ᠰᠦᠩᠱᠠᠨ ᠲᠣᠭᠤᠷᠢᠭ ᠠᠯᠠᠰᠢᠨ ᠦᠬᠡᠷ ᠤᠨ ᠮᠡᠷᠭᠡᠵᠢᠯ ᠤᠨ ᠦᠢᠯᠡᠴᠢᠯᠡᠭᠡᠨ ᠤ ᠲᠤᠯᠭᠠᠭᠤᠷᠢᠯᠠᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2022/8/16
      ᠨᠢᠭᠡ ᠳᠤ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠪᠦᠳᠦᠭᠦᠯᠢᠭ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠬᠤᠪᠢᠷᠠᠭᠤᠯᠤᠨ᠂ ᠬᠠᠰᠢᠶᠠᠯᠠᠨ ᠲᠡᠵᠢᠭᠡᠵᠦ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠲᠡᠵᠢᠭᠡᠨ ᠦᠷᠡᠵᠢᠭᠦᠯᠬᠦ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ︔      ᠬᠤᠶᠠᠷ ᠲᠤ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠮᠧᠨ᠋ᠲ᠋ᠠᠷ ᠵᠡᠷᠭᠡ ᠴᠢᠨᠠᠷ ᠰᠠᠶᠢᠲᠠᠶ ᠥᠨᠳᠥᠷ ᠤᠨᠠᠯᠲᠠ ᠲᠠᠢ ᠠᠯᠠᠰᠢᠨ ᠦᠬᠡᠷ ᠤᠨ ᠢᠴᠡᠭᠡᠯ ᠦᠷ᠎ᠡ ᠶᠢ ᠳᠡᠯᠭᠡᠷᠡᠭᠦᠯᠦᠨ᠂ ᠰᠢᠯᠢᠳᠡᠭ ᠰᠠᠭᠤᠷᠢ ᠡᠬᠡ ᠮᠠᠯ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢᠨ ᠣᠷᠣᠯᠠᠬᠤ ᠬᠢᠷᠢ ᠬᠡᠮᠵᠢᠶ᠎ᠡ ᠶᠢ ᠢᠵᠢ ᠪᠥᠷᠢᠳᠦᠭᠦᠯᠦᠨ ᠳᠡᠯᠭᠡᠷᠡᠭᠦᠯᠵᠦ᠂ ᠠᠯᠠᠰᠢᠨ ᠦᠬᠡᠷ ᠤᠨ ᠭᠠᠷ ᠬᠡᠭᠡᠯᠲᠦᠭᠦᠯᠭᠡ ᠶᠢᠨ ᠬᠦᠢᠲᠡᠨ ᠬᠡᠭᠡᠯᠲᠦᠭᠦᠯᠭᠡ ᠶᠢᠨ ᠰᠠᠶᠢᠵᠢᠷᠠᠭᠤᠯᠤᠯᠲᠠ ᠶᠢᠨ ᠪᠥᠬᠦ ᠲᠤᠭᠤᠷᠢᠭ ᠢ ᠬᠠᠮᠤᠷᠬᠤ ᠶᠢ ᠪᠠᠲᠤᠯᠠᠵᠤ᠂ ᠠᠯᠠᠰᠢᠨ ᠦᠬᠡᠷ ᠤᠨ ᠭᠠᠷᠭᠠᠯᠲᠠ ᠶᠢᠨ ᠬᠠᠷᠢᠴᠠᠯ ᠢ ᠲᠦᠷᠭᠡᠳᠬᠡᠨ᠂ ᠡᠭᠦᠯᠳᠡᠷ ᠰᠠᠶᠢᠵᠢᠷᠠᠭᠤᠯᠬᠤ ᠦᠷ᠎ᠡ ᠠᠰᠢᠭ ᠢ ᠳᠡᠭᠡᠭᠰᠢᠯᠡᠭᠦᠯᠦᠨ᠎ᠡ︔      ᠭᠤᠷᠪᠠ ᠳᠤ ᠡᠪᠡᠰᠦ ᠪᠣᠷᠳᠤᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠡᠵᠢᠭᠡᠯ ᠪᠣᠷᠳᠤᠭ᠎ᠠ ᠶᠢ ᠡᠳ᠋ᠰᠢᠭᠦᠯᠦᠨ ᠨᠠᠶᠢᠷᠠᠭᠤᠯᠬᠤ ᠮᠡᠷᠭᠡᠵᠢᠯ ᠢ ᠳᠡᠯᠭᠡᠷᠡᠭᠦᠯᠵᠦ᠂ ︽ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ︾ ᠲᠡᠵᠢᠭᠡᠯ ᠡᠪᠡᠰᠦ ᠪᠣᠷᠳᠣᠭᠠᠨ ᠤ ᠲᠤᠯᠭᠠᠭᠤᠷᠢᠯᠠᠯ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠡᠰᠢ ᠰᠦᠷᠡᠯ ᠵᠡᠷᠭᠡ ᠲᠠᠷᠢᠶᠠᠯᠠᠩ ᠲᠤᠰᠠᠯᠠᠬᠤ ᠠᠵᠤ ᠠᠬᠤᠶ ᠶᠢᠨ ᠡᠬᠢ ᠪᠠᠶᠠᠯᠢᠭ ᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠬᠦᠷᠡᠩ ᠴᠠᠷᠭᠠᠰᠤ ᠵᠡᠷᠭᠡ ᠴᠢᠨᠠᠷ ᠰᠠᠶᠢᠲᠠᠶ ᠪᠦᠳᠦᠭᠦᠯᠢᠭ ᠪᠣᠷᠳᠤᠭ᠎ᠠ ᠳᠠᠷᠢᠬᠤ ᠶᠢ ᠢᠳᠡᠪᠬᠢᠲᠡᠶ ᠳᠡᠯᠭᠡᠷᠡᠭᠦᠯᠵᠦ᠂ ᠡᠰᠢ ᠰᠦᠷᠡᠯ ᠢ ᠨᠣᠭᠤᠭᠠᠨ ᠳᠠᠷᠤᠰᠢᠭᠤᠯᠬᠤ ᠵᠡᠷᠭᠡ ᠡᠳ᠋ᠰᠢᠭᠦᠯᠦᠨ ᠬᠤᠪᠢᠷᠠᠭᠤᠯᠬᠤ ᠮᠡᠷᠭᠡᠵᠢᠯ ᠢ ᠳᠡᠯᠭᠡᠷᠡᠭᠦᠯᠵᠦ᠂ TMR ᠲᠠᠢ ᠬᠤᠨᠤᠭ ᠤᠨ ᠲᠡᠵᠢᠭᠡᠯ ᠪᠣᠷᠳᠤᠭ᠎ᠠ ᠶᠢ ᠪᠦᠷᠢᠨ ᠬᠤᠯᠢᠯᠳᠤᠭᠤᠯᠤᠨ ᠲᠡᠵᠢᠭᠡᠬᠦ ᠮᠡᠷᠭᠡᠵᠢᠯ ᠢ ᠳᠡᠯᠭᠡᠷᠡᠭᠦᠯᠦᠨ᠂ ᠠᠯᠠᠰᠢᠨ ᠦᠬᠡᠷ ᠢ ᠨᠠᠷᠢᠯᠢᠭ ᠠᠷᠠᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔      ᠲᠦᠷᠪᠡ ᠳᠤ ᠬᠢᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠮᠡᠷᠭᠡᠵᠢᠯ ᠢ ᠳᠡᠯᠭᠡᠷᠡᠭᠦᠯᠵᠦ᠂ ᠬᠢᠵᠢᠭ ᠢ ᠰᠡᠷᠭᠡᠶᠢᠯᠡᠬᠦ ᠪᠣᠭᠤᠮᠲᠠ ᠶᠢ ᠴᠢᠩᠭ᠎ᠠ ᠠᠳᠬᠤᠵᠤ᠂ ᠰᠡᠷᠭᠡᠶᠢᠯᠡᠬᠦ ᠪᠠᠷ ᠭᠤᠣᠯ ᠪᠣᠯᠭᠠᠭᠰᠠᠨ ᠬᠢᠵᠢᠭ ᠢ ᠰᠡᠷᠭᠡᠶᠢᠯᠡᠨ ᠡᠪᠡᠳᠴᠢᠨ ᠢ ᠤᠰᠠᠳᠬᠠᠬᠤ ᠴᠢᠭᠯᠡᠯᠲᠡ ᠶᠢ ᠪᠠᠷᠢᠮᠲᠠᠯᠠᠨ᠂ ᠲᠣᠭᠤᠷᠢᠭ᠂ ᠰᠢᠶᠠᠩ᠂ ᠲᠤᠰᠬᠤᠨ ᠭᠤᠷᠪᠠᠨ ᠱᠠᠲᠤᠨ ᠤ ᠠᠮᠢᠳᠠᠨ ᠤ ᠬᠢᠵᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠯᠠᠰᠢᠨ ᠦᠬᠡᠷ ᠤᠨ ᠬᠢᠵᠢᠭ ᠢ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠣᠷᠣᠨ ᠪᠦᠰᠡ ᠶᠢᠨ ᠴᠢᠨᠠᠷᠲᠠᠶ ᠬᠦᠨᠳᠦ ᠶᠡᠭᠡ ᠠᠮᠢᠳᠠᠨ ᠤ ᠬᠢᠵᠢᠭ ᠤᠨ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠯᠠᠰᠢᠨ ᠦᠬᠡᠷ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠲᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号