8 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠠᠵᠤ ᠦᠢᠯᠡᠰ ᠤᠨ ᠠᠵᠢᠯᠴᠢᠨ ᠤ | ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ | ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠹᠦ᠋ ᠴᠢᠶᠠᠩ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠰᠦᠨ ᠵᠧᠨ ᠬᠠᠶ ᠬᠤᠷᠠᠯ ᠢ ᠡᠷᠭᠢᠯᠡᠪᠡ᠃ | ᠹᠦ᠋ ᠴᠢᠶᠠᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠥᠭᠡᠷᠡᠴᠢᠯᠡᠯᠲᠡ ᠶᠢᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ | ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠴᠢᠬᠤᠯᠠ ᠴᠢᠨᠠᠷ ᠤᠨ | ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ | ᠥᠭᠡᠷᠡᠴᠢᠯᠡᠯᠲᠡ ᠶᠢ ᠠᠬᠢᠭᠤᠯᠬᠤ ᠪᠣᠯ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠶᠢᠨ ᠵᠠᠶᠢᠯᠠᠰᠢ ᠦᠭᠡᠢ | ᠬᠡᠷᠡᠭᠴᠡᠭᠡ ᠮᠥᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ | ᠬᠡᠷᠡᠭᠴᠡᠭᠡ ᠮᠥᠨ᠂ ᠠᠵᠤ ᠦᠢᠯᠡᠰ ᠤᠨ ᠠᠵᠢᠯᠴᠢᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ | ᠵᠠᠶᠢᠯᠠᠰᠢ ᠦᠭᠡᠢ ᠬᠡᠷᠡᠭᠴᠡᠭᠡ ᠮᠥᠨ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠬᠡᠪ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠠᠵᠢᠯᠴᠢᠨ ᠤ ᠬᠥᠭᠵᠢᠯᠲᠡ ᠶᠢᠨ ᠡᠷᠬᠡ ᠠᠰᠢᠭ ᠢ ᠬᠠᠮᠠᠭᠠᠯᠠᠬᠤ | ᠬᠡᠷᠡᠭᠲᠡᠢ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠰᠦᠩᠱᠠᠨ ᠲᠣᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠵᠤ | ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠤᠨ ᠡᠯ᠎ᠡ | ᠵᠦᠢᠯ ᠤᠨ ᠡᠭᠦᠷᠭᠡ ᠶᠢ ᠲᠣᠳᠣᠷᠬᠠᠶᠢᠯᠠᠵᠤ᠂ ᠬᠥᠳᠡᠯᠮᠦᠷᠢ ᠢᠷᠠᠭᠤ ᠠᠯᠳᠠᠷᠲᠠᠢ᠂ ᠤᠷ᠎ᠠ ᠴᠢᠳᠠᠪᠤᠷᠢ ᠡᠷᠬᠢᠮ ᠨᠠᠨᠳᠢᠨ᠂ | ᠡᠭᠦᠳᠦᠨ ᠪᠦᠲᠦᠭᠡᠯᠲᠡ ᠠᠭᠤᠤ ᠶᠡᠭᠡ ᠴᠠᠭ ᠦᠶ᠎ᠡ ᠶᠢᠨ ᠬᠡᠪ ᠰᠤᠷᠲᠠᠯ ᠢ ᠪᠦᠬᠦ ᠲᠠᠯ᠎ᠠ ᠪᠠᠷ ᠪᠤᠢ ᠪᠣᠯᠭᠠᠵᠤ᠂ | ᠬᠦᠰᠡᠯᠡᠩ ᠲᠠᠢ ᠢᠲᠡᠭᠡᠯ ᠪᠢᠰᠢᠷᠡᠯ ᠲᠠᠢ᠂ ᠮᠡᠷᠭᠡᠵᠢᠯ ᠲᠠᠢ ᠰᠢᠨ᠎ᠡ ᠶᠢ ᠡᠭᠦᠳᠴᠦ ᠴᠢᠳᠠᠬᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠬᠦ ᠶᠢ ᠡᠷᠬᠢᠮᠯᠡᠳᠡᠭ ᠠᠵᠤ ᠦᠢᠯᠡᠰ ᠤᠨ ᠠᠵᠢᠯᠴᠢᠨ ᠤ | ᠡᠩᠨᠡᠭᠡ ᠶᠢ ᠪᠤᠢ ᠪᠣᠯᠭᠠᠬᠤ ᠬᠡᠷᠡᠭᠲᠡᠢ᠃ ᠭᠤᠣᠯ ᠭᠤᠣᠯᠳᠠᠯᠭ᠎ᠠ ᠶᠢ ᠡᠵᠡᠮᠳᠡᠵᠦ᠂ ᠠᠵᠤ ᠦᠢᠯᠡᠰ ᠤᠨ ᠠᠵᠢᠯᠴᠢᠨ ᠤ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ | ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠲᠦᠷᠢᠮ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠲᠣᠭᠲᠠᠴᠠ ᠶᠢ ᠪᠦᠷᠢᠨᠰᠢᠬᠦᠯᠵᠤ᠂ ᠠᠵᠤ ᠦᠢᠯᠡᠰ ᠤᠨ ᠠᠵᠢᠯᠴᠢᠨ ᠤ ᠲᠤᠬᠠᠶᠢᠯᠠᠭᠰᠠᠨ ᠠᠵᠢᠯ ᠢᠶᠠᠨ | ᠮᠡᠳᠡᠷᠡᠬᠦ ᠪᠠ ᠬᠠᠶᠢᠷᠠᠯᠠᠬᠤ ᠰᠡᠳᠬᠢᠯᠭᠡ ᠶᠢ ᠬᠦᠳᠦᠯᠦᠨ ᠵᠢᠯᠣᠭᠤᠳᠬᠤ ᠪᠠ ᠴᠢᠩᠭᠠᠳᠬᠠᠬᠤ ᠬᠡᠷᠡᠭᠲᠡᠢ᠃ | ᠥᠭᠡᠷᠡᠴᠢᠯᠡᠯᠲᠡ ᠶᠢᠨ ᠭᠤᠣᠯᠳᠠᠯᠭ᠎ᠠ ᠶᠢ ᠠᠳᠬᠤᠵᠤ᠂ ᠠᠵᠤ ᠦᠢᠯᠡᠰ ᠤᠨ ᠠᠵᠢᠯᠴᠢᠨ ᠤ ᠮᠡᠷᠭᠡᠵᠢᠯ ᠤᠷ᠎ᠠ | ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠵᠤ ᠦᠢᠯᠡᠰ ᠤᠨ ᠠᠵᠢᠯᠴᠢᠨ ᠳᠤ ᠨᠡᠩ | ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ᠃ | ᠹᠦ᠋ ᠴᠢᠶᠠᠩ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ | ᠥᠭᠡᠷᠡᠴᠢᠯᠡᠯᠲᠡ ᠶᠢ ᠠᠬᠢᠭᠤᠯᠬᠤ ᠪᠣᠯ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠪᠠᠰᠠ ᠴᠤ | ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠯ᠎ᠡ ᠪᠦᠷᠢᠯᠳᠦᠬᠦᠨ ᠨᠢᠭᠡᠴᠡ ᠶᠢᠨ ᠬᠢᠨ ᠬᠠᠷᠢᠭᠤᠴᠠᠯᠭ᠎ᠠ ᠪᠠᠨ ᠤᠯᠠᠮ | ᠴᠢᠨᠠᠭᠰᠢᠳᠠ ᠪᠠᠲᠤᠳᠬᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠦᠬᠦ | ᠲᠤᠭᠤᠷᠢᠭ ᠤᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠢ | ᠪᠣᠳᠠᠲᠠᠢ ᠠᠳᠬᠤᠵᠤ᠂ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠪᠦᠬᠦ ᠲᠤᠭᠤᠷᠢᠭ ᠵᠢᠴᠢ ᠡᠯ᠎ᠡ ᠪᠦᠷᠢᠯᠳᠦᠬᠦᠨ ᠨᠢᠭᠡᠴᠡ ᠶᠢᠨ ᠠᠵᠤ ᠦᠢᠯᠡᠰ ᠤᠨ ᠠᠵᠢᠯᠴᠢᠨ ᠤ | ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ |