᠨ ᠳᠤ | ᠬᠦᠯᠡᠮᠵᠢ ᠶᠢᠨ ᠲᠠᠷᠢᠮᠠᠯ ᠨᠢ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠲᠤᠯᠭᠠᠭᠤᠷᠢ ᠠᠵᠤ | ᠦᠢᠯᠡᠰ ᠪᠣᠯᠤᠭᠰᠠᠨ ᠪᠠᠶᠢᠨ᠎ᠠ᠃ |