ᠵᠥᠩ ᠴᠢᠩ ᠰᠥᠩ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/16
      8 ᠰᠠᠷ᠎ᠠ ᠶᠢᠨ 13 ᠤ ᠥᠷᠯᠥᠭᠡ᠂ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ  ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠦᠩ ᠴᠢᠩ ᠰᠦᠩ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠦ᠋ ᠴᠢᠶᠠᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠥᠩ ᠳ᠋ᠡ ᠹᠦ᠋ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
E:\20210708蒙古文网站工作\蒙古文网站工作\赤峰市松山区人民政府文件翻译\2微信公众号\2022年\591钟青松调研督导创建全国文明城市工作\c728491675d5de6063c0180d38dce370.jpg      ᠨᠡᠩ ᠰᠢᠭᠤᠳ ᠢᠯᠡᠷᠡᠭᠦᠯᠵᠦ᠂ ᠣᠳᠣᠬᠠᠨ ᠤ ᠬᠤᠳᠠ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ
ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠵᠦᠩ ᠴᠢᠩ ᠰᠦᠩ ᠬᠠᠮᠲᠤ ᠪᠠᠷ ᠡᠳ᠋ᠯᠡᠬᠦ ᠳᠤᠭᠤᠢ ᠲᠡᠷᠭᠡ ᠪᠠᠷ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ᠂ ᠡᠦ ᠽᠧ ᠪᠠᠭ᠎ᠠ ᠲᠣᠭᠤᠷᠢᠭ᠂ ᠲᠡᠮᠦᠷᠯᠢᠭ ᠤᠨ ᠮᠠᠰᠢᠨ ᠴᠠᠬᠢᠯᠭᠠᠨ ᠤ ᠬᠤᠳᠠ᠂ ᠤᠬᠢᠶᠠᠯᠭ᠎ᠠ ᠶᠢᠨ ᠵᠠᠬ᠎ᠠ ᠳᠡᠯᠭᠡᠭᠦᠷ ᠵᠡᠷᠭᠡ ᠭᠠᠵᠠᠷ ᠢᠶᠠᠷ ᠠᠶᠠᠯᠠᠨ ᠶᠠᠪᠤᠵᠤ᠂ ᠠᠰᠠᠭᠤᠳᠠᠯ ᠢ  ᠢᠯᠡᠷᠡᠭᠦᠯᠪᠡᠯ ᠳᠠᠷᠤᠢ ᠳᠤ ᠨᠢ ᠵᠣᠭᠰᠣᠪᠠ᠃      ᠵᠦᠩ ᠴᠢᠩ ᠰᠦᠩ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠵᠤᠷᠪᠤᠰ ᠳᠠᠷᠠᠭᠠᠯᠠᠨ ᠵᠠᠳᠠᠯᠵᠤ᠂ ᠬᠥᠮᠦᠨ ᠳᠤ ᠨᠠᠶᠢᠳᠠᠪᠤᠷᠢᠵᠢᠭᠤᠯᠤᠨ᠂ ᠬᠥᠮᠦᠨ ᠤ ᠬᠦᠴᠦᠨ᠂ ᠪᠣᠳᠠᠰ ᠤᠨ ᠬᠦᠴᠦᠨ ᠢ ᠲᠥᠪᠯᠡᠷᠡᠭᠦᠯᠵᠦ᠂ ᠠᠰᠠᠭᠤᠳᠠᠯ ᠳᠤ ᠬᠠᠨᠳᠤᠵᠤ᠂ ᠠᠰᠠᠭᠤᠳᠠᠯ ᠢ ᠠᠩᠬᠠᠷᠤᠨ ᠥᠭᠡᠷᠡᠴᠢᠯᠡᠵᠦ᠂ ᠭᠤᠣᠯᠳᠠᠯᠭ᠎ᠠ ᠲᠠᠢ ᠠᠰᠠᠭᠤᠳᠠᠯ ᠢ ᠢᠯᠡᠷᠡᠭᠦᠯᠪᠡᠯ ᠨᠢᠭᠡ ᠶᠢ ᠰᠢᠢᠳᠪᠦᠷᠢᠯᠡᠬᠦ ᠶᠢ ᠪᠠᠲᠤᠯᠠᠵᠤ᠂ ᠡᠭᠦᠳᠦᠨ ᠪᠠᠶᠢᠭᠤᠯᠬᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠨᠡᠭᠡᠭᠡᠯᠲᠡᠲᠦ ᠮᠠᠶ᠋ᠢᠭ ᠤᠨ ᠪᠠᠭ᠎ᠠ ᠲᠣᠭᠤᠷᠢᠭ ᠤᠨ ᠬᠠᠮᠢᠶᠠᠷᠤᠯᠲᠠ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠣᠳᠠᠲᠤ ᠪᠠᠶᠢᠳᠠᠯ ᠢ ᠦᠨᠳᠦᠰᠦᠯᠡᠨ ᠲᠡᠷᠭᠡ ᠵᠣᠭᠰᠣᠬᠤ ᠪᠠᠶᠢᠷᠢ ᠶᠢ ᠲᠥᠯᠥᠪᠵᠢᠭᠦᠯᠵᠦ᠂ ᠵᠠᠮ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠮᠥᠷᠲᠡᠭᠡᠨ ᠪᠠᠰᠠ ᠤᠯᠠᠨ ᠲᠦᠮᠡᠨ ᠤ ᠶᠠᠪᠤᠵᠤ ᠰᠠᠭᠤᠬᠤ ᠳᠤ ᠲᠦᠭᠦᠮ ᠪᠠᠶᠢᠬᠤ ᠶᠢ ᠪᠠᠲᠤᠯᠠᠬᠤ ᠬᠡᠷᠡᠭᠲᠡᠢ︔ ᠡᠪᠳᠡᠷᠬᠡᠶ ᠵᠠᠷ ᠤᠨ ᠫᠠᠶᠢᠰᠠ ᠶᠢ ᠴᠠᠭ ᠲᠤᠬᠠᠶ ᠳᠤᠨᠢ ᠰᠣᠯᠢᠵᠤ᠂ ᠵᠡᠭᠡᠯᠢ ᠭᠤᠳᠤᠮᠵᠢ ᠶᠢᠨ ᠬᠤᠭ ᠨᠣᠪᠰᠢ ᠪᠠ ᠡᠯᠳᠡᠪ ᠶᠠᠭᠤᠮ᠎ᠠ ᠶᠢ ᠴᠡᠪᠡᠷᠯᠡᠵᠦ᠂ ︽ᠠᠭᠠᠷ ᠤᠨ ᠨᠢᠰᠦᠯᠲᠡ ᠱᠤᠭᠤᠮ︾ ︽ᠬᠤᠲᠠ ᠶᠢᠨ ᠦᠬᠡᠷ ᠢᠯᠢᠳᠦ︾ ᠵᠡᠷᠭᠡ ᠶᠢ ᠪᠦᠲᠦᠮᠵᠢᠲᠡᠶ ᠴᠡᠭᠴᠡᠯᠡᠨ ᠵᠠᠰᠠᠬᠤ ᠬᠡᠷᠡᠭᠲᠡᠶ︔ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠴᠡᠪᠡᠷ ᠲᠡᠭᠰᠢ᠂ ᠵᠠᠮ ᠨᠡᠪᠲᠡᠷᠡᠯᠭᠡ ᠶᠢᠨ ᠰᠠᠭᠠᠳ ᠦᠭᠡᠢ᠂ ᠠᠮᠤᠷ ᠲᠦᠪᠰᠢᠨ ᠤ ᠰᠠᠶᠢᠨ ᠪᠠᠶᠢᠬᠤ ᠶᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷ ᠢ ᠦᠨᠡᠨ ᠬᠦ ᠠᠷᠠᠳ ᠲᠤ ᠲᠦᠬᠦᠮ ᠦᠵᠡᠭᠦᠯᠬᠦ᠂ ᠠᠷᠠᠳ ᠲᠤ ᠠᠰᠢᠭᠲᠠᠶ ᠪᠠᠶᠢᠯᠭᠠᠬᠤ᠂ ᠠᠷᠠᠳ ᠲᠤ ᠠᠰᠢᠭ ᠬᠦᠷᠲᠡᠭᠡᠬᠦ ᠪᠣᠯᠭᠠᠬᠤ ᠬᠡᠷᠡᠭᠲᠡᠶ᠃ ᠪᠠᠶᠢᠴᠠᠭᠠᠯᠲᠠ ᠶᠢ ᠱᠠᠯᠠᠪᠳᠠᠨ ᠤᠭᠲᠤᠬᠤ ᠶᠢ ᠡᠷᠡᠰ ᠰᠡᠷᠭᠡᠶᠢᠯᠡᠵᠦ᠂ ᠨᠢᠭᠤᠷ ᠲᠠᠯ᠎ᠠ ᠶᠢᠨ ᠢᠨᠵᠧᠨᠧᠷᠢᠩ ᠢ ᠡᠷᠡᠰ ᠬᠤᠷᠢᠭᠯᠠᠵᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ︽ᠥᠨᠥᠳᠦᠷ ᠤᠨ ᠰᠥᠩᠱᠠᠨ︾ ᠨᠡᠶᠢᠲᠡ ᠶᠢᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09000577号